2020 ᠣᠨ ᠤ ᠪᠥᠬᠦ ᠣᠷᠣᠨ ᠤ《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠳᠤᠮᠳᠠᠳᠤ ᠤᠯᠤᠰ  ᠤᠨ ᠬᠡᠪ ᠨᠠᠮᠪᠠ ᠲᠠᠢ ᠳᠤᠮᠳᠠᠳᠤ ᠤᠯᠤᠰ ᠤᠨ ᠣᠮᠤᠭ  ᠰᠦᠷ ᠲᠠᠢ ᠬᠠᠭᠤᠴᠢ ᠰᠤᠳᠤᠯᠤᠯ ᠢ ᠪᠥᠲᠥᠭᠡᠨ ᠪᠠᠶᠢᠭᠤᠯᠬᠤ 》ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠬᠥᠬᠡᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2020/12/30
     12 ᠳ᠋ᠤᠭᠠᠷ ᠰᠠᠷ᠎ᠠ ᠶᠢᠨ 25   ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠬᠠᠮᠲᠤᠷᠠᠨ ᠡᠷᠭᠢᠯᠡᠭᠰᠡᠨ 2020 ᠣᠨ ᠤ ᠪᠥᠬᠦ ᠣᠷᠣᠨ ᠤ《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠳᠤᠮᠳᠠᠳᠤ ᠤᠯᠤᠰ ᠤᠨ ᠬᠡᠪ ᠨᠠᠮᠪᠠ ᠲᠠᠢ ᠳᠤᠮᠳᠠᠳᠤ ᠤᠯᠤᠰ ᠤᠨ ᠣᠮᠤᠭ ᠰᠦᠷ ᠲᠠᠢ ᠬᠠᠭᠤᠴᠢ ᠰᠤᠳᠤᠯᠤᠯ ᠢ ᠪᠦᠲᠦᠭᠡᠨ ᠪᠠᠶᠢᠭᠤᠯᠬᠤ 》 ᠳᠡᠭᠡᠳᠦ ᠵᠡᠷᠭᠡ  ᠶᠢᠨ ᠰᠤᠳᠤᠯᠤᠨ ᠰᠤᠷᠤᠯᠴᠠᠬᠤ ᠠᠩᠭᠢ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠴᠧᠨ ᠶᠦᠩ ᡁᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠵᠠᠩ ᠬᠠᠶ ᠹᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ  ᠶᠢᠨ ᠳᠡᠳ᠋ ᠳᠠᠷᠤᠭ᠎ᠠ ᠵᠣᠣ ᠵᠢᠶᠠᠨ ᠬᠤᠸᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃
     ᠲᠣᠰ ᠤᠳᠠᠭ᠎ᠠ ᠶᠢᠨ ᠰᠤᠳᠤᠯᠤᠨ ᠰᠤᠷᠤᠯᠴᠠᠬᠤ ᠠᠩᠭᠢ ᠶᠢ ᠡᠷᠭᠢᠯᠡᠭᠰᠡᠨ ᠵᠣᠷᠢᠯᠭ᠎ᠠ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠢᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠲᠦᠯᠦᠭᠡ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠪᠠᠶᠢᠷᠢᠯᠠᠭᠤᠯᠤᠯᠲᠠ ᠶᠤᠰᠤᠭᠠᠷ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠨᠡᠮᠡᠭᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢ ᠰᠤᠳᠤᠯᠤᠯ ᠤᠨ ᠴᠢᠳᠠᠪᠤᠷᠢᠲᠠᠨ ᠤ ᠤᠯᠤᠰ ᠲᠥᠷᠥ ᠶᠢᠨ ᠣᠨᠣᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠣᠷᠣᠨ ᠤ ᠲᠡᠦᠬᠡ ᠰᠣᠶᠣᠯ ᠤᠨ ᠥᠪ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠭᠤᠴᠢ ᠰᠤᠳᠤᠯᠤᠯ ᠪᠠ ᠲᠡᠦᠬᠡ ᠶᠢᠨ ᠰᠤᠳᠤᠯᠭᠠᠨ ᠤ ᠦᠷ᠎ᠡ ᠪᠦᠲᠦᠭᠡᠯ ᠢ ᠭᠦᠢᠴᠡᠳ ᠠᠰᠢᠭᠯᠠᠨ ᠡᠬᠡ ᠣᠷᠣᠨᠴᠢ ᠦᠵᠡᠯ ᠤᠨ ᠬᠥᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠨᠢᠭᠦᠯᠬᠦ  ᠶᠢᠨ ᠲᠦᠯᠦᠭᠡ ᠶᠤᠮ᠃      ᠠᠩᠭᠢ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠪᠠᠰᠠ ᠥᠪᠡᠷᠲᠡᠭᠡᠨ ᠵᠠᠰᠠᠬᠤ ᠣᠷᠣᠨ ᠤ ᠲᠡᠦᠬᠡ  ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠬᠢᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠬᠠᠮᠲᠤᠷᠠᠨ《 ᠬᠠᠭᠤᠴᠢ ᠰᠤᠳᠤᠯᠤᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ 》 ᠢ ᠬᠠᠮᠲᠤ ᠪᠠᠷ ᠪᠠᠶᠢᠭᠤᠯᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠭᠤᠴᠢ ᠰᠤᠳᠤᠯᠤᠯ ᠤᠨ ᠪᠠᠭᠰᠢ ᠶᠢᠨ ᠬᠦᠴᠦᠨ ᠪᠠ ᠡᠷᠳᠡᠮ ᠰᠢᠨᠵᠢᠯᠡᠭᠡᠨ ᠤ ᠰᠤᠳᠤᠯᠭᠠᠨ ᠤ ᠳᠠᠪᠠᠭᠤᠯᠢᠭ ᠢ ᠠᠰᠢᠭᠯᠠᠨ᠂ ᠮᠠᠨ ᠤ ᠣᠷᠣᠨ ᠤ ᠬᠠᠭᠤᠴᠢ  ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠳᠤ ᠵᠣᠬᠢᠴᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃      ᠲᠤᠰ ᠤᠳᠠᠭ᠎ᠠ ᠶᠢᠨ ᠪᠤᠯᠪᠠᠰᠤᠷᠠᠭᠤᠯᠤᠯ ᠨᠢ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢᠨ ᠲᠥᠯᠥᠭᠡ᠂ ᠪᠡᠭᠡᠵᠢᠩ ᠶᠡᠭᠡ ᠰᠤᠷᠭᠠᠭᠤᠯᠢ᠂ ᠬᠢᠷᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠬᠠᠭᠤᠴᠢ ᠰᠤᠳᠤᠯᠬᠤ ᠭᠠᠵᠠᠷ ᠵᠡᠷᠭᠡ ᠣᠷᠣᠨ ᠤ ᠳᠣᠲᠣᠨ᠎ᠠ ᠭᠠᠳᠠᠨᠠᠬᠢ ᠨᠡᠷᠡᠳᠦ ᠰᠣᠶᠣᠯ ᠤᠨ ᠥᠪ ᠢ ᠬᠠᠮᠠᠭᠠᠭᠴᠢ ᠪᠤᠯᠤᠨ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠤᠰᠬᠠᠢ ᠮᠡᠷᠭᠡᠵᠢᠯ ᠤᠨ ᠬᠢᠴᠢᠶᠡᠯ ᠤᠷᠤᠭᠤᠯᠪᠠ᠃ ᠤᠷᠢᠭᠳᠠᠭᠰᠠᠨ ᠲᠤᠰᠬᠠᠢ ᠮᠡᠷᠭᠡᠵᠢᠯᠲᠡᠳ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠵᠤ᠂ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠳᠤᠮᠳᠠᠳᠤ ᠶᠢᠨ ᠪᠣᠯᠪᠠᠰᠤᠨ ᠤ ᠬᠥᠭᠵᠢᠯᠲᠡ ᠶᠢᠨ ᠡᠮᠬᠢ ᠵᠢᠷᠤᠮ ᠢ ᠭᠦᠨᠵᠡᠭᠡᠢ ᠲᠠᠶᠢᠯᠪᠤᠷᠢᠯᠠᠪᠠ᠃ ᠡᠭᠦᠨ ᠤ ᠬᠠᠮᠲᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠪᠤᠢ ᠪᠣᠯᠭᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠭᠤᠯᠪᠠ᠃      ᠪᠥᠬᠦ ᠣᠷᠣᠨ ᠤ ᠬᠠᠭᠤᠴᠢ ᠠᠵᠢᠯ ᠤᠨ ᠰᠢᠰᠲ᠋ᠧᠮ ᠤᠨ ᠬᠠᠮᠢᠶᠠᠷᠤᠯᠲᠠ ᠶᠢᠨ ᠠᠵᠢᠯᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ 80 ᠭᠠᠷᠤᠶ ᠬᠥᠮᠦᠨ ᠨᠢᠭᠡ ᠭᠠᠷᠠᠭ ᠤᠨ ᠬᠤᠭᠤᠴᠠᠭ᠎ᠠ ᠲᠠᠢ ᠲᠥᠪᠯᠡᠷᠡᠭᠦᠯᠦᠨ ᠪᠣᠯᠪᠠᠰᠤᠷᠠᠭᠤᠯᠬᠤ ᠳᠤ ᠤᠷᠤᠯᠴᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ ᠪᠥᠬᠦ ᠣᠷᠣᠨ ᠤ ᠬᠠᠭᠤᠴᠢ ᠰᠤᠳᠤᠯᠤᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠪᠦᠲᠦᠮᠵᠢᠲᠡᠶ ᠠᠬᠢᠭᠤᠯᠵᠤ᠂ ᠪᠥᠬᠦ ᠣᠷᠣᠨ ᠤ ᠲᠡᠦᠬᠡ ᠰᠣᠶᠣᠯ ᠤᠨ ᠥᠪ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠠᠭᠤᠳᠠᠯᠬᠤ᠂ ᠰᠤᠳᠤᠯᠬᠤ᠂ ᠲᠠᠶᠢᠯᠪᠤᠷᠢᠯᠠᠬᠤ ᠠᠵᠢᠯ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠬᠦ ᠨᠢ ᠯᠠᠪᠲᠠᠶ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号