ᠵᠧᠩ ᠳ᠋ᠦᠩ ᠪᠥᠸᠧ
ᠨᠡᠶᠢᠲᠡᠯᠡᠭᠰᠡᠨ ᠴᠠᠭ᠄
2020/4/15
     ᠵᠧᠩ ᠳ᠋ᠦᠩ ᠪᠦᠸᠧ᠂ ᠡᠷᠡᠭᠲᠡᠶ᠂ 1968 ᠣᠨ ᠤ 3 ᠳ᠋ᠤᠭᠠᠷ ᠰᠠᠷ᠎ᠠ ᠳᠤ ᠲᠦᠷᠦᠭᠰᠡᠨ᠂ 1989 ᠣᠨ ᠤ 7 ᠳ᠋ᠤᠭᠠᠷ ᠰᠠᠷ᠎ᠠ ᠳᠤ ᠠᠵᠢᠯ ᠤᠨ ᠭᠠᠷᠤᠭ᠎ᠠ ᠪᠠᠨ ᠠᠪᠴᠤ᠂ 1997 ᠣᠨ ᠤ 2 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠭᠰᠡᠨ᠂ ᠾᠧᠪᠸᠢ ᠮᠤᠵᠢ ᠶᠢᠨ ᠲᠠᠩᠱᠠᠨ ᠬᠤᠳᠠ ᠶᠢᠨ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃      ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃      ᠲᠣᠪᠴᠢ ᠨᠠᠮᠲᠠᠷ᠄      1985.09 — 1989.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠢᠲᠠᠳ ᠬᠡᠯᠡ ᠤᠳᠬ᠎ᠠ ᠵᠣᠬᠢᠶᠠᠯ ᠤᠨ ᠲᠤᠰᠬᠠᠶ ᠮᠡᠷᠭᠡᠵᠢᠯ ᠤᠨ ᠴᠢᠭᠯᠡᠯ ᠢᠶᠠᠷ ᠰᠤᠷᠤᠯᠴᠠᠪᠠ᠃      1989.07 — 1991.12 ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ᠃      1991.12 — 1996.04 ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠪᠠᠨ ᠬᠡᠷ ᠤᠨ ᠨᠠᠷᠢᠨ ᠪᠢᠴᠢᠭᠡᠴᠢ᠂ ︽ᠠᠵᠤ ᠠᠬᠤᠶ ᠨᠡᠶᠢᠭᠡᠮ︾ ᠤᠨ ᠨᠠᠶᠢᠷᠠᠭᠤᠯᠤᠭᠴᠢ᠃      1996.04 — 1997.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠰᠤᠳᠤᠯᠬᠤ ᠲᠠᠰᠤᠭ ᠤᠨ ᠭᠡᠰᠢᠭᠦᠨ᠃      1997.09 — 2000.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠭᠡᠰᠢᠭᠦᠨ᠃      2000.12 — 2002.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ᠃      2002.12 — 2003.12 ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ᠃      2003.12 — 2006.04 ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠠᠯᠪᠠᠨ ᠬᠡᠷ ᠤᠨ ᠵᠢᠩᠬᠢᠨᠢ ᠭᠠᠵᠠᠷ ᠤᠨ ᠲᠠᠰ ᠤᠨ ᠠᠵᠢᠯᠯᠠᠭᠴᠢ ︵ᠡᠨᠡ ᠬᠤᠭᠤᠴᠠᠭᠠᠨ ᠳᠤ᠄ 2003.12 — 2004.06᠂ ᠠᠮᠧᠷᠢᠺᠠ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠢᠳᠡᠷ ᠵᠠᠯᠠᠭᠤ ᠤᠳᠤᠷᠢᠳᠬᠤ ᠺᠠᠳ᠋ᠷ ᠤᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠳᠤ ᠤᠷᠤᠯᠴᠠᠪᠠ︶᠃      2006.04 — 2010.07 ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠠᠯᠪᠠᠨ ᠬᠡᠷ ᠤᠨ ᠡᠷᠬᠢᠯᠡᠭᠴᠢ ︵ᠡᠨᠡ ᠬᠤᠭᠤᠴᠠᠭᠠᠨ ᠳᠤ᠄ 2008.04 — 2008.07 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷ ᠤᠨ ᠪᠣᠯᠪᠠᠰᠤᠷᠠᠯ ᠤᠨ ᠠᠩᠭᠢ ᠳᠤ ᠰᠤᠷᠤᠯᠴᠠᠪᠠ︶᠃      2010.07 — 2012.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠶᠡᠷᠦᠩᠬᠡᠶᠢᠯᠡᠭᠰᠡᠨ ᠲᠠᠰᠤᠭ ᠤᠨ ᠡᠷᠬᠢᠯᠡᠭᠴᠢ᠃      2012.04 — 2016.12 ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠃      2016.12 — 2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠃      2017.09 — 2018.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ᠃      2018.02 — 2018.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ᠂ ᠦᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠃      2018.03 — 2020.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠨᠢᠭᠤᠴᠠ ᠶᠢ ᠬᠠᠮᠠᠭᠠᠯᠠᠬᠤ ᠵᠥᠪᠯᠡᠯ ᠤᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ᠃      2020.03 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ᠃      ᠠᠵᠢᠯ ᠤᠨ ᠬᠤᠪᠢᠶᠠᠷᠢᠯᠠᠯ᠄ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃      ᠬᠠᠷᠢᠯᠴᠠᠬᠤ ᠤᠲᠠᠰᠤ᠄ 0471 — 6967812   ᠢᠮᠧᠯ᠄ zdb@nmgwlt .cn
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号