ᠠᠷᠪᠠᠨ ᠬᠤᠶᠠᠳᠤᠭᠠᠷ ᠬᠤᠭᠤᠴᠠᠭᠠᠨ ᠤ ︽ᠶᠡᠭᠡ ᠭᠤᠤᠯ ᠤᠨ ᠤᠷᠤᠰᠬᠠᠯ︾ ᠬᠠᠲᠤᠨ ᠭᠤᠤᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠱᠠᠩᠨᠠᠯ ᠬᠦᠷᠲᠡᠭᠰᠡᠨ ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ  ᠶᠠᠪᠤᠭᠳᠠᠪᠠ
ᠨᠡᠶᠢᠲᠡᠯᠡᠭᠰᠡᠨ ᠴᠠᠭ᠄
2020/12/9
     11 ᠳ᠋ᠤᠭᠡᠷ ᠰᠠᠷ᠎ᠠ ᠶᠢᠨ 30 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠬᠠᠲᠤᠨ ᠭᠤᠤᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠱᠠᠩᠨᠠᠯ ᠬᠦᠷᠲᠡᠭᠰᠡᠨ ᠭᠡᠷᠡᠯ ᠵᠢᠷᠤᠭ ᠤᠨ ᠦᠵᠡᠰᠬᠦᠯᠡᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠶᠠᠪᠤᠭᠳᠠᠪᠠ᠃ ᠳᠡᠯᠭᠡᠨ ᠦᠵᠡᠬᠦᠯᠦᠭᠰᠡᠨ 72 ᠪᠦᠲᠦᠭᠡᠯ ᠤᠨ ᠠᠭᠤᠯᠭ᠎ᠠ ᠨᠢ ᠥᠩᠭᠡᠷᠡᠭᠰᠡᠨ ᠬᠤᠭᠤᠴᠠᠭᠠᠨ ᠤ ᠦᠵᠡᠰᠬᠦᠯᠡᠩ ᠤᠨ ︽ᠬᠠᠲᠤᠨ ᠭᠤᠤᠯ ᠤᠨ ᠦᠯᠢᠭᠡᠷ ᠢ ᠰᠠᠶᠢᠲᠤᠷ ᠶᠠᠷᠢᠵᠤ᠂ ᠬᠠᠳᠤᠨ ᠭᠤᠤᠯ ᠤᠨ ᠰᠣᠶᠣᠯ ᠢ ᠪᠠᠳᠠᠷᠠᠭᠤᠯᠤᠨ᠎ᠠ︾ ᠬᠡᠬᠦ ᠵᠣᠷᠢᠯᠲᠠ ᠶᠢ ᠦᠷᠬᠦᠯᠵᠢᠯᠡᠬᠦᠯᠦᠭᠰᠡᠨ ᠪᠠᠶᠢᠨ᠎ᠠ᠃  ᠶᠢᠰᠦᠨ ᠮᠤᠵᠢ ᠣᠷᠣᠨ ᠤ ᠭᠡᠷᠡᠯ ᠵᠢᠷᠤᠭᠴᠢᠳ ᠬᠠᠷᠠᠴᠠ ᠪᠠᠨ ᠡᠵᠢ ᠭᠤᠤᠯ ᠳᠤ ᠬᠠᠨᠳᠤᠭᠤᠯᠤᠨ᠂ ᠳᠦᠷᠰᠦ ᠰᠢᠩᠭᠡᠭᠡᠯᠲᠡ ᠶᠢᠨ ᠬᠡᠯᠪᠡᠷᠢ ᠪᠠᠷ ᠳᠤᠮᠳᠠᠳᠤ ᠶᠢᠨ ᠬᠥᠪᠡᠭᠦᠳ ᠥᠬᠢᠳ ᠤᠨ ᠬᠠᠲᠤᠨ ᠭᠤᠤᠯ ᠤᠨ ᠰᠠᠪᠠ ᠭᠠᠵᠠᠷ ᠤᠨ ᠰᠦᠷᠯᠢᠭ ᠰᠠᠶᠢᠬᠠᠨ ᠠᠭᠤᠯᠠ ᠤᠰᠤᠨ ᠳᠤ ᠬᠢ ᠬᠠᠶᠢᠷ᠎ᠠ ᠰᠡᠳᠬᠢᠯᠭᠡ᠂ ᠬᠤᠶᠠᠷ ᠡᠷᠭᠢ ᠶᠢᠨ ᠨᠤᠲᠤᠭ ᠤᠰᠤᠨ ᠤ ᠵᠠᠩ ᠦᠢᠯᠡ ᠳᠤ ᠬᠢ ᠪᠠᠭ᠋ᠠᠳᠤᠯ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠬᠢ ᠲᠠᠭᠠᠰᠢᠶᠠᠯ  ᠢ ᠵᠢᠷᠤᠭᠯᠠᠵᠤ᠂ ᠬᠠᠲᠤᠨ ᠭᠤᠤᠯ ᠤᠨ ᠰᠣᠶᠣᠯ ᠤᠨ ᠠᠤᠭ᠎ᠠ ᠶᠡᠭᠡ᠂ ᠭᠦᠨ ᠵᠤᠵᠠᠭᠠᠨ ᠪᠠ ᠥᠨᠢ ᠤᠳᠠᠭᠠᠨ ᠲᠡᠤᠬᠡ ᠶᠢ ᠬᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠬᠥᠮᠦᠨ ᠬᠢᠭᠡᠳ ᠪᠠᠶᠢᠭᠠᠯᠢ ᠶᠢᠨ ᠬᠠᠷᠢᠯᠴᠠᠨ ᠲᠦᠰᠢᠯᠴᠡᠬᠦ᠂ ᠬᠠᠷᠢᠯᠴᠠᠨ ᠨᠥᠯᠥᠭᠡᠯᠡᠬᠦ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠡᠷᠬᠢᠮ ᠳᠡᠭᠡᠳᠦ ᠠᠮᠢᠳᠤᠷᠠᠯ ᠤᠨ ᠤᠶᠢᠯᠠᠭᠠᠭᠳᠠᠬᠤᠨ ᠢ ᠢᠯᠡᠳᠬᠡᠭᠰᠡᠨ ᠪᠠᠶᠢᠨ᠎ᠠ᠃  
         ᠲᠤᠰ ᠤᠳᠠᠭᠠᠨ ᠤ ᠦᠵᠡᠰᠬᠦᠯᠡᠩ ᠳᠤ ᠮᠠᠰᠢ ᠣᠯᠠᠨ ᠭᠡᠷᠡᠯ ᠵᠢᠷᠤᠭᠴᠢᠳ ᠤᠷᠤᠯᠴᠠᠵᠤ᠂ ᠬᠠᠳᠤᠨ ᠭᠤᠣᠯ ᠤᠨ ᠰᠠᠪᠠ ᠭᠠᠵᠠᠷ ᠤᠨ ᠰᠣᠶᠣᠯ   ᠤᠨ ᠤᠯᠠᠮᠵᠢᠯᠠᠯ  ᠂ ᠳᠡᠯᠭᠡᠷᠡᠬᠦᠯᠦᠯᠲᠡ᠂ ᠰᠤᠯᠢᠯᠴᠠᠭ᠎ᠠ ᠶᠢ ᠠᠬᠢᠭᠤᠯᠬᠤ᠂ ᠰᠢᠨ᠎ᠡ ᠴᠠᠭ ᠦᠶ᠎ᠡ ᠶᠢᠨ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃ ᠦᠵᠡᠰᠬᠦᠯᠡᠩ ᠢ ᠰᠤᠨᠢᠷᠬᠠᠭᠰᠠᠨ ᠣᠯᠠᠨ ᠲᠦᠮᠡᠨ ᠨᠡᠷᠡᠲᠦ ᠬᠥᠮᠦᠰ ᠤᠨ ᠭᠡᠷᠡᠯ ᠵᠢᠷᠤᠭ ᠤᠨ ᠪᠦᠲᠦᠭᠡᠯ ᠢᠶᠠᠷ ᠳᠠᠮᠵᠢᠨ ᠬᠠᠲᠤᠨ ᠭᠤᠤᠯ ᠤᠨ ᠰᠦᠷ ᠵᠢᠪᠬᠤᠯᠠᠩᠲᠤ ᠴᠤᠭ ᠵᠢᠪᠬᠤᠭ᠎ᠠ ᠶᠢ ᠣᠯᠵᠤ ᠬᠠᠷᠠᠨ᠂ ᠳᠤᠮᠳᠠᠳᠤ ᠶᠢᠨ ᠬᠠᠲᠤᠨ ᠭᠤᠤᠯ ᠤᠨ ᠰᠣᠶᠣᠯ ᠢ ᠣᠶᠢᠯᠠᠭᠠᠨ  ᠮᠡᠳᠡᠷᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号