ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠳᠡᠭᠡᠳᠦ ᠬᠤᠷᠳᠤᠴᠠᠲᠤ ᠬᠥᠭᠵᠢᠯᠲᠡ ᠠᠴᠠ ᠪᠠᠨ ᠴᠢᠨᠠᠷ | ᠰᠠᠶᠢᠲᠠᠶ ᠬᠦᠭᠵᠢᠯᠲᠡ ᠲᠡᠶᠢᠰᠢ ᠰᠢᠯᠵᠢᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ | ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠤᠭᠤᠷᠢᠨ ᠤ ᠲᠤᠬᠠᠶ ᠬᠦᠰᠡᠯ | ᠡᠷᠡᠮᠡᠯᠵᠡᠯ ᠨᠢ ᠦᠷᠬᠦᠯᠵᠢᠯᠡᠨ ᠲᠤᠯᠭᠠᠮ᠎ᠠ ᠪᠠᠶᠢᠨ᠎ᠠ᠃ ᠬᠡᠷᠡᠭᠯᠡᠭᠡᠨ ᠤ ᠰᠢᠨ᠎ᠡ ᠴᠠᠭ ᠦᠶ᠎ᠡ ᠬᠦᠷᠴᠦ ᠢᠷᠡᠬᠦ ᠶᠢ | ᠳᠠᠭᠠᠯᠳᠤᠨ᠂ ᠬᠡᠷᠡᠭᠯᠡᠭᠡᠨ ᠤ ᠡᠷᠬᠡ ᠶᠢ ᠬᠠᠮᠠᠭᠠᠯᠠᠬᠤ ᠠᠵᠢᠯ ᠳᠤ ᠴᠤ ᠰᠢᠨ᠎ᠡ ᠠᠰᠠᠭᠤᠳᠠᠯ ᠪᠠ ᠰᠢᠨ᠎ᠡ | ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ 2020 ᠣᠨ ᠤ | ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠣᠨ ᠤ ᠭᠤᠤᠯ ᠰᠡᠳᠦᠪ ᠢ ︽ᠲᠠ ᠪᠢᠳᠡ ᠬᠦᠴᠦ ᠪᠠᠨ | ᠨᠢᠭᠲᠠᠷᠠᠭᠤᠯᠤᠶ᠎ᠠ︾ ᠭᠡᠵᠦ ᠲᠤᠭᠲᠠᠭᠠᠭᠰᠠᠨ ᠨᠢ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠬᠡᠷᠡᠭᠯᠡᠭᠴᠢᠳ ᠤᠨ ᠨᠡᠶᠢᠭᠡᠮᠯᠢᠭ ᠤᠨ ᠲᠠᠪᠴᠠᠩ ᠤᠨ ᠬᠡᠯᠪᠡᠷᠢᠲᠦ ᠵᠣᠬᠢᠶᠠᠨ ᠪᠠᠶᠢᠭᠤᠯᠤᠯᠲᠠ ᠶᠢᠨ ᠬᠠᠮᠲᠤ ᠪᠠᠷ ᠵᠠᠰᠠᠬᠤ | ᠬᠦᠴᠦᠨ ᠢ ᠪᠠᠳᠠᠷᠠᠭᠤᠯᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢ ᠠᠬᠢᠭᠤᠯᠬᠤ︔ ᠬᠡᠷᠡᠭᠯᠡᠭᠴᠢᠳ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ | ᠬᠡᠷᠡᠭᠯᠡᠭᠴᠢᠳ ᠤᠨ ᠬᠢᠨᠠᠯᠲᠠ ᠲᠠᠯᠪᠢᠬᠤ ᠬᠦᠴᠦᠨ ᠢ ᠪᠠᠳᠠᠷᠠᠭᠤᠯᠵᠤ᠂ ᠬᠡᠷᠡᠭᠯᠡᠭᠴᠢᠳ ᠤᠨ ᠬᠢᠨᠠᠯᠲᠠ ᠲᠠᠯᠪᠢᠬᠤ ᠳᠤ | ᠣᠷᠣᠯᠴᠠᠬᠤ ᠥᠷᠭᠡᠴᠡ ᠪᠠ ᠭᠦᠨᠴᠡ ᠶᠢ ᠨᠡᠮᠡᠭᠳᠡᠭᠦᠯᠬᠦ︔ ᠡᠵᠡᠩᠨᠡᠭᠴᠢᠳ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠬᠦᠴᠦᠨ ᠢ ᠪᠠᠳᠠᠷᠠᠭᠤᠯᠤᠨ᠂ | ᠡᠵᠡᠩᠨᠡᠭᠴᠢᠳ ᠤᠨ ᠨᠢᠭᠡᠳᠦᠭᠡᠷ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ | ᠶᠢᠨ ᠲᠥᠯᠦᠭᠡ ᠪᠢᠯᠡ ᠃ | ᠡᠨᠡ ᠵᠢᠯ ᠤᠨ ︽3.15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ | ᠢᠷᠡᠬᠦ ᠲᠠᠰᠢᠷᠠᠮ ᠢᠶᠠᠷ᠂ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ | ᠬᠤᠯᠪᠣᠭᠠᠨ ᠤ ᠬᠠᠮᠢᠶᠠᠷᠤᠯᠲᠠ ᠶᠢᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠢ ᠣᠨᠴᠠ ᠤᠷᠢᠵᠤ᠂ ᠥᠪᠥᠷ | ᠮᠣᠩᠭᠤᠯ ᠤᠨ ︽3 · 15︾ ᠤ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠰᠢᠨ᠎ᠡ ᠪᠠᠶᠢᠷᠢᠰᠢᠯ ᠢ ᠬᠠᠮᠲᠤ ᠪᠠᠷ | ᠶᠠᠷᠢᠯᠴᠠᠪᠠ᠃ | ᠲᠣᠰ ᠬᠤᠭᠤᠴᠠᠭᠠᠨ ᠤ ᠲᠤᠰᠬᠠᠶ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠶᠢ ᠤᠷᠢᠪᠠ᠃ ︽ᠰᠢᠯᠦᠭ ᠪᠠ ᠠᠯᠤᠰ ᠲᠡᠷᠲᠡᠭᠡ︾ ᠬᠠᠮᠳᠤᠷᠠᠵᠤ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠰᠢᠨ᠎ᠡ ᠪᠠᠶᠢᠭᠤᠯᠤᠭᠳᠠᠭᠰᠠᠨ ᠲᠢᠩᠬᠢᠮ ᠤᠨ | ᠲᠣᠪᠴᠢᠶ᠎ᠠ ᠪᠣᠯᠤᠨ᠎ᠠ᠂ ᠨᠡᠶᠢᠭᠡᠮ ᠨᠡᠶᠢᠲᠡ ᠮᠠᠰᠢ ᠥᠨᠳᠦᠷ ᠬᠦᠰᠡᠯ ᠡᠷᠡᠮᠡᠯᠵᠡᠯ ᠲᠠᠯᠪᠢᠵᠤ ᠪᠠᠶᠢᠬᠤ ᠶᠢᠨ ᠬᠠᠮᠲᠤ ᠪᠠᠰᠠ | ᠰᠢᠨ᠎ᠡ ᠰᠤᠷᠢᠯᠲᠠ ᠶᠢ ᠠᠪᠴᠢᠷᠠᠭᠰᠠᠨ ᠪᠠᠶᠢᠨ᠎ᠠ᠃ ᠰᠣᠶᠣᠯ ᠤᠨ ᠵᠠᠬ᠎ᠠ ᠳᠡᠯᠭᠡᠭᠦᠷ ᠢ ᠬᠡᠷᠬᠢᠨ ᠰᠠᠶᠢᠲᠤᠷ ᠬᠠᠮᠢᠶᠠᠷᠬᠤ᠂ | ᠬᠡᠷᠡᠭᠯᠡᠭᠴᠢᠳ ᠤᠨ ᠡᠷᠬᠡ ᠠᠰᠢᠭ ᠢ ᠬᠡᠷᠬᠢᠨ ᠬᠠᠮᠠᠭᠠᠯᠠᠵᠤ᠂ ᠥᠷᠭᠡᠨ ᠤᠯᠠᠨ ᠬᠡᠷᠡᠭᠯᠡᠭᠴᠢᠳ ᠲᠤ ᠨᠡᠩ ᠰᠠᠶᠢᠨ | ᠰᠣᠶᠣᠯ ᠤᠨ ᠪᠦᠲᠦᠭᠡᠭᠳᠡᠬᠦᠨ ᠢ ᠬᠠᠩᠭᠠᠬᠤ ᠨᠢ ᠬᠤᠶᠢᠰᠢᠳᠠ ᠶᠢᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ | ᠪᠣᠯᠤᠭᠰᠠᠨ ᠪᠠᠶᠢᠨ᠎ᠠ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠠᠷᠠᠳ ᠤᠨ | ᠰᠦᠯᠵᠢᠶᠡᠨ ᠤ ᠲᠤᠰᠬᠠᠢ ᠰᠤᠷᠪᠤᠯᠵᠢᠯᠠᠭ᠎ᠠ ᠶᠢ ᠬᠦᠯᠢᠶᠡᠵᠦ ᠪᠠᠶᠢᠭ᠎ᠠ ᠨᠢ᠃ ᠾᠧ ᠮᠤᠤ ᠵᠢᠶᠧ ᠰᠡᠭᠦᠳᠡᠷᠯᠡᠪᠡ | ᠨᠢᠭᠡ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠭᠢᠮ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠢ ᠴᠡᠭᠴᠡᠯᠡᠨ ᠵᠢᠷᠤᠮᠵᠢᠭᠤᠯᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ ᠡᠯ᠎ᠡ | ᠵᠦᠢᠯ ᠤᠨ ᠬᠠᠤᠯᠢ ᠳᠣᠭᠳᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠪᠡ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠳᠤ ᠨᠡᠶᠢᠲᠡ 113 ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠲᠠᠢ᠃ ᠥᠩᠭᠡᠷᠡᠭᠰᠡᠨ ᠨᠢᠭᠡ ᠵᠢᠯ ᠳᠤ᠂ ᠡᠳᠦᠷ ᠲᠤᠲᠤᠮ ᠤᠨ | ᠪᠠᠶᠢᠴᠠᠭᠠᠯᠲᠠ ᠨᠢ ᠪᠠᠷᠤᠭ 30 ᠭᠠᠷᠤᠶ ᠲᠦᠮᠡᠨ ᠬᠥᠮᠦᠨ ᠣᠳᠠᠭ᠎ᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢ | ᠬᠥᠳᠡᠯᠭᠡᠵᠦ᠂ 100 ᠭᠠᠷᠤᠶ ᠲᠦᠮᠡᠨ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠢ ᠪᠠᠶᠢᠴᠠᠭᠠᠪᠠ᠃ ᠬᠠᠤᠯᠢ | ᠬᠡᠷᠡᠭᠵᠢᠭᠦᠯᠬᠦ ᠶᠠᠪᠤᠴᠠ ᠳᠤ ᠪᠠᠰᠠ ᠣᠷᠣᠰᠢᠵᠤ ᠪᠠᠶᠢᠭ᠎ᠠ ᠵᠠᠷᠢᠮ ᠠᠰᠠᠭᠤᠳᠠᠯ ᠢ ᠣᠯᠵᠤ ᠮᠡᠳᠡᠭᠡᠳ 1600 ᠭᠠᠷᠤᠶ | ᠤᠳᠠᠭ᠎ᠠ ᠰᠡᠷᠡᠮᠵᠢ ᠥᠭᠴᠦ᠂ 800 ᠭᠠᠷᠤᠶ ᠵᠦᠢᠯ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ᠂ 37 | ᠡᠷᠦᠬᠡ ᠶᠢ ᠨᠢ ᠵᠠᠷᠯᠢᠭᠳᠠᠨ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ 5 ᠡᠷᠦᠬᠡ ᠶᠢ ᠨᠢ ᠴᠠᠭᠠᠵᠠᠯᠠᠵᠠᠶ᠃ | ᠬᠦᠴᠦᠲᠡᠶ ᠴᠣᠬᠢᠯᠲᠠ ᠥᠭᠬᠦ ᠪᠠ ᠪᠦᠲᠦᠮᠵᠢᠲᠡᠶ ᠵᠠᠰᠠᠵᠤ ᠴᠡᠭᠴᠡᠯᠡᠬᠦ ᠪᠠᠷ ᠳᠠᠮᠵᠢᠭᠤᠯᠤᠨ᠂ ᠥᠷᠭᠡᠨ ᠣᠯᠠᠨ ᠬᠤᠲᠠ | ᠶᠢᠨ ᠠᠷᠠᠳ ᠲᠤ ᠬᠠᠮᠤᠭ ᠤᠨ ᠰᠠᠶᠢᠨ ᠣᠶᠤᠨ ᠤ ᠪᠦᠲᠦᠭᠡᠭᠳᠡᠬᠦᠨ ᠪᠠ ᠰᠣᠶᠣᠯ ᠤᠨ ᠪᠦᠲᠦᠭᠡᠭᠳᠡᠬᠦᠨ ᠬᠠᠩᠭᠠᠬᠤ ᠶᠢᠨ | ᠬᠠᠮᠳᠦ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠨᠠᠩ ᠲᠣᠭᠲᠠᠭᠤᠨ᠂ ᠡᠶ᠎ᠡ ᠵᠣᠬᠢᠴᠠᠯ ᠲᠠᠢ ᠪᠣᠯᠭᠠᠵᠤ᠂ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠴᠢᠳ ᠤᠨ ᠡᠷᠬᠡ ᠠᠰᠢᠭ ᠢ ᠪᠦᠲᠦᠮᠵᠢᠲᠡᠶ ᠪᠠᠲᠤᠯᠠᠵᠠᠶ᠃ | ᠰᠢᠨ᠎ᠡ ᠲᠢᠳᠡᠮᠯᠢᠭ ᠬᠡᠯᠪᠡᠷᠢ ᠶᠢᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠡᠭᠦᠰᠬᠦ ᠦᠶ᠎ᠡ ᠳᠤ᠂ | ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯᠳᠠᠳ ᠡᠳᠦᠷ ᠰᠥᠨᠢ ᠥᠬᠡᠶ ᠡᠮᠦᠨ᠎ᠡ ᠹᠷᠣᠨᠲ ᠲᠤ ᠠᠵᠢᠯᠯᠠᠵᠤ᠂ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠡᠯ᠎ᠡ | ᠭᠠᠵᠠᠷ ᠤᠨ ᠰᠦᠯᠵᠢᠶᠡᠨ ᠤ ᠪᠠᠭᠠᠷ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠺᠢᠨᠣ᠋ ᠲᠢᠶᠠᠲᠷ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠵᠢᠭᠤᠯᠴᠢᠯᠡᠯ ᠤᠨ ᠭᠠᠵᠠᠷ ᠵᠡᠷᠭᠡ ᠶᠢ ᠲᠦᠷ ᠵᠣᠭᠰᠣᠭᠠᠵᠤ᠂ ᠴᠠᠭ ᠲᠤᠬᠠᠶ ᠳᠤᠨᠢ ᠪᠥᠬᠦ | ᠣᠷᠣᠨ ᠤ 15100 ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠢ ᠪᠦᠬᠦᠨ ᠢ ᠡᠭᠦᠳᠡ ᠪᠠᠨ ᠬᠠᠭᠠᠬᠤ ᠶᠢ | ᠰᠠᠨᠠᠭᠤᠯᠵᠣ᠂ ᠰᠢᠮᠳᠠᠭᠤᠯᠵᠤ᠂ ᠬᠢᠨᠠᠯᠲᠠ ᠲᠠᠯᠪᠢᠪᠡ᠃ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 2071 | ᠶᠢ ᠵᠣᠭᠰᠣᠭᠠᠬᠤ ᠪᠣᠶᠣ ᠬᠤᠶᠢᠰᠢᠯᠠᠭᠤᠯᠣᠨ ᠡᠷᠬᠢᠯᠡᠵᠣ᠂ 2570 ᠰᠦᠯᠵᠢᠶᠡᠨ ᠳᠡᠭᠡᠷᠡᠬᠢ ᠦᠢᠯᠡᠴᠢᠯᠡᠭᠡᠨ ᠤ | ᠲᠠᠯᠠᠪᠤᠷ ᠭᠠᠵᠠᠷ ᠢ ᠬᠠᠭᠠᠵᠤ᠂ 2494 ᠰᠣᠶᠣᠯ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠬᠠᠭᠠᠵᠤ᠂ 479 ᠡᠯ᠎ᠡ | ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠠᠭᠠᠵᠤ᠂ 801 ᠮᠠᠯᠵᠢᠬᠤ ᠲᠠᠷᠢᠶᠠᠯᠠᠬᠤ ᠣᠷᠣᠨ ᠤ | ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠬᠠᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠵᠦᠶ ᠵᠣᠬᠢᠰᠲᠠᠶ ᠪᠥᠭᠡᠳ ᠡᠮᠬᠢ ᠵᠢᠷᠤᠮ ᠲᠠᠢ ᠰᠠᠶᠢᠳᠣᠷ ᠬᠢᠬᠦ ᠶᠢᠨ ᠲᠥᠯᠥᠭᠡ ᠨᠡᠶᠢᠲᠡ 10000 ᠭᠠᠷᠤᠶ | ᠬᠥᠮᠦᠨ ᠤᠳᠠᠭ᠎ᠠ ᠬᠥᠳᠡᠯᠦᠯᠴᠡᠵᠡᠶ᠃ 3000 ᠭᠠᠷᠤᠶ ᠣᠯᠠᠨ ᠨᠡᠶᠢᠲᠡ ᠶᠢᠨ ᠰᠣᠶᠣᠯ ᠤᠨ ᠭᠠᠵᠠᠷ ᠢ ᠪᠠᠶᠢᠴᠠᠭᠠᠵᠤ᠂ | ᠣᠳᠣᠬᠠᠨ ᠪᠣᠯᠲᠠᠯ᠎ᠠ ᠬᠢᠵᠢᠭ ᠤᠨ ᠦᠶ᠎ᠡ ᠳᠤ ᠳᠣᠷ᠎ᠠ ᠪᠠᠷ ᠢᠶᠠᠨ ᠠᠵᠢᠯ ᠢᠶᠠᠨ ᠡᠬᠢᠯᠡᠭᠦᠯᠦᠭᠰᠡᠨ ᠪᠠᠶᠢᠳᠠᠯ ᠢ ᠣᠯᠵᠤ | ᠮᠡᠳᠡᠭᠰᠡᠨ ᠦᠭᠡᠶ᠃ | ᠡᠭᠦᠨ ᠤ ᠬᠠᠮᠲᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠡᠯ᠎ᠡ | ᠭᠠᠵᠠᠷ ᠤᠨ ᠬᠢᠨ ᠤ ᠵᠢᠭᠤᠯᠴᠢᠯᠡᠯ ᠤᠨ ᠵᠠᠭᠠᠯᠳᠤᠯᠭ᠎ᠠ ᠶᠢ ᠨᠡᠶᠢᠲᠡ 101 ᠤᠳᠠᠭ᠎ᠠ ᠭᠥᠯᠢᠶᠡᠨ ᠠᠪᠴᠤ | ᠰᠢᠢᠳᠪᠣᠷᠢᠯᠡᠵᠣ᠂ ᠡᠭᠦᠨ ᠳᠤ ᠤᠲᠠᠰᠤ ᠪᠠᠷ ᠳᠡᠮᠵᠢᠨ 80 ᠤᠳᠠᠭ᠎ᠠ ᠭᠥᠯᠢᠶᠡᠨ ᠠᠪᠴᠤ ᠰᠢᠢᠳᠪᠣᠷᠢᠯᠡᠵᠣ᠂ | ᠲᠠᠪᠴᠠᠩ ᠢᠶᠠᠷ ᠳᠡᠮᠵᠢᠨ 21 ᠤᠳᠠᠭ᠎ᠠ ᠭᠥᠯᠢᠶᠡᠨ ᠠᠪᠴᠤ ᠰᠢᠢᠳᠪᠣᠷᠢᠯᠡᠵᠣ᠂ ᠭᠤᠤᠯᠳᠠᠭᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠢᠳᠴᠢᠯᠡᠨ ᠳᠣᠭᠳᠠᠭᠰᠠᠨ ᠪᠦᠯᠬᠦᠮ ᠤᠨ ᠭᠡᠷ᠎ᠡ ᠪᠠᠨ | ᠪᠣᠴᠠᠭᠠᠬᠤ ᠠᠰᠠᠭᠤᠳᠠᠯ ᠳᠤ ᠬᠤᠯᠪᠣᠭᠳᠠᠵᠤ᠂ ᠵᠢᠭᠤᠯᠴᠢᠯᠠᠯ ᠤᠨ ᠶᠠᠪᠤᠴᠠ ᠳᠤ ᠦᠵᠡᠮᠵᠢ ᠶᠢᠨ ᠴᠡᠭ ᠨᠢ | ᠬᠠᠭᠠᠭᠳᠠᠭᠰᠠᠨ᠂ ᠬᠠᠮᠲᠤ ᠪᠦᠯᠬᠦᠮ ᠤᠨ ᠵᠢᠭᠤᠯᠴᠢᠯᠠᠭᠴᠢᠳ ᠲᠣᠰᠭᠠᠷᠯᠠᠭᠳᠠᠵᠤ ᠠᠶᠠᠨ ᠵᠠᠮ ᠨᠢ ᠡᠮᠬᠢ ᠵᠠᠮᠪᠠᠷᠠᠭ᠎ᠠ | ᠦᠭᠡᠢ ᠪᠣᠯᠤᠭᠰᠠᠨ᠂ ᠠᠶᠠᠨ ᠵᠠᠮ ᠳᠤ ᠵᠢᠭᠤᠯᠴᠢᠯᠠᠭᠴᠢᠳ ᠤᠨ ᠪᠦᠯᠬᠦᠮ ᠠᠴᠠ ᠪᠠᠨ ᠤᠷᠢᠳᠴᠢᠯᠠᠨ ᠰᠠᠯᠬᠤ᠂ | ᠨᠢᠰᠬᠡᠯ ᠳᠠᠭᠠᠭᠠᠴᠢᠯᠠᠬᠤ ᠶᠢ ᠬᠦᠴᠦᠨ ᠥᠬᠡᠶ ᠪᠣᠯᠭᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ︽ᠬᠡᠰᠡᠭ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠢ ᠲᠦᠷ ᠪᠤᠴᠠᠭ᠎ᠠ ᠵᠢᠭᠤᠯᠴᠢᠯᠡᠯ | ᠤᠨ ᠭᠠᠵᠠᠷ ᠤᠨ ᠡᠵᠡᠩᠨᠡᠯᠲᠡ ᠶᠢᠨ ᠬᠦᠴᠢᠷᠳᠡᠯ ᠢ ᠠᠷᠭᠠᠴᠠᠬᠤ ᠶᠢ ᠳᠡᠮᠵᠢᠬᠦ ᠲᠤᠬᠠᠶ ᠰᠣᠶᠣᠯ ᠪᠠ ᠵᠢᠭᠤᠯᠴᠢᠯᠠᠯ ᠤᠨ | ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠲᠣᠪᠴᠢᠶ᠎ᠠ ᠳᠤ ᠬᠠᠮᠢᠶ᠎ᠠ ᠪᠥᠬᠦᠶ ᠳᠡᠮᠵᠢᠯᠭᠡ ᠦᠵᠡᠭᠦᠯᠪᠡ᠃ ᠵᠠᠭᠠᠯᠳᠤᠯᠭ᠎ᠠ ᠶᠢ ᠰᠢᠢᠳᠪᠣᠷᠢᠯᠡᠬᠦ ᠲᠠᠯ᠎ᠠ ᠪᠠᠷ᠂ | ᠦᠨᠳᠦᠰᠦᠨ ᠳᠡᠭᠡᠨ ᠴᠥᠮ ᠰᠣᠶᠣᠯ ᠤᠨ ᠵᠠᠬ᠎ᠠ ᠳᠡᠯᠭᠡᠭᠦᠷ ᠤᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ | ᠣᠷᠣᠯᠴᠠᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠨ ᠰᠠᠨᠠᠯ ᠨᠢᠭᠡᠳᠴᠦ ᠰᠢᠢᠳᠪᠣᠷᠢᠯᠡᠨ᠎ᠡ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠭᠢᠮ ᠰᠣᠶᠣᠯ ᠵᠢᠭᠤᠯᠴᠢᠯᠠᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠰᠣᠶᠣᠯ ᠤᠨ | ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠡᠩᠨᠡᠭᠡ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠨ | ᠬᠠᠮᠢᠶᠠᠷᠬᠤ ᠡᠷᠴᠢᠮ ᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ | ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠵᠣ᠂ ᠥᠷᠭᠡᠨ ᠣᠯᠠᠨ ᠬᠡᠷᠡᠭᠯᠡᠭᠴᠢᠳ ᠲᠤ ᠰᠢᠯᠢᠳᠡᠭ ᠰᠣᠶᠣᠯ ᠤᠨ ᠦᠢᠯᠡᠴᠢᠯᠡᠭᠡ ᠪᠠ | ᠵᠢᠭᠤᠯᠴᠢᠯᠠᠯ ᠤᠨ ᠦᠢᠯᠡᠴᠢᠯᠡᠭᠡ ᠬᠠᠩᠭᠠᠵᠤ᠂ ᠬᠡᠷᠡᠭᠯᠡᠭᠴᠢᠳ ᠤᠨ ᠡᠷᠬᠡ ᠠᠰᠢᠭ ᠢ ᠡᠷᠡᠰ ᠬᠠᠮᠠᠭᠠᠯᠠᠨ᠎ᠠ᠃ | 3.15 ᠬᠦᠷᠴᠦ ᠢᠷᠡᠬᠦ ᠲᠠᠰᠢᠷᠠᠮ ᠳᠤ᠂ ᠥᠷᠭᠡᠨ ᠣᠯᠠᠨ ᠬᠡᠷᠡᠭᠯᠡᠭᠴᠢᠳ ᠡᠷᠬᠡ ᠪᠠᠨ ᠬᠠᠮᠠᠭᠠᠯᠠᠬᠤ ᠤᠬᠠᠮᠰᠠᠷ | ᠪᠠ ᠠᠮᠣᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠣᠶᠤᠨᠴᠢ ᠪᠠᠷ ᠬᠡᠷᠡᠭᠯᠡᠭᠡ ᠬᠢᠵᠦ᠂ | ᠪᠣᠯᠭᠤᠮᠵᠢᠲᠠᠶ ᠰᠣᠩᠭᠤᠵᠤ᠂ ᠰᠣᠶᠣᠯ ᠵᠢᠭᠤᠯᠴᠢᠯᠠᠯ ᠤᠨ ᠵᠠᠭᠠᠯᠳᠤᠯᠭ᠎ᠠ ᠬᠢᠬᠦ ᠱᠠᠭᠠᠷᠳᠠᠯᠭ᠎ᠠ ᠲᠠᠢ ᠪᠣᠯ ᠴᠠᠭ | ᠲᠣᠬᠠᠢ ᠳᠤᠨᠢ 12318 ᠪᠥᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠢᠯᠡᠴᠢᠯᠡᠨ ᠮᠡᠳᠡᠭᠦᠯᠬᠦ ᠲᠠᠪᠴᠠᠩ | ᠪᠠ 12301 ᠪᠥᠬᠦ ᠤᠯᠤᠰ ᠤᠨ ᠵᠢᠭᠤᠯᠴᠢᠯᠠᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠲᠠᠪᠴᠠᠩ ᠳᠤ | ᠵᠠᠭᠠᠯᠳᠤᠯᠭ᠎ᠠ ᠬᠢᠵᠦ ᠡᠷᠬᠡ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ | |