ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠯ᠎ᠡ ᠠᠶᠢᠮᠠᠭ ᠬᠤᠲᠠ | ᠪᠣᠯᠣᠨ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ | ᠪᠠᠶᠢᠭᠤᠯᠭ᠎ᠠ ᠶᠢᠨ ᠡᠯ᠎ᠡ ᠭᠠᠵᠠᠷ᠂ ᠠᠯᠪᠠᠨ ᠭᠡᠷ᠂ ᠡᠯ᠎ᠡ ᠰᠢᠭᠤᠳ ᠬᠠᠷᠢᠶ᠎ᠠ ᠨᠢᠭᠡᠴᠢ ᠳᠤ᠄ | ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠣᠨ ᠤ | ᠠᠵᠢᠯ ᠤᠨ ᠭᠤᠤᠯᠳᠠᠯᠭ᠎ᠠ︾ ᠶᠢ ᠰᠣᠶᠣᠯ ᠪᠠ ᠵᠢᠭᠤᠯᠴᠢᠯᠠᠯ ᠤᠨ ᠲᠢᠩᠬᠢᠮ 2020 ᠣᠨ ᠤ 3 ᠳ᠋ᠤᠭᠠᠷ ᠣᠳᠠᠭᠠᠨ ᠤ | ᠨᠠᠮ ᠤᠨ ᠤᠳᠤᠷᠢᠳᠬᠤ ᠳᠣᠭᠤᠶᠢᠯᠠᠩ ᠤᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ | ᠬᠡᠷᠡᠭᠲᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ | 2020 ᠣᠨ ᠤ 2 ᠳ᠋ᠣᠭᠠᠷ ᠰᠠᠷ᠎ᠠ ᠶᠢᠨ 20 ᠤ ᠡᠳᠦᠷ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠤᠨ ᠤ ᠠᠵᠢᠯ ᠤᠨ | ᠭᠤᠤᠯᠳᠠᠯᠭ᠎ᠠ | 2020 ᠤᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ | ᠰᠢᠪᠳᠣᠷᠭᠠᠨ ᠤ ᠵᠢᠯ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠰᠡᠭᠦᠯ ᠤᠨ | ᠵᠢᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣ ᠪᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ | ᠰᠢᠵᠢᠮ ᠪᠣᠯᠭᠠᠵᠤ᠂ ︽ᠠᠭᠤᠰᠣᠯᠴᠠᠭᠤᠯᠬᠤ ᠳᠤ ᠲᠣᠬᠢᠷᠠᠮᠵᠢᠲᠠᠶ ᠪᠣᠯ ᠠᠭᠤᠰᠬᠠᠵᠤ᠂ ᠠᠭᠤᠰᠤᠯᠴᠠᠭᠤᠯᠬᠤ ᠳᠤ ᠪᠠᠨ | ᠭᠦᠢᠴᠡᠳ ᠠᠭᠤᠰᠬᠠᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠠᠶᠢᠰᠢᠶᠠᠨ ᠬᠥᠬᠢᠭᠦᠯᠬᠦ︾ | ᠬᠥᠭᠵᠢᠯᠲᠡ ᠶᠢᠨ ᠤᠶᠢᠯᠠᠭᠠᠭᠳᠠᠭᠤᠨ ᠢ ᠪᠠᠷᠢᠮᠲᠠᠯᠠᠨ᠂ ᠦᠢᠯᠡᠳᠭᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠰᠣᠶᠣᠯ ᠪᠠ ᠵᠢᠭᠤᠯᠴᠢᠯᠠᠯ ᠤᠨ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠨ᠎ᠠ᠃ | | ᠨᠢᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠲᠠᠯᠠᠨ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠪᠠᠷ ᠭᠤᠤᠯ ᠠᠭᠤᠯᠭ᠎ᠠ ᠪᠠᠨ ᠪᠣᠯᠭᠠᠬᠤ ᠶᠢ | ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠭᠤᠯᠬᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠠᠵᠢᠯ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠰᠣᠷᠣᠯᠴᠠᠭᠤᠯᠣᠨᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠶᠢ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠥᠨᠢᠳᠡ ᠶᠢᠨ ᠰᠡᠳᠦᠪ ᠪᠠ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ | ᠲᠤᠷᠰᠢᠳᠠ ᠶᠢᠨ ᠰᠡᠳᠦᠪ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ᠂ | ᠳᠦᠷᠢᠮᠵᠢᠭᠦᠯᠬᠦ ᠶᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ | ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠡᠯᠡᠵᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠪᠠᠷ | ᠰᠣᠶᠣᠯ ᠤᠨ ᠪᠠᠶᠢᠭᠤᠯᠤᠯᠲᠠ ᠶᠢ ᠬᠦᠳᠣᠯᠣᠨ ᠳᠠᠭᠠᠭᠤᠯᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ | ᠬᠦᠷᠢᠶᠡᠨ ᠳᠤ ᠬᠢ ᠵᠠᠰᠠᠨ ᠰᠠᠶᠢᠵᠢᠷᠠᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ︽ᠬᠤᠶᠡᠷ ᠢ | ᠬᠠᠮᠠᠭᠠᠯᠠᠬᠤ︾ ᠶᠢ ᠪᠡᠶᠡᠯᠡᠭᠦᠯᠬᠦ᠂ ︽ᠭᠤᠷᠪᠠᠨ ᠥᠯᠢᠭᠡᠷ ᠳᠠᠭᠤᠷᠢᠶᠠᠯ︾ ᠢ ᠰᠠᠶᠢᠲᠤᠷ ᠬᠢᠬᠦ ᠶᠢ ᠭᠤᠤᠯ ᠡᠭᠦᠷᠭᠡ | ᠪᠣᠯᠭᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ᠂ ᠪᠠᠶᠢᠭᠤᠯᠭ᠎ᠠ ᠪᠠᠷ ᠢᠶᠠᠨ ᠰᠢᠰᠲ᠋ᠧᠮ ᠢ | ᠳᠠᠶᠢᠴᠢᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ | ᠠᠯᠬᠤᠮ ᠪᠣᠳᠠᠳᠠᠶᠢᠵᠢᠭᠤᠯᠣᠨ ᠴᠢᠩᠭᠠᠳᠬᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠭᠤᠯᠭ᠎ᠠ ᠶᠢᠨ ᠤᠯᠤᠰ ᠲᠦᠷᠦ ᠶᠢᠨ | ᠠᠮᠢ ᠠᠬᠤᠢ ᠶᠢ ᠢᠳᠡᠪᠬᠢᠲᠡᠢ ᠪᠤᠢ ᠪᠣᠯᠭᠠᠨ᠎ᠠ᠃ | | ᠬᠤᠶᠠᠷ᠂ ᠤᠷᠠᠯᠢᠭ ᠤᠨ ᠵᠣᠬᠢᠶᠠᠨ ᠪᠦᠳᠦᠭᠡᠯᠭᠡ ᠪᠡ ᠲᠣᠭᠯᠠᠯᠲᠠ ᠶᠢ ᠴᠡᠴᠡᠭᠯᠡᠭᠦᠯᠦᠨ ᠬᠦᠭᠵᠢᠭᠦᠯᠦᠨ᠎ᠡ | ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠤᠳᠤ | ᠦᠶ᠎ᠡ ᠶᠢᠨ ᠳᠤᠮᠳᠠᠳᠤ ᠤᠯᠤᠰ ᠤᠨ ᠦᠷᠳᠡᠭ ᠢ ᠤᠯᠠᠮᠵᠢᠯᠠᠬᠤ᠂ ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠶᠢ | ᠢᠯᠡᠷᠡᠭᠦᠯᠬᠦ᠂ ᠲᠤᠮᠳᠠᠳᠤᠴᠤᠳ ᠤᠨ ᠭᠤᠸ᠎ᠠ ᠲᠠᠭᠠᠰᠢᠶᠠᠯ ᠤᠨ ᠬᠥᠭᠡᠭᠡᠴᠡᠯᠳᠦᠯ ᠢ ᠲᠤᠰᠬᠠᠬᠤ᠂ ᠦᠵᠡᠯ ᠰᠠᠨᠠᠭ᠎ᠠ ᠨᠢ | ᠭᠦᠨ᠂ ᠤᠷᠠᠯᠢᠭ ᠨᠢ ᠨᠠᠷᠢᠯᠢᠭ᠂ ᠵᠣᠬᠢᠶᠠᠨ ᠪᠦᠳᠦᠭᠡᠯᠭᠡ ᠨᠢ ᠣᠬᠢ ᠰᠢᠯᠢᠳᠡᠭ ᠣᠳᠬ᠎ᠠ ᠤᠷᠠᠯᠢᠭ ᠤᠨ ᠰᠣᠳᠣᠨ | ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ ᠭᠠᠷᠭᠠᠬᠤ ᠪᠠᠷ ᠴᠢᠷᠮᠠᠶᠢᠬᠤ ᠬᠡᠷᠡᠭᠲᠡᠢ᠃ ︽ᠤᠯᠠᠭᠠᠨᠮᠥ᠋ᠴᠢᠷ ᠤᠨ | ᠳᠦᠷᠢᠮ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠬᠦᠭᠵᠢᠯᠳᠡ ᠶᠢ | ᠠᠬᠢᠭᠤᠯᠤᠨ᠎ᠠ᠃ ᠤᠯᠠᠭᠠᠨᠮᠥ᠋ᠴᠢᠷ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠤᠯᠠᠭᠠᠨᠮᠥ᠋ᠴᠢᠷ ᠤᠨ | ᠰᠢᠨ᠎ᠡ ᠬᠥᠮᠦᠨ ᠂ ᠰᠢᠨ᠎ᠡ ᠪᠦᠲᠦᠭᠡᠯ ᠤᠨ ᠤᠷᠤᠯᠳᠤᠭᠠᠨ ᠪᠠ ᠤᠯᠠᠭᠠᠨᠮᠥ᠋ᠴᠢᠷ ᠤᠨ ᠰᠣᠯᠢᠯᠴᠠᠭ᠎ᠠ ᠲᠣᠭᠯᠠᠯᠲᠠ ᠶᠢᠨ | ᠰᠠᠷ᠎ᠠ ᠶᠢᠨ ᠠᠵᠢᠯᠯᠠᠭ᠎ᠠ ᠶᠢ ᠡᠷᠭᠢᠯᠡᠨ᠎ᠡ᠃ ᠤᠯᠠᠭᠠᠨᠮᠥ᠋ᠴᠢᠷ ᠤᠨ ᠪᠡᠯᠡᠳᠬᠡᠮᠵᠢ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠤᠯᠠᠭᠠᠨᠮᠥ᠋ᠴᠢᠷ ᠤᠨ ᠰᠣᠩᠭᠤᠳᠠᠭ ᠵᠦᠴᠦᠭᠡ ︵ᠬᠡᠰᠡᠭ︶ ᠶᠢᠨ ᠭᠠᠷᠴᠠᠭ ᠢ ᠨᠠᠶᠢᠷᠠᠭᠤᠯᠤᠨ | ᠬᠡᠪᠯᠡᠭᠦᠯᠦᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠭᠤᠤᠯ ᠰᠡᠳᠦᠪᠲᠦ ᠤᠳᠬ᠎ᠠ ᠤᠷᠠᠯᠢᠭ ᠤᠨ | ᠵᠣᠬᠢᠶᠠᠨ ᠪᠦᠲᠦᠭᠡᠯᠭᠡ ᠶᠢ ᠰᠠᠶᠢᠲᠤᠷ ᠠᠳᠬᠤᠵᠤ᠂ ᠬᠠᠲᠤᠨ ᠭᠤᠤᠯ ᠤᠨ ᠰᠡᠳᠦᠪ ᠪᠠ ᠶᠠᠳᠠᠭᠤ ᠶᠢ ᠲᠡᠳᠬᠦᠬᠦ | ᠰᠡᠳᠦᠪᠲᠦ ᠤᠷᠠᠯᠢᠭ ᠤᠨ ᠪᠦᠲᠦᠭᠡᠯ ᠢ ᠵᠣᠬᠢᠶᠠᠨ ᠪᠦᠳᠦᠭᠡᠵᠤ ᠭᠠᠷᠭᠠᠬᠤ ᠶᠢ ᠴᠢᠩᠭᠠᠳᠬᠠᠵᠤ᠂ ᠪᠥᠵᠢᠭᠲᠦ ᠵᠦᠴᠦᠭᠡ | ︽ᠮᠣᠷᠢᠲᠤ ᠴᠡᠷᠢᠭ︾᠂ ᠶᠠᠷᠢᠶᠠᠲᠤ ᠵᠦᠴᠦᠭᠡ ︽ᠬᠤᠷᠤᠭᠤᠨ ᠤ ᠤᠯᠠᠭᠠᠨ ᠣᠷᠣᠮ︾ ᠳᠤ ᠵᠠᠰᠠᠪᠤᠷᠢ ᠣᠷᠣᠭᠤᠯᠤᠨ | ᠴᠢᠨᠠᠷᠵᠢᠭᠤᠯᠵᠣ᠂ ᠨᠠᠶᠢᠷᠠᠯ ᠬᠦᠭᠵᠢᠮ ︽ᠲᠤᠭ︾᠂ ᠦᠨᠳᠦᠰᠦᠲᠡᠨ ᠤ ᠳᠠᠭᠤᠯᠠᠯᠳᠤ ᠵᠦᠴᠦᠭᠡ ︽ ᠵᠢᠩᠭᠠᠷ︾᠂ ︽ | ᠭᠤᠷᠪᠠᠨ ᠮᠢᠩᠭᠠᠨ ᠦᠨᠦᠴᠢᠨ ᠬᠡᠤᠬᠡᠳ︾ ᠵᠡᠷᠭᠡ ᠪᠦᠳᠦᠭᠡᠯ ᠤᠨ ᠲᠣᠭᠯᠠᠬᠤ ᠲᠥᠯᠥᠪᠯᠡᠭᠡ ᠶᠢ ᠡᠬᠢᠯᠡᠭᠦᠯᠵᠦ᠂ | ᠦᠨᠳᠦᠰᠦᠲᠡᠨ ᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ | ᠶᠢᠨ ᠦᠵᠡᠭᠦᠯᠭᠡ ᠶᠢ ᠵᠣᠬᠢᠶᠠᠨ ᠪᠠᠶᠢᠭᠤᠯᠤᠨ᠎ᠠ᠃ ᠰᠣᠶᠣᠯ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ | ᠭᠠᠷᠭᠠᠬᠤ ᠶᠢ ᠤᠯᠠᠮᠵᠢᠯᠠᠨ ᠳᠡᠯᠭᠡᠷᠡᠭᠦᠯᠵᠦ᠂ ᠬᠦᠳᠦᠯᠦᠨ ᠵᠢᠯᠣᠭᠤᠳᠬᠤ ᠂ ᠤᠷᠮᠠᠰᠢᠭᠤᠯᠬᠤ ᠲᠣᠭᠲᠠᠴᠠ ᠶᠢ | ᠲᠠᠰᠤᠷᠠᠯᠲᠠ ᠦᠭᠡᠢ ᠳᠡᠭᠦᠯᠳᠡᠷᠵᠢᠭᠦᠯᠦᠨ᠎ᠡ᠃ ᠴᠢᠬᠤᠯᠠ ᠶᠡᠭᠡ ᠤᠳᠬ᠎ᠠ ᠤᠷᠠᠯᠢᠭ ᠤᠨ ᠲᠣᠭᠯᠠᠯᠲᠠ ᠶᠢᠨ | ᠠᠵᠢᠯᠯᠠᠭ᠎ᠠ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ | ᠪᠠᠳᠠᠷᠠᠭᠤᠯᠵᠤ᠂ ︽ᠵᠠᠭᠤᠨ ᠪᠦᠯᠬᠦᠮ ᠮᠢᠩᠭᠠᠨ ᠲᠠᠯᠠᠪᠠᠢ ᠶᠢᠨ ᠲᠣᠭᠯᠠᠯᠲᠠ ᠦᠨᠳᠦᠰᠦᠨ ᠱᠠᠲᠤᠨ ᠳᠤ ᠪᠠᠭᠤᠬᠤ︾᠂ | ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠵᠡᠷᠭᠡ ᠠᠷᠠᠳ ᠲᠦᠮᠡᠨ ᠳᠤ ᠠᠰᠢᠭ | ᠬᠦᠷᠲᠡᠭᠡᠬᠦ ᠲᠣᠭᠯᠠᠯᠲᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠤᠳᠬ᠎ᠠ ᠣᠷᠠᠯᠢᠭ ᠤᠨ ᠠᠵᠢᠯᠲᠠᠨ ᠤ | ᠦᠨᠳᠦᠰᠦᠨ ᠱᠠᠲᠤᠨ ᠳᠤ ᠭᠦᠨᠵᠡᠭᠡᠶᠢᠷᠡᠨ ᠣᠳᠬ᠎ᠠ ᠰᠡᠳᠣᠪ ᠴᠤᠭᠯᠠᠭᠤᠯᠤᠨ ᠵᠣᠬᠢᠶᠠᠨ ᠪᠦᠲᠦᠭᠡᠬᠦ᠂ ᠬᠠᠷᠢᠴᠠᠭ᠎ᠠ | ᠪᠠᠶᠢᠭᠤᠯᠤᠨ ᠬᠠᠪᠰᠤᠷᠤᠨ ᠲᠡᠳᠬᠦᠬᠦ᠂ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠵᠡᠷᠭᠡ ᠶᠢ | ᠬᠦᠳᠦᠯᠦᠨ ᠵᠢᠯᠣᠭᠤᠳᠬᠤ ᠪᠠ ᠵᠣᠷᠢᠭᠵᠢᠭᠤᠯᠤᠨ᠎ᠠ᠃ ︽ᠥᠪᠥᠷ ᠮᠣᠩᠭᠤᠯ ᠤᠨ ᠳᠠᠭᠤᠤ ᠬᠥᠭᠵᠢᠮ︾᠂ ︽ᠥᠪᠥᠷ | ᠮᠣᠩᠭᠤᠯ ᠤᠨ ᠪᠥᠵᠢᠭ︾ ᠤᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠣᠶ ᠪᠣᠯᠭᠠᠵᠤ᠂ ᠦᠨᠳᠦᠰᠦᠲᠡᠨ ᠤ | ᠳᠠᠭᠤᠤ ᠬᠥᠭᠵᠢᠮ᠂ ᠪᠥᠵᠢᠭ ᠪᠠ ᠬᠤᠪᠴᠠᠰᠤ ᠵᠠᠰᠠᠯ ᠤᠨ ᠤᠷᠠᠯᠢᠭ ᠢ ᠤᠯᠠᠮᠵᠢᠯᠠᠨ ᠪᠠᠳᠠᠷᠠᠭᠤᠯᠵᠤ᠂ ᠥᠪᠥᠷ | ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠪᠥᠬᠦ ᠣᠷᠣᠨ ᠤ ᠪᠥᠵᠢᠭ ᠤᠨ ᠤᠷᠤᠯᠳᠤᠭᠠᠨ ᠪᠠ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠴᠣᠭᠴᠠᠯᠠᠨ ᠪᠠᠶᠢᠭᠤᠯᠬᠤ ᠠᠭᠤᠯᠭ᠎ᠠ ᠪᠦᠬᠦᠢ ᠰᠣᠳᠣᠨ ᠵᠦᠴᠦᠭᠡ ᠶᠢᠨ | ᠦᠵᠡᠭᠦᠯᠦᠯᠭᠡ ᠶᠢᠨ ᠠᠵᠢᠯᠯᠠᠭ᠎ᠠ ᠶᠢ ᠡᠷᠭᠢᠯᠡᠨ᠎ᠡ᠃ ᠤᠷᠠᠯᠢᠭ ᠤᠨ ᠳᠠᠩᠰᠠ ᠡᠪᠬᠡᠮᠡᠯ ᠤᠨ ᠣᠷᠳᠣᠨ ᠢ ᠰᠡᠯᠪᠢᠨ ᠵᠠᠰᠠᠵᠤ | ᠥᠭᠡᠷᠡᠴᠢᠯᠡᠬᠦ ᠵᠢᠴᠢ ᠳᠡᠰ ᠳᠡᠪᠰᠢᠭᠦᠯᠬᠦ ᠠᠵᠢᠯ ᠢ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠠᠷᠠᠳ ᠤᠨ | ᠳᠠᠭᠤᠤ ᠶᠢᠨ ᠲᠣᠮᠣ ᠲᠣᠯᠢ︾ ᠶᠢ ᠨᠠᠶᠢᠷᠠᠭᠤᠯᠤᠨ ᠪᠢᠴᠢᠬᠦ ᠠᠵᠢᠯ ᠢ ᠲᠦᠯᠬᠢᠨ ᠠᠬᠢᠭᠤᠯᠣᠨ᠎ᠠ᠃ | | ᠭᠤᠷᠪᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ | ᠠᠷᠠᠳ ᠤᠯᠠᠨ ᠤ ᠰᠣᠶᠣᠯ ᠤᠨ ᠦᠨᠳᠦᠰᠦᠨ ᠬᠡᠷᠡᠭᠴᠡᠭᠡ ᠳᠤ ᠰᠠᠭᠤᠷᠢᠯᠠᠨ᠂ ᠤᠯᠠᠨ ᠨᠡᠶᠢᠲᠡ ᠶᠢᠨ | ᠰᠣᠶᠣᠯ ᠤᠨ ᠦᠨᠳᠦᠰᠦᠨ ᠦᠢᠯᠡᠴᠢᠯᠡᠭᠡᠨ ᠢ ᠪᠠᠷᠢᠮᠵᠢᠶᠠᠵᠢᠭᠤᠯᠤᠨ ᠠᠳᠠᠯᠢ ᠲᠡᠭᠰᠢ ᠪᠣᠯᠭᠠᠬᠤ ᠶᠢ ᠪᠦᠬᠦ ᠲᠠᠯ᠎ᠠ ᠪᠠᠷ | ᠠᠬᠢᠭᠤᠯᠵᠤ᠂ ᠴᠠᠭ ᠦᠶ ᠡ ᠶᠢᠨ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠦᠭᠰᠡᠨ᠂ ᠰᠣᠶᠣᠯ ᠤᠨ | ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠤᠨ᠎ᠠ᠃ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠪᠠᠲᠤᠯᠠᠬᠤ ᠶᠢ | ᠢᠳᠡᠪᠬᠢᠳᠡᠢ ᠪᠠᠷ ᠲᠦᠯᠬᠢᠨ ᠠᠬᠢᠭᠤᠯᠤᠨ᠎ᠠ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ | ᠱᠠᠭᠠᠷᠳᠠᠯᠭ᠎ᠠ ᠲᠠᠢ ᠬᠠᠷᠢᠴᠠᠭᠤᠯᠵᠤ᠂ ᠬᠤᠰᠢᠭᠤ ᠰᠢᠶᠠᠨ ᠤ ᠨᠣᠮ ᠤᠨ ᠰᠠᠩ᠂ ᠰᠣᠶᠣᠯ ᠤᠨ ᠣᠷᠳᠣᠨ ᠤ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠥᠷᠢᠯᠡᠨ᠎ᠡ᠃ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠤ ᠰᠢᠨ᠎ᠡ | ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠵᠣᠷᠯᠣᠩ ᠤᠨ ᠪᠠᠶᠢᠭᠤᠯᠤᠯᠲᠠ ᠶᠢ ᠴᠢᠩᠭᠠᠳᠬᠠᠨ᠂ | ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠲᠣᠭᠠᠴᠢᠯᠠᠭᠰᠠᠨ ᠨᠣᠮ ᠤᠨ | ᠰᠠᠩ᠂ ᠲᠣᠭᠠᠴᠢᠯᠠᠭᠰᠠᠨ ᠰᠣᠶᠣᠯ ᠤᠨ ᠣᠷᠳᠣᠨ᠂ ᠲᠣᠭᠠᠴᠢᠯᠠᠭᠰᠠᠨ ᠦᠵᠡᠰᠬᠦᠯᠡᠩ ᠤᠨ ᠣᠷᠳᠣᠨ ᠪᠠ ᠮᠣᠩᠭᠤᠯ | ᠡᠷᠲᠡᠨ ᠤ ᠪᠢᠴᠢᠭ ᠮᠠᠲ᠋ᠧᠷᠢᠶᠠᠯ ᠤᠨ ᠲᠥᠪ᠂ ᠥᠪᠥᠷ ᠮᠣᠩᠭᠤᠯ ᠤᠨ ᠭᠡᠷᠡᠯ ᠵᠢᠷᠤᠭ ᠤᠨ ᠰᠦᠯᠵᠢᠶᠡᠨ ᠤ | ᠥᠷᠲᠡᠭᠡ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ | ᠬᠦᠷᠢᠶᠡᠨ ᠳᠤ ᠬᠢ ᠡᠯ᠎ᠡ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠬᠦᠷᠭᠡ ᠶᠢᠨ | ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶ ᠪᠡ ᠬᠤᠪᠢᠶᠠᠷᠢ ᠣᠷᠳᠣᠨ ᠤ ᠲᠦᠷᠢᠮ ᠤᠨ | ᠪᠠᠶᠢᠭᠤᠯᠤᠯᠲᠠ᠂ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠤᠯᠢ ᠶᠢᠨ ᠬᠠᠷᠢᠭᠤᠴᠠᠯᠭᠠᠳᠦ ᠬᠥᠮᠦᠨ ᠢ | ᠵᠠᠰᠠᠨ ᠰᠠᠶᠢᠵᠢᠷᠠᠭᠤᠯᠬᠤ ᠪᠦᠲᠦᠴᠡ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠮᠠᠯᠵᠢᠬᠤ | ᠣᠷᠣᠨ ᠤ ᠰᠣᠶᠣᠯ ᠤᠨ ᠡᠷᠦᠬᠡ ᠶᠢ ᠲᠡᠳᠬᠦᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠪᠦᠬᠦ ᠣᠷᠣᠨ ᠤ ᠠᠭᠤᠳᠠᠮ | ᠲᠠᠯᠠᠪᠠᠶ ᠶᠢᠨ ᠪᠥᠵᠢᠭ ᠤᠨ ᠤᠷᠤᠯᠳᠤᠭᠠᠨ᠂ ᠲᠠᠷᠢᠶᠠᠴᠢᠳ ᠮᠠᠯᠴᠢᠳ ᠤᠨ ᠤᠷᠠᠨ ᠰᠠᠶᠢᠬᠠᠨ ᠤ ᠲᠣᠭᠯᠠᠯᠲᠠ᠂ | ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠵᠡᠷᠭᠡ ᠣᠷᠣᠯᠴᠠᠬᠤ ᠤᠷᠮ᠎ᠠ ᠪᠠᠷ ᠥᠨᠳᠥᠷ᠂ | ᠨᠥᠯᠥᠭᠡᠯᠡᠬᠦ ᠬᠡᠪᠴᠢᠶ᠎ᠡ ᠪᠠᠷ ᠥᠷᠭᠡᠨ ᠣᠯᠠᠨ ᠲᠦᠮᠡᠨᠴᠢ ᠴᠢᠨᠠᠷᠲᠠᠶ ᠨᠡᠷᠡᠲᠦ ᠲᠥᠷᠥᠯ ᠲᠡᠮᠳᠡᠭᠲᠦ ᠰᠣᠶᠣᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠰᠢᠰᠲ᠋ᠧᠮ ᠢ ᠪᠤᠶᠢᠵᠢᠭᠤᠯᠤᠨ᠎ᠠ᠃ ᠦᠨᠳᠦᠰᠦᠨ ᠱᠠᠲᠤᠨ ᠤ ᠰᠣᠶᠣᠯ ᠤᠨ ᠡᠩᠨᠡᠭᠡᠨ ᠤ | ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠎ᠠ᠃ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠦᠵᠡᠰᠬᠦᠯᠡᠩ ᠤᠨ ᠠᠵᠢᠯᠯᠠᠭ᠎ᠠ ᠶᠢ ᠤᠬᠠᠭᠠᠯᠠᠨ ᠡᠷᠬᠢᠯᠡᠨ᠎ᠡ᠃ ᠰᠣᠶᠣᠯ ᠪᠠ | ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠲᠠᠪᠴᠠᠩ ᠪᠠ ᠰᠣᠶᠣᠯ ᠤᠨ ᠡᠬᠢ ᠪᠠᠶᠠᠯᠢᠭ ᠤᠨ ᠮᠡᠳᠡᠭᠡ ᠵᠠᠩᠭᠢ ᠶᠢᠨ | ᠬᠥᠮᠥᠷᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ | ᠣᠷᠣᠨ ᠨᠤᠲᠤᠭ ᠤᠨ ᠪᠠᠷᠢᠮᠵᠢᠶ᠎ᠠ ᠶᠢ ᠲᠦᠯᠬᠢᠨ ᠠᠬᠢᠭᠤᠯᠤᠨ᠎ᠠ᠃ | | ᠲᠦᠷᠪᠡ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ | ᠬᠠᠮᠠᠭᠠᠯᠠᠯᠳᠠ ᠪᠠᠨ ᠪᠠᠳᠣᠯᠠᠭᠠᠵᠢᠭᠤᠯᠵᠤ᠂ ᠬᠠᠮᠠᠭᠠᠯᠠᠬᠤ ᠪᠠ ᠬᠡᠷᠡᠭᠯᠡᠬᠦ ᠶᠢ ᠣᠶᠠᠯᠳᠣᠭᠤᠯᠣᠨ᠂ ᠲᠡᠤᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠤᠬᠡ ᠶᠢᠨ ᠳᠤᠷᠠᠰᠬᠠᠯᠲᠤ | ᠵᠦᠢᠯᠡᠰ ᠲᠤ ᠠᠭᠤᠯᠤᠭᠳᠠᠵᠤ ᠪᠠᠶᠢᠭ᠎ᠠ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠳᠡᠭ ᠢ | ᠭᠦᠨᠵᠡᠭᠡᠶ ᠠᠭᠤᠳᠠᠯᠬᠤ ᠪᠠ ᠰᠢᠰᠲ᠋ᠧᠮ ᠲᠠᠢ ᠪᠠᠷ ᠲᠠᠶᠢᠯᠪᠤᠷᠢᠯᠠᠵᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠵᠦᠶ | ᠵᠣᠬᠢᠰᠲᠠᠶ ᠠᠰᠢᠭᠯᠠᠬᠤ ᠶᠢ ᠲᠦᠯᠬᠢᠨ ᠠᠬᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠭᠰᠠᠨ ᠦᠷ᠎ᠡ | ᠪᠦᠲᠦᠭᠡᠯ ᠢ ᠠᠷᠠᠳ ᠤᠯᠠᠨ ᠳᠤ ᠨᠡᠩ ᠢᠯᠡᠭᠦᠤ ᠬᠦᠷᠲᠡᠭᠡᠬᠦ ᠬᠡᠷᠡᠭᠲᠡᠶ᠃ ᠬᠠᠳᠤᠨ ᠭᠤᠣᠯ ᠤᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠠᠵᠢᠯ ᠢ ᠴᠢᠩᠭᠠᠳᠬᠠᠵᠤ᠂ ᠥᠪᠥᠷ ᠮᠣᠩᠭᠤᠯ ᠤᠨ ᠬᠠᠳᠤᠨ ᠭᠤᠣᠯ ᠤᠨ | ᠰᠣᠶᠣᠯ ᠢ ᠬᠠᠮᠠᠭᠠᠯᠠᠵᠤ ᠰᠤᠳᠤᠯᠬᠤ ᠲᠥᠪ ᠢ ᠪᠠᠶᠢᠭᠤᠯᠵᠤ᠂ ᠬᠠᠳᠤᠨ ᠭᠤᠣᠯ ᠤᠨ ᠰᠣᠶᠣᠯ ᠤᠨ ᠰᠢᠰᠲ᠋ᠧᠮ ᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠰᠢᠷᠬᠤᠰᠣᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ | ᠬᠤᠷᠢᠨᠭᠡᠷ ᠤᠨ ᠰᠢᠷᠣᠢ ᠶᠢᠨ ᠬᠤᠲᠠ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ | ᠪᠠᠶᠢᠭᠤᠯᠣᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠷᠬᠤᠰᠣᠨ ᠬᠠᠭᠤᠴᠢ ᠰᠣᠳᠣᠯᠣᠯ ᠤᠨ ᠣᠯᠠᠨ | ᠤᠯᠤᠰ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠣᠭᠤᠯᠣᠨ᠎ᠠ᠃ ︽ᠥᠪᠥᠷ ᠮᠣᠩᠭᠤᠯ ᠤᠨ ᠣᠷᠳᠣ ᠴᠠᠭᠠᠨ | ᠬᠡᠷᠡᠮ ᠤᠨ ᠬᠠᠮᠠᠭᠠᠯᠠᠯᠲᠠ ᠶᠢᠨ ᠶᠡᠷᠦᠩᠬᠡᠶ ᠲᠥᠯᠥᠪᠵᠢᠭᠦᠯᠭᠡ︾ ᠶᠢ ᠨᠡᠶᠢᠳᠡᠯᠡᠨ ᠬᠡᠷᠡᠭᠵᠢᠭᠦᠯᠵᠦ᠂ ᠭᠤᠤᠯᠳᠠᠯᠭ᠎ᠠ ᠲᠠᠢ | ᠬᠡᠰᠡᠭ ᠲᠤ ᠠᠶᠤᠯ ᠠᠴᠠ ᠠᠪᠤᠷᠠᠵᠤ ᠬᠠᠮᠠᠭᠠᠯᠠᠬᠤ ᠠᠵᠢᠯ ᠢ ᠦᠷᠨᠢᠭᠦᠯᠵᠣ᠂ ᠥᠪᠥᠷ ᠮᠣᠩᠭᠤᠯ ᠤᠨ ᠣᠷᠳᠣ ᠴᠠᠭᠠᠨ | ᠬᠡᠷᠡᠮ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ | ᠡᠬᠢᠯᠡᠭᠦᠯᠦᠨ᠎ᠡ᠃ ᠯᠢᠶᠣᠤ ᠤᠯᠤᠰ ᠤᠨ ᠳᠡᠭᠡᠳᠦ ᠨᠡᠶᠢᠰᠯᠡᠯ ᠪᠣᠯᠤᠨ ᠳᠡᠭᠡᠳᠦᠰ ᠤᠨ ᠣᠩᠭᠤᠨ ᠤ ᠪᠠᠭᠤᠷᠢ᠂ | ᠣᠯᠠᠭᠠᠨᠬᠠᠳᠠ ᠶᠢᠨ ᠪᠠᠭᠤᠷᠢ ᠶᠢᠨ ᠪᠦᠯᠦᠭᠯᠡᠯ᠂ ᠮᠤᠨᠢ ᠠᠭᠤᠯᠠ ᠶᠢᠨ ᠬᠠᠳᠠᠨ ᠰᠡᠶᠢᠯᠦᠮᠡᠯ᠂ ᠲᠦᠮᠡᠨ ᠭᠠᠵᠠᠷ ᠤᠨ | ᠴᠠᠢ ᠶᠢᠨ ᠵᠠᠮ ᠵᠡᠷᠭᠡ ᠶᠢ ᠭᠤᠣᠯᠳᠠᠯᠭ᠎ᠠ ᠲᠠᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ᠂ ᠡᠷᠲᠡᠨ ᠤ ᠪᠠᠭᠤᠷᠢ᠂ ᠡᠷᠲᠡᠨ ᠤ ᠪᠤᠯᠠᠰᠢ᠂ ᠡᠷᠲᠡᠨ ᠤ ᠪᠠᠷᠢᠯᠭ᠎ᠠ ᠵᠡᠷᠭᠡ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ᠎ᠠ᠃ ︽ᠥᠪᠥᠷ | ᠮᠣᠩᠭᠤᠯ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠦᠷᠢᠮ︾ ᠤᠨ ᠬᠠᠤᠯᠢ | ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠬᠢᠩᠭᠠᠨ ᠠᠶᠢᠮᠠᠭ ᠤᠨ ︽ᠨᠢᠭᠡ ᠣᠷᠳᠣᠨ ᠠᠷᠪᠠᠨ | ᠭᠠᠵᠠᠷ︾᠂ ᠣᠷᠳᠣᠰ ᠤᠨ ᠪᠣᠷᠣᠪᠠᠯᠭᠠᠰᠣ᠂ ᠲᠣᠭᠤᠷᠢᠮ ᠵᠡᠷᠭᠡ ᠭᠠᠵᠠᠷ ᠣᠷᠣᠨ᠂ ᠳᠠᠯᠠᠨ ᠬᠠᠷ᠎ᠠ ᠠᠭᠤᠯᠠ ᠶᠢᠨ | ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠵᠡᠷᠭᠡ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ | ᠲᠥᠪᠯᠡᠷᠡᠭᠦᠯᠦᠨ ᠵᠠᠯᠭᠠᠯᠳᠣᠭᠤᠯᠣᠨ ᠬᠠᠮᠠᠭᠠᠯᠠᠵᠤ ᠠᠰᠢᠭᠯᠠᠬᠤ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ | ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠳᠡᠭᠦᠯᠳᠡᠷᠵᠢᠭᠦᠯᠵᠤ᠂ ᠤᠷᠲᠤ | ᠴᠠᠭᠠᠨ ᠬᠡᠷᠡᠮ ᠤᠨ ᠳᠠᠷᠤᠭ᠎ᠠ ᠶᠢᠨ ᠳᠦᠷᠢᠮ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠬᠠᠤᠯᠢ ᠶᠢᠨ | ᠡᠷᠬᠡᠲᠡᠨ ᠤ ᠬᠠᠤᠯᠢ ᠠᠴᠠ ᠵᠥᠷᠢᠴᠡᠭᠰᠡᠨ᠂ ᠬᠤᠯᠠᠭᠠᠶᠢᠯᠠᠨ ᠮᠠᠯᠲᠠᠭᠰᠠᠨ᠂ ᠭᠠᠯ ᠤᠨ ᠠᠶᠤᠯ ᠤᠨ ᠠᠳᠡᠯ ᠵᠡᠷᠭᠡ | ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠦᠨ᠂ | ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠠᠵᠢᠯ ᠢ | ᠴᠢᠩᠭᠠᠳᠬᠠᠨ᠎ᠠ᠃ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠣᠷᠴᠢᠨ ᠠᠬᠤᠶ ᠶᠢ ᠬᠠᠮᠠᠭᠠᠯᠠᠵᠣ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ ᠲᠠᠢ | ᠬᠠᠮᠵᠢᠯᠴᠠᠨ ᠬᠠᠭᠤᠴᠢ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠲᠡᠤᠬᠡ ᠶᠢᠨ ᠳᠣᠷᠠᠰᠬᠠᠯᠳᠣ ᠵᠦᠢᠯᠡᠰ ᠤᠨ ᠬᠠᠭᠤᠴᠢ ᠰᠤᠳᠤᠯᠤᠯ ᠤᠨ ᠰᠠᠭᠤᠷᠢᠨ ᠭᠠᠵᠠᠷ ᠢ ᠲᠥᠯᠥᠪᠯᠡᠨ ᠪᠦᠲᠦᠭᠡᠨ | ᠪᠠᠶᠢᠭᠤᠯᠤᠨ᠎ᠠ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠶᠢᠨ ᠳᠡᠯᠭᠡᠨ ᠦᠵᠡᠭᠦᠯᠦᠯᠭᠡ᠂ | ᠲᠡᠤᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠬᠤ ᠠᠵᠢᠯ ᠢ ᠰᠠᠶᠢᠲᠤᠷ ᠬᠢᠨ᠎ᠡ᠃ ᠣᠷᠣᠨ ᠨᠤᠲᠤᠭ ᠤᠨ | ᠵᠠᠰᠠᠭ ᠤᠨ ᠣᠷᠳᠣᠨ ᠲᠠᠢ ᠬᠠᠮᠵᠢᠯᠴᠠᠨ ᠬᠢᠳᠠᠨ ᠯᠢᠶᠣᠤ ᠤᠯᠤᠰ ᠤᠨ ᠮᠦᠽᠧᠶ᠂ ᠥᠪᠥᠷ ᠮᠣᠩᠭᠤᠯ ᠤᠨ ᠠᠵᠤ | ᠦᠢᠯᠡᠳᠪᠣᠷᠢ ᠶᠢᠨ ᠮᠦᠽᠧᠶ᠂ ᠬᠥᠯᠥᠨ ᠪᠣᠶᠢᠷ ᠤᠨ ᠲᠡᠤᠬᠡ ᠶᠢᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ | ᠳᠦᠯᠬᠢᠨ ᠠᠬᠢᠭᠤᠯᠤᠨ᠎ᠠ᠃ | | ᠲᠠᠪᠤ᠂ ᠪᠣᠳᠠᠰ ᠤᠨ ᠪᠤᠰᠤ ᠰᠣᠶᠣᠯ ᠤᠨ ᠦᠪ ᠢ ᠦᠪᠯᠡᠨ ᠣᠯᠠᠮᠵᠢᠯᠠᠬᠤ ᠪᠡ ᠬᠠᠮᠠᠭᠠᠯᠠᠯᠲᠠ ᠶᠢ | ᠴᠢᠩᠭᠠᠳᠬᠠᠨ᠎ᠠ | ︽ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠂ ᠴᠢᠳᠠᠪᠤᠷᠢ ᠪᠠᠨ ᠳᠡᠭᠡᠭᠰᠢᠯᠡᠭᠦᠯᠬᠦ᠂ ᠦᠨ᠎ᠡ ᠥᠷᠲᠡᠭ ᠢᠶᠠᠨ | ᠪᠠᠳᠠᠷᠠᠭᠤᠯᠬᠤ᠂ ᠬᠥᠭᠵᠢᠭᠦᠯᠦᠨ ᠮᠠᠨᠳᠤᠭᠤᠯᠬᠤ︾ ᠪᠠᠷ ᠭᠤᠤᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠮᠦᠨ ᠢ | ᠬᠥᠮᠦᠵᠢᠭᠦᠯᠬᠦ ᠪᠠᠷ ᠭᠤᠤᠯ ᠪᠣᠯᠭᠠᠨ᠂ ᠣᠳᠣ ᠦᠶ᠎ᠡ ᠶᠢᠨ ᠠᠮᠢᠳᠤᠷᠠᠯ ᠳᠤ ᠠᠭᠤᠰᠬᠠᠬᠤ ᠪᠠᠷ ᠤᠳᠤᠷᠢᠳᠤᠮᠵᠢ | ᠪᠣᠯᠭᠠᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠬᠢᠷᠢ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠬᠠᠮᠠᠭᠠᠯᠠᠯᠲᠠ ᠶᠢ | ᠦᠷᠭᠦᠯᠵᠢᠯᠡᠨ ᠴᠢᠩᠭᠠᠳᠬᠠᠵᠤ᠂ ︽ᠵᠢᠩᠭᠠᠷ︾ ᠢ ᠳᠤᠮᠳᠠᠳᠤ ᠮᠣᠩᠭᠤᠯ ᠬᠠᠮᠲᠤᠷᠠᠨ ᠪᠣᠳᠠᠰ ᠤᠨ ᠪᠤᠰᠤ ᠰᠣᠶᠣᠯ ᠤᠨ | ᠥᠪ ᠢᠶᠠᠷ ᠮᠡᠳᠡᠭᠦᠯᠬᠦ ᠠᠵᠢᠯ ᠢ ᠡᠬᠢᠯᠡᠭᠦᠯᠵᠦ᠂ ︽ᠵᠢᠩᠭᠠᠷ︾ ᠤᠨ ᠣᠯᠠᠨ ᠤᠯᠤᠰ ᠤᠨ ᠰᠤᠳᠤᠯᠤᠨ ᠶᠠᠷᠢᠯᠴᠠᠬᠤ | ᠬᠤᠷᠠᠯ ᠢ ᠬᠤᠷᠠᠯᠳᠤᠭᠤᠯᠤᠨ᠎ᠠ᠃ ᠳᠣᠯᠣᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠭᠤᠶᠤᠴᠢᠯᠠᠨ ᠮᠡᠳᠡᠭᠦᠯᠬᠦ ᠠᠵᠢᠯ ᠢ | ᠥᠷᠨᠢᠭᠦᠯᠦᠨ᠎ᠡ᠃ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠣᠯᠭᠤᠯᠲᠠ ᠶᠢ ᠳᠠᠶᠢᠴᠢᠯᠠᠬᠤ ᠳᠤ ᠲᠣᠬᠢᠷᠠᠬᠤ᠂ ᠵᠠᠬ᠎ᠠ ᠳᠡᠯᠭᠡᠭᠦᠷ ᠤᠨ ᠳᠠᠯᠳᠠ | ᠬᠦᠴᠦᠨ ᠲᠠᠢ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠵᠢᠴᠢ ᠬᠠᠮᠠᠭᠠᠯᠠᠯᠲᠠ ᠶᠢᠨ ᠨᠢᠭᠡᠴᠢ ᠶᠢ | ᠰᠣᠩᠭᠤᠵᠤ᠂ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠠᠵᠢᠯ ᠣᠯᠭᠤᠬᠤ ᠦᠢᠯᠡᠳᠪᠣᠷᠢᠯᠡᠯ ᠤᠨ | ᠭᠠᠵᠠᠷ ᠢ ᠪᠠᠶᠢᠭᠤᠯᠤᠨ᠎ᠠ᠃ ᠬᠠᠳᠬᠤᠮᠠᠯ ᠤᠨ ᠲᠥᠷᠥᠯ ᠤᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ | ᠮᠠᠨᠳᠤᠭᠤᠯᠬᠤ ᠶᠢ ᠢᠳᠡᠪᠬᠢᠲᠡᠢ ᠠᠬᠢᠭᠤᠯᠵᠣ᠂ ᠳᠤᠮᠳᠠᠳᠤ ᠤᠯᠤᠰ ᠤᠨ ᠭᠠᠷ ᠤᠷᠠᠯᠠᠯ ᠤᠨ ᠬᠠᠳᠬᠤᠮᠠᠯ ᠤᠨ | ᠤᠷᠤᠯᠳᠤᠭᠠᠨ ᠢ ᠡᠷᠬᠢᠯᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠶ | ᠬᠠᠮᠠᠭᠠᠯᠠᠯᠲᠠ ᠶᠢ ᠢᠳᠡᠪᠬᠢᠲᠡᠢ ᠰᠦᠪᠡᠭᠴᠢᠯᠡᠵᠣ᠂ ᠥᠪᠡᠷᠲᠡᠭᠡᠨ ᠵᠠᠰᠠᠬᠤ ᠣᠷᠣᠨ ᠤ ᠲᠡᠰ ᠤᠨᠰᠣᠶᠣᠯ ᠤᠨ ᠠᠮᠢ | ᠠᠬᠤᠢ ᠶᠢᠨ ᠬᠠᠮᠠᠭᠠᠯᠠᠯᠲᠠ ᠵᠢᠨᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠪᠠᠭᠠᠷᠢᠨ ᠪᠠᠷᠠᠭᠤᠨ | ᠬᠤᠰᠢᠭᠤᠨ ᠤ ︽ᠭᠡᠰᠡᠷ︾ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠲᠡᠰ ᠤᠨ | ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠣᠷᠰᠢᠯᠲᠠ ᠶᠢᠨ ᠣᠷᠣᠨ ᠢᠶᠠᠷ ᠭᠤᠶᠤᠴᠢᠯᠠᠨ ᠮᠡᠳᠡᠭᠦᠯᠦᠨ᠎ᠡ ᠃ | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠬᠥᠮᠦᠰ ᠤᠨ ᠰᠤᠳᠤᠯᠤᠨ ᠰᠤᠷᠤᠯᠴᠠᠬᠤ | ᠪᠣᠯᠪᠠᠰᠣᠷᠠᠭᠤᠯᠣᠯ ᠤᠨ ᠲᠥᠯᠥᠪᠯᠡᠭᠡ ᠶᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠦᠪ ᠢ ᠣᠯᠠᠮᠵᠢᠯᠠᠨ | ᠵᠠᠯᠭᠠᠮᠵᠢᠯᠠᠬᠤ ᠬᠥᠮᠦᠰ ᠤᠨ ᠰᠤᠳᠤᠯᠤᠨ ᠬᠦᠮᠦᠵᠢᠭᠦᠯᠦᠭᠰᠡᠨ ᠦᠷ᠎ᠡ ᠪᠦᠳᠦᠭᠡᠯ ᠤᠨ ᠦᠵᠡᠰᠬᠦᠯᠡᠩ ᠢ ᠡᠷᠬᠢᠯᠡᠨ᠎ᠡ᠃ | ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ ᠪᠠ ᠰᠣᠯᠢᠯᠴᠠᠬᠤ ᠠᠵᠢᠯ ᠢ | ᠴᠢᠩᠭᠠᠳᠬᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ ᠳᠡᠯᠭᠡᠨ | ᠪᠣᠷᠣᠯᠠᠭᠤᠯᠬᠤ ᠰᠠᠭᠤᠷᠢᠨ ᠭᠠᠵᠠᠷ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ | ᠵᠠᠯᠭᠠᠮᠵᠢᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ | ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠣᠯᠲᠠ ᠶᠢ ᠠᠬᠢᠭᠤᠯᠤᠨ᠎ᠠ᠃ ᠨᠢᠭᠡ ᠪᠦᠯᠦᠭ ᠪᠣᠳᠠᠰ ᠤᠨ ᠪᠤᠰᠤ | ᠰᠣᠶᠣᠯ ᠤᠨ ᠥᠪ ᠤᠨ ᠵᠢᠭᠤᠯᠴᠢᠯᠡᠯ ᠤᠨ ᠰᠣᠳᠣᠨ ᠵᠠᠮ ᠱᠤᠭᠤᠮ ᠢ ᠭᠠᠷᠭᠠᠵᠤ᠂ ᠪᠣᠳᠠᠰ ᠤᠨ ᠪᠤᠰᠤ ᠰᠣᠶᠣᠯ ᠤᠨ | ᠦᠪ ᠤᠨ ᠪᠦᠳᠦᠭᠡᠭᠳᠡᠭᠦᠨ ᠢ ᠦᠵᠡᠮᠵᠢ ᠶᠢᠨ ᠣᠷᠣᠨ᠂ ᠬᠤᠳᠠᠯᠳᠤᠭᠠᠨ ᠤ ᠲᠠᠯᠠᠪᠠᠢ ᠳᠤ ᠣᠷᠣᠭᠤᠯᠬᠤ ᠶᠢ | ᠠᠬᠢᠭᠤᠯᠤᠨ᠎ᠠ᠃ | | ᠵᠢᠷᠭᠤᠭ᠎ᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ᠎ᠡ | ︽ᠠᠭᠤᠰᠤᠯᠴᠠᠭᠤᠯᠬᠤ ᠳᠤ ᠲᠣᠬᠢᠷᠠᠮᠵᠢᠲᠠᠢ ᠪᠣᠯ ᠠᠭᠤᠰᠤᠯᠴᠠᠭᠤᠯᠬᠤ᠂ ᠠᠭᠤᠰᠤᠯᠴᠠᠭᠤᠯᠬᠤ ᠳᠤ ᠪᠠᠨ | ᠭᠦᠢᠴᠡᠳ ᠠᠭᠤᠰᠣᠯᠴᠠᠭᠤᠯᠬᠤ᠂ ᠰᠣᠶᠣᠯ ᠢᠶᠠᠷ ᠵᠢᠭᠤᠯᠴᠢᠯᠡᠯ ᠢ ᠠᠬᠢᠭᠤᠯᠬᠤ᠂ ᠵᠢᠭᠤᠯᠴᠢᠯᠠᠯ ᠢᠶᠠᠷ ᠰᠣᠶᠣᠯ ᠢ | ᠰᠣᠷᠲᠠᠯᠴᠢᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠣᠶᠣᠯ ᠪᠠ ᠵᠢᠭᠤᠯᠴᠢᠯᠡᠯ ᠤᠨ | ᠬᠦᠷᠢᠶᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠪᠠ ᠵᠢᠭᠤᠯᠴᠢᠯᠡᠯ ᠤᠨ ᠠᠵᠤ ᠦᠢᠯᠡᠰ ᠤᠨ | ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠨᠠᠷ ᠲᠠᠢ ᠠᠬᠢᠭᠤᠯᠤᠨ᠎ᠠ᠃ ᠥᠪᠥᠷ ᠮᠣᠩᠭᠤᠯ ᠤᠨ | ᠰᠣᠶᠣᠯ ᠵᠢᠭᠤᠯᠴᠢᠯᠠᠯ ᠤᠨ ᠪᠦᠯᠦᠭᠯᠡᠯ ᠢ ᠪᠡᠯᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠷᠰᠢᠯᠴᠠᠭ᠎ᠠ ᠶᠢ | ᠭᠦᠨᠵᠡᠭᠡᠶᠢᠷᠡᠭᠦᠯᠦᠨ᠂ ᠰᠣᠶᠣᠯ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠵᠤ ᠪᠡᠯᠡ | ᠳᠣᠬᠢᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ | ᠵᠢᠭᠡᠯᠡᠯᠭᠡ ᠶᠢᠨ ᠲᠥᠷᠥᠯ ᠵᠦᠢᠯ ᠤᠨ ᠨᠦᠬᠦᠪᠦᠷᠢᠲᠡᠢ ᠬᠦᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠩᠬᠢ ᠶᠢᠨ | ᠵᠢᠭᠡᠯᠡᠯᠭᠡ ᠳᠤ ᠨᠦᠬᠦᠪᠦᠷᠢᠲᠡᠢ ᠬᠦᠤ ᠣᠯᠭᠤᠨ᠎ᠠ᠃ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ | ᠬᠦᠴᠦᠨ ᠢ ᠤᠯᠠᠮ ᠨᠢᠭᠡ ᠠᠯᠬᠤᠮ ᠬᠦᠭᠵᠢᠭᠦᠯᠬᠦ ᠲᠤᠬᠠᠶ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠ ᠬᠡᠷᠡᠭᠯᠡᠭᠡᠨ ᠤ ᠵᠠᠭᠪᠤᠷ ᠢ ᠪᠤᠶᠢᠵᠢᠭᠤᠯᠤᠨ᠂ ᠵᠢᠭᠤᠯᠴᠢᠯᠠᠯ ᠤᠨ | ᠦᠵᠡᠮᠵᠢ ᠶᠢᠨ ᠣᠷᠣᠨ ᠤ ᠰᠥᠨᠢ ᠶᠢᠨ ᠠᠵᠤ ᠦᠢᠯᠡᠰ ᠢ ᠬᠥᠭᠵᠢᠭᠦᠯᠬᠦ ᠶᠢ ᠳᠡᠮᠵᠢᠵᠦ᠂ ᠤᠯᠤᠰ ᠤᠨ ᠲᠠᠰ ᠤᠨ | ᠬᠡᠷᠡᠭᠯᠡᠭᠡᠨ ᠤ ᠲᠤᠷᠰᠢᠯᠲᠠ ᠶᠢᠨ ᠴᠢᠭ ᠪᠣᠯᠬᠤ ᠬᠤᠲᠠ ᠪᠠ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠢ | ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠨ᠎ᠡ᠃ ᠤᠯᠠᠮᠵᠢᠯᠠᠯᠲᠤ ᠮᠣᠩᠭᠤᠯ ᠭᠡᠷ ᠦᠢᠯᠡᠳᠬᠦ ᠠᠵᠤ | ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠲᠤᠷᠰᠢᠯᠲᠠ ᠶᠢᠨ ᠴᠢᠭ ᠤᠨ ᠠᠶᠢᠮᠠᠭ ᠬᠤᠲᠠ ᠶᠢᠨ ᠤᠯᠠᠮᠵᠢᠯᠠᠯᠲᠤ | ᠮᠣᠩᠭᠤᠯ ᠭᠡᠷ ᠦᠢᠯᠡᠳᠬᠦ ᠲᠤᠷᠰᠢᠯᠲᠠ ᠶᠢᠨ ᠣᠷᠣᠨ ᠤ ᠠᠵᠢᠯ ᠢ ᠥᠷᠨᠢᠭᠦᠯᠬᠦ ᠶᠢ ᠳᠠᠮᠵᠢᠵᠤ᠂ ᠤᠯᠠᠮᠵᠢᠯᠠᠯᠲᠤ | ᠮᠣᠩᠭᠤᠯ ᠭᠡᠷ ᠬᠡᠷᠡᠭᠯᠡᠬᠦ ᠦᠵᠡᠮᠵᠢ ᠶᠢᠨ ᠣᠷᠣᠨ ᠢ ᠱᠠᠩᠨᠠᠨ ᠬᠥᠬᠢᠭᠦᠯᠦᠨ᠎ᠡ᠃ ᠰᠣᠶᠣᠯ ᠪᠣᠯᠤᠨ ᠵᠢᠭᠤᠯᠴᠢᠯᠠᠯ ᠤᠨ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨᠠᠬᠢᠭᠤᠯᠵᠤ᠂ ᠤᠯᠤᠰ ᠤᠨ ᠲᠡᠰ ᠤᠨ ᠠᠵᠤ | ᠦᠢᠯᠡᠰ ᠤᠨᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠵᠣᠬᠢᠶᠠᠨ ᠪᠠᠶᠢᠭᠤᠯᠤᠨ ᠮᠡᠳᠡᠭᠦᠯᠵᠤ᠂ | ᠰᠣᠶᠣᠯ ᠪᠣᠯᠤᠨ ᠵᠢᠭᠤᠯᠴᠢᠯᠠᠯ ᠤᠨ ᠲᠠᠸᠠᠷ ᠢ ᠦᠵᠡᠮᠵᠢ ᠶᠢᠨ ᠣᠷᠣᠨ ᠳᠤ ᠣᠷᠣᠭᠤᠯᠬᠤ ᠲᠥᠯᠥᠪᠯᠡᠭᠡ ᠶᠢ | ᠬᠡᠷᠡᠭᠵᠢᠭᠦᠯᠵᠤ᠂ ︽ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ︾ ᠵᠡᠷᠭᠡ ᠳᠠᠯᠠᠪᠣᠷ ᠡᠵᠡᠯᠡᠬᠦ ᠲᠣᠭᠯᠠᠯᠲᠠ ᠶᠢᠨ | ᠲᠥᠷᠥᠯ ᠵᠦᠢᠯ ᠢ ᠭᠤᠤᠯᠳᠠᠯᠭ᠎ᠠ ᠲᠠᠢ ᠳᠠᠮᠵᠢᠵᠤ᠂ 4A ᠠᠴᠠ ᠳᠡᠭᠡᠭᠰᠢᠬᠢ ᠦᠵᠡᠮᠵᠢ ᠶᠢᠨ ᠣᠷᠣᠨ ᠳᠤ ᠰᠣᠶᠣᠯ | ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ ᠨᠡᠭᠡᠭᠡᠬᠦ ᠶᠢ ᠳᠠᠮᠵᠢᠵᠤ᠂ ᠠᠵᠤ ᠠᠬᠤᠶᠢᠯᠠᠯ ᠤᠨ | ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠂ ᠭᠤᠤᠯ ᠬᠤᠳᠠᠯᠳᠤᠭᠠᠨ ᠤ ᠲᠣᠭᠤᠷᠢᠭ᠂ | ᠰᠣᠶᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠳᠤ ᠰᠣᠶᠣᠯ ᠵᠢᠭᠤᠯᠴᠢᠯᠠᠯ ᠤᠨ ᠲᠠᠸᠠᠷ ᠤᠨ ᠪᠣᠳᠠᠲᠤ | ᠴᠣᠭᠴᠠ ᠶᠢᠨ ᠳᠡᠯᠭᠡᠭᠦᠷ ᠨᠡᠭᠡᠭᠡᠬᠦ ᠶᠢ ᠳᠠᠮᠵᠢᠨ᠎ᠠ᠃ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ | ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠠᠷ ᠤᠷᠠᠯᠠᠯ ᠤᠨ | ᠶᠡᠭᠡ ᠪᠠᠭᠰᠢ᠂ ᠳᠡᠭᠡᠳᠦ ᠰᠤᠷᠭᠠᠭᠤᠯᠢ᠂ ᠨᠡᠶᠢᠬᠡᠮ ᠤᠨ ᠠᠵᠤ ᠠᠬᠤᠶᠢᠯᠠᠯ᠂ ᠰᠣᠶᠣᠯ ᠲᠡᠤᠬᠡ ᠶᠢᠨ ᠳᠤᠷᠠᠰᠬᠠᠯᠲᠤ | ᠵᠦᠢᠯᠡᠰ ᠤᠨ ᠨᠢᠭᠡᠴᠢ ᠶᠢᠨ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠪᠠ ᠬᠤᠪᠢᠰᠬᠠᠯᠳᠦ ᠰᠣᠶᠣᠯ ᠤᠨ | ᠡᠭᠦᠳᠦᠯᠲᠡ ᠶᠢᠨ ᠦᠢᠯᠡᠳᠭᠦᠨ ᠢ ᠬᠥᠭᠵᠢᠭᠦᠯᠬᠦ ᠶᠢ ᠲᠡᠮᠵᠢᠨ᠎ᠡ᠃ ︽ᠥᠪᠥᠷ ᠮᠣᠩᠭᠤᠯ ᠤᠨ ᠪᠡᠯᠡᠭ︾ ᠤᠨ ᠨᠠᠷᠠᠲᠤ | ᠲᠥᠷᠥᠯ ᠲᠡᠮᠳᠡᠭᠲᠦ ᠶᠢ ᠢᠳᠡᠪᠬᠢᠲᠡᠶ ᠪᠠᠷ ᠪᠤᠶᠢᠵᠢᠭᠤᠯᠤᠨ᠎ᠠ᠃ ᠪᠦᠯᠬᠦᠮ ᠵᠣᠬᠢᠶᠠᠨ ᠪᠠᠶᠢᠭᠤᠯᠤᠨ ᠱᠧᠨᠵᠧᠨ᠂ | ᠪᠡᠭᠡᠵᠢᠩ᠂ ᠲᠢᠶᠠᠨᠵᠢᠨ᠂ ᠰᠧᠴᠤᠸᠠᠨ ᠵᠡᠷᠭᠡ ᠭᠠᠵᠠᠷ ᠣᠷᠣᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ᠂ | ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ 2020 ᠥᠪᠥᠷ ᠮᠣᠩᠭᠤᠯ ᠤᠨ ᠰᠣᠶᠣᠯ ᠤᠨ | ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠢ ᠡᠷᠭᠢᠯᠡᠵᠦ᠂ ᠥᠪᠥᠷ ᠮᠣᠩᠭᠤᠯ ᠡᠾᠧᠪᠸᠢ | ᠯᠢᠶᠣᠤᠨᠢᠩ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ᠂ ᠠᠯᠠᠱᠠ ᠶᠢᠨ | ᠪᠠᠭᠠᠳᠣᠷᠴᠣᠳ ᠤᠨ ᠴᠤᠭᠯᠠᠭᠠᠨ᠂ ᠭᠤᠪᠢ ᠶᠢᠨ ᠳ᠋ᠧᠪᠠᠵᠠᠨ ᠵᠡᠷᠭᠡ ᠭᠤᠤᠯᠳᠠᠯᠭ᠎ᠠ ᠲᠠᠢ ᠠᠵᠢᠯᠯᠠᠭ᠎ᠠ ᠶᠢ ᠳᠡᠮᠵᠢᠨ᠎ᠡ᠃ | | ᠳᠣᠯᠤᠭ᠎ᠠ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠬᠦᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠪᠠᠷ ᠭᠤᠤᠯ ᠪᠣᠯᠭᠠᠵᠤ᠂ ᠪᠥᠬᠦ | ᠣᠷᠣᠨ ᠪᠦᠰᠡ ᠶᠢᠨ ᠵᠢᠭᠤᠯᠴᠢᠯᠡᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ | ᠭᠦᠨᠵᠡᠭᠡᠶᠢᠷᠡᠭᠦᠯᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ | ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠣᠨ᠎ᠠ᠃ ᠪᠦᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ | ᠬᠤᠷᠠᠯ ᠢ ᠬᠤᠷᠠᠯᠳᠣᠭᠤᠯᠣᠨ᠎ᠠ᠃ ᠦᠬᠠᠢ ᠠᠯᠠᠱᠠ᠂ ᠬᠠᠶᠢᠯᠠᠷ ᠮᠠᠨᠵᠣᠤᠷ᠂ ᠬᠠᠳᠤᠨ ᠭᠤᠤᠯ ᠤᠨ ︽几︾ | ᠦᠰᠦᠭ ᠤᠨ ᠪᠤᠯᠤᠩ᠂ ᠪᠡᠭᠡᠵᠢᠩ ᠲᠢᠶᠠᠨᠵᠢᠨ ᠾᠧᠪᠧᠶ ᠶᠢ ᠲᠣᠭᠤᠷᠢᠭᠰᠠᠨ ᠪᠠ G7 ᠲᠦᠷᠭᠡᠨ ᠤ ᠵᠠᠰᠠᠮᠠᠯ ᠵᠠᠮ ᠤᠨ | ᠰᠣᠶᠣᠯ ᠵᠢᠭᠤᠯᠴᠢᠯᠠᠯ ᠤᠨ ᠦᠵᠡᠭᠦᠯᠦᠯᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ | ᠤᠯᠠᠭᠠᠨᠬᠠᠳᠠ ᠬᠤᠲᠠ᠂ ᠣᠷᠳᠣᠰ ᠬᠤᠲᠠ ᠪᠠᠷ ᠲᠤᠷᠰᠢᠯᠲᠠ ᠶᠢᠨ ᠴᠢᠭ ᠪᠣᠯᠭᠠᠨ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠬᠥᠯᠥᠨ ᠪᠤᠶᠢᠷ ᠤᠨ ᠤᠢ ᠶᠢᠨ ᠳᠤᠮᠳᠠᠬᠢ | ᠲᠠᠯ᠎ᠠ ᠨᠤᠲᠤᠭ᠂ ᠬᠢᠩᠭᠠᠨ ᠠᠶᠢᠮᠠᠭ ᠤᠨ ᠤᠯᠠᠭᠠᠨᠮᠣᠳᠣ ᠶᠢᠨ ᠲᠠᠯ᠎ᠠ ᠨᠤᠲᠤᠭ᠂ ᠵᠠᠷᠣᠳ ᠬᠤᠰᠢᠭᠤᠨ ᠤ ᠬᠠᠩᠭᠠᠢ | ᠶᠢᠨ ᠲᠠᠯ᠎ᠠ ᠨᠤᠲᠤᠭ᠂ ᠠᠷᠤ ᠬᠤᠷᠴᠢᠨ ᠬᠤᠰᠢᠭᠤᠨ ᠤ ᠨᠡᠭᠦᠳᠡᠯ ᠮᠠᠯᠵᠢᠯ ᠤᠨ ᠲᠠᠯ᠎ᠠ ᠨᠤᠲᠤᠭ᠂ ᠰᠢᠯᠢ ᠶᠢᠨ ᠭᠤᠣᠯ | ᠠᠶᠢᠮᠠᠭ ᠤᠨ ᠯᠢᠦ ᠯᠠᠨ ᠲᠠᠯ᠎ᠠ ᠨᠤᠲᠤᠭ ᠵᠡᠷᠭᠡ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠪᠦᠳᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠯᠥᠨ ᠪᠣᠶᠢᠷ ᠤᠨ ᠮᠡᠷᠭᠡᠨ ᠭᠤᠣᠯ ᠵᠡᠷᠭᠡ 5A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠢᠭᠤᠯᠴᠢᠯᠡᠯ ᠤᠨ ᠭᠤᠣᠯᠯᠠᠭᠴᠢ ᠲᠠᠲᠠᠬᠤ ᠬᠦᠴᠦᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠳᠣ ᠴᠠᠭᠠᠨ ᠬᠡᠷᠡᠮ ᠤᠨ ᠵᠢᠭᠤᠯᠴᠢᠯᠠᠯ᠂ ᠵᠡᠭᠦᠨᠭᠠᠷ ᠤᠨ ᠶᠡᠭᠡ | ᠬᠠᠪᠴᠢᠯ ᠤᠨ ᠵᠢᠭᠤᠯᠴᠢᠯᠠᠯ᠂ ᠬᠠᠲᠤᠨ ᠭᠤᠤᠯ ᠤᠨ ︽几︾ ᠦᠰᠦᠭᠲᠦ ᠪᠤᠯᠤᠩ ᠤᠨ ᠵᠢᠭᠤᠯᠴᠢᠯᠠᠯ ᠢ | ᠬᠥᠭᠵᠢᠭᠦᠯᠦᠨ᠎ᠡ᠃ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ | ᠨᠢᠭᠡ ᠪᠦᠯᠦᠭ ᠪᠦᠳᠦᠭᠡᠭᠳᠡᠭᠦᠨ ᠢ ᠲᠥᠪᠯᠡᠷᠡᠭᠦᠯᠦᠨ ᠭᠠᠷᠭᠠᠵᠤ᠂ ᠥᠪᠥᠷ ᠮᠣᠩᠭᠤᠯ ᠤᠨ ᠮᠥᠰᠥ ᠴᠠᠰᠤᠨ ᠤ ᠠᠵᠤ | ᠠᠬᠤᠢ ᠶᠢᠨ ᠬᠥᠭᠵᠢᠯᠲᠡ ᠶᠢ ᠠᠬᠢᠭᠤᠯᠣᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ | ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠡᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠣᠶᠣᠯ ᠤᠨ ᠵᠢᠭᠤᠯᠴᠢᠯᠡᠯ ᠤᠨ | ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠦᠨ᠎ᠡ᠃ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ | ᠭᠤᠤᠯᠯᠠᠭᠴᠢ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠤᠬᠠᠭᠤᠯᠤᠨ ᠪᠣᠷᠣᠯᠠᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠤᠯᠠᠮᠵᠢᠯᠠᠯᠲᠤ | ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠡᠮᠬᠢᠯᠡᠨ ᠨᠡᠶᠢᠯᠡᠭᠦᠯᠵᠦ ᠤᠯᠠᠮᠵᠢᠯᠠᠨ ᠲᠠᠷᠬᠠᠭᠠᠬᠤ ᠰᠢᠨ᠎ᠡ ᠪᠠᠶᠢᠷᠢᠰᠢᠯ ᠢ | ᠪᠣᠶ ᠪᠣᠯᠭᠠᠨ᠎ᠠ᠃ ︽ᠥᠪᠥᠷ ᠮᠣᠩᠭᠤᠯ ᠤᠨ ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠥᠷᠭᠡᠳᠬᠡᠵᠦ᠂ ︽ᠥᠪᠥᠷ ᠮᠣᠩᠭᠤᠯ ᠤᠨ ᠦᠨᠦᠷ ᠠᠮᠲᠠ︾᠂ ︽ᠥᠪᠥᠷ ᠮᠣᠩᠭᠤᠯ ᠤᠨ ᠳᠠᠭᠤᠤ | ᠬᠥᠭᠵᠢᠮ︾ ᠂ ︽ᠥᠪᠥᠷ ᠮᠣᠩᠭᠤᠯ ᠤᠨ ᠺᠢᠨᠣ᠋ ᠲᠧᠯᠸᠢᠰ︾ ᠬᠢᠭᠡᠳ ︽ᠥᠪᠥᠷ ᠮᠣᠩᠭᠤᠯ ᠤᠨ ᠵᠢᠭᠤᠯᠴᠢᠯᠠᠯ︾ | ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ | ᠪᠦᠲᠦᠭᠡᠭᠳᠡᠬᠦᠨ ᠢ ᠡᠭᠦᠳᠦᠨ ᠪᠠᠶᠢᠭᠤᠯᠵᠤ᠂ ᠲᠠᠯ᠎ᠠ ᠨᠤᠲᠤᠭ ᠤᠨ ᠨᠠᠭᠠᠳᠤᠮ᠂ ᠮᠥᠰᠥ ᠴᠠᠰᠤᠨ ᠤ ᠨᠠᠭᠠᠳᠤᠮ᠂ | ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠵᠡᠷᠭᠡ ᠪᠠᠶᠠᠷ ᠳᠤᠷᠠᠰᠬᠠᠯ ᠤᠨ | ᠠᠵᠢᠯᠯᠠᠭ᠎ᠠ ᠶᠢ ᠡᠷᠬᠢᠯᠡᠨ᠎ᠡ᠃ | | ᠨᠠᠢᠮᠠ᠂ ᠵᠠᠬ᠎ᠠ ᠳᠡᠯᠭᠡᠭᠦᠷ ᠢ ᠪᠤᠶᠢᠵᠢᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠨᠢᠭᠡᠳᠦᠯᠲᠡᠶ ᠨᠡᠭᠡᠭᠡᠯᠲᠡᠲᠡᠶ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ ᠪᠥᠭᠡᠳ | ᠬᠠᠤᠯᠢ ᠶᠢ ᠪᠠᠷᠢᠮᠲᠠᠯᠠᠭᠰᠠᠨ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠣᠲᠣ ᠦᠶ᠎ᠡ ᠶᠢᠨ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠵᠤ᠂ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠢ | ᠴᠢᠬᠤᠯᠠᠴᠢᠯᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠣᠶᠣᠯ ᠪᠠ ᠵᠢᠭᠤᠯᠴᠢᠯᠠᠯ | ᠤᠨ ᠵᠠᠬ᠎ᠠ ᠳᠡᠯᠭᠡᠭᠦᠷ ᠤᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠣᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠰᠠᠶᠢᠨ | ᠰᠠᠶᠢᠬᠠᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠬᠥᠭᠵᠢᠭᠡᠵᠦ᠂ | ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡᠨ ᠤ ᠳᠠᠯᠳᠠ ᠬᠦᠴᠦᠨ ᠢ | ᠪᠠᠳᠠᠷᠠᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠣᠷᠣᠨ ᠰᠠᠭᠤᠴᠠ | ᠪᠠ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ | ᠵᠢᠭᠤᠯᠴᠢᠯᠠᠯ ᠤᠨ ᠡᠵᠡᠩᠨᠡᠯᠲᠡ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠵᠢᠭᠤᠯᠴᠢᠯᠠᠯ ᠤᠨ ᠢᠲᠡᠭᠡᠮᠵᠢ ᠶᠢᠨ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠰᠠᠶᠢᠲᠤᠷ | ᠬᠢᠨ᠎ᠡ᠃ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠪᠣᠯᠪᠠᠰᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠶᠢ ᠥᠷᠨᠢᠭᠦᠯᠦᠨ᠎ᠡ᠃ ᠰᠦᠯᠵᠢᠶᠡᠨ ᠳᠤ ᠭᠠᠷᠬᠤ ᠦᠢᠯᠡᠴᠢᠯᠡᠭᠡ ᠪᠠ | ᠰᠣᠶᠣᠯ ᠴᠡᠩᠭᠡᠯ ᠤᠨ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ | ᠠᠬᠢᠭᠤᠯᠤᠨ᠎ᠠ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠤ ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠠᠷ᠎ᠠ ᠪᠦᠯᠦᠭᠲᠡᠨ ᠬᠠᠷᠭᠢᠰ ᠬᠦᠴᠦᠨ ᠂ | ᠱᠠᠯᠢᠭ ᠵᠠᠪᠬᠠᠶ ᠵᠦᠢᠯᠡᠰ ᠢ ᠠᠷᠢᠯᠭᠠᠨ᠂ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠪᠠ ᠱᠠᠰᠢᠨ ᠰᠣᠷᠲᠠᠬᠤᠨ | ᠳᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠤᠷᠪᠠᠳᠠᠬᠢ ᠡᠲᠡᠭᠡᠳ ᠤᠨ ᠳᠠᠯᠳᠠᠭᠤᠷ | ᠰᠣᠷᠪᠣᠯᠵᠢᠯᠠᠨ ᠪᠠᠶᠢᠴᠠᠭᠠᠬᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠭᠠᠵᠠᠷ ᠣᠷᠣᠨ ᠤ | ᠬᠤᠭᠤᠷᠣᠨᠳᠣᠬᠢ ᠰᠣᠯᠪᠢᠴᠠᠨ ᠬᠠᠤᠯᠢ ᠬᠡᠷᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠵᠢᠭᠤᠯᠴᠢᠯᠠᠭᠰᠠᠳ ᠤᠨ | ᠪᠣᠯᠪᠠᠰᠤᠨ ᠵᠢᠭᠤᠯᠴᠢᠯᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠦᠬᠦ ᠤᠯᠤᠰ ᠤᠨ | ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠪᠦᠬᠦ ᠤᠯᠤᠰ ᠤᠨ ᠰᠣᠶᠣᠯ ᠤᠨ | ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ | ᠳᠡᠯᠭᠡᠷᠡᠭᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠭᠠᠯᠳᠤᠯᠭ᠎ᠠ ᠶᠢ ᠭᠥᠯᠢᠶᠡᠨ | ᠠᠪᠴᠤ ᠰᠢᠢᠳᠪᠦᠷᠢᠯᠡᠬᠦ ᠲᠥᠪ ᠢ ᠪᠠᠶᠢᠭᠤᠯᠵᠤ᠂ ᠰᠣᠶᠣᠯ ᠤᠨ ᠪᠠ ᠵᠢᠭᠤᠯᠴᠢᠯᠡᠯ ᠤᠨ ᠵᠠᠬ᠎ᠠ ᠳᠡᠯᠭᠡᠭᠦᠷ ᠤᠨ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠠᠭ ᠲᠤᠬᠠᠶ ᠳᠤ ᠨᠢ ᠭᠥᠯᠢᠶᠡᠨ ᠠᠪᠴᠤ ᠰᠢᠢᠳᠪᠣᠷᠢᠯᠡᠬᠦ᠂ | ᠰᠢᠯᠵᠢᠭᠦᠯᠦᠨ ᠭᠦᠢᠴᠡᠳᠭᠡᠵᠤ ᠰᠢᠮᠳᠠᠭᠤᠯᠤᠨ ᠰᠢᠢᠳᠪᠣᠷᠢᠯᠡᠬᠦ ᠶᠢ ᠪᠡᠶᠡᠯᠡᠭᠦᠯᠦᠨ᠎ᠡ ᠃ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠢᠯᠭᠠᠨ ᠦᠨᠡᠯᠡᠬᠦ ᠲᠣᠭᠲᠠᠴᠠ ᠶᠢ ᠳᠡᠭᠦᠯᠳᠡᠷᠵᠢᠭᠦᠯᠣᠨ᠎ᠡ᠃ | | ᠶᠢᠰᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ | ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ | ᠳᠡᠯᠭᠡᠭᠦᠷ ᠤᠨ ᠠᠵᠢᠯᠯᠠᠭᠠᠨ ᠤ ᠠᠷᠭ᠎ᠠ ᠮᠠᠶ᠋ᠢᠭ ᠢ ᠪᠠᠷᠢᠮᠲᠠᠯᠠᠵᠤ᠂ ᠭᠠᠳᠠᠭᠠᠳᠤ ᠲᠠᠢ ᠰᠣᠯᠢᠯᠴᠠᠭ᠎ᠠ ᠬᠢᠬᠦ ᠪᠠ | ᠬᠠᠮᠳᠣᠷᠠᠯᠴᠠᠭ᠎ᠠ ᠶᠢ ᠨᠢᠭᠡᠳᠦᠯᠲᠡᠶ ᠲᠥᠯᠥᠪᠯᠡᠨ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ | ᠦᠵᠡᠯᠲᠡ ᠶᠢ ᠪᠦᠳᠦᠮᠵᠢᠲᠡᠢ ᠪᠠᠷ ᠤᠯᠠᠮᠵᠢᠯᠠᠨ ᠲᠠᠷᠬᠠᠭᠠᠵᠤ᠂ ᠳᠤᠮᠳᠠᠳᠤ ᠤᠯᠤᠰ ᠤᠨ ᠦᠯᠢᠭᠡᠷ᠂ ᠥᠪᠥᠷ | ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠥᠪᠡᠷᠮᠢᠴᠡ ᠲᠠᠲᠠᠬᠤ ᠬᠦᠴᠦᠨ ᠢ | ᠰᠠᠶᠢᠲᠤᠷ ᠢᠯᠡᠷᠡᠭᠦᠯᠦᠨ᠎ᠡ᠃ ᠣᠷᠣᠰ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ | ᠰᠣᠶᠣᠯ ᠤᠨ ᠰᠣᠯᠢᠯᠴᠠᠭ᠎ᠠ ᠪᠠ ᠬᠠᠮᠳᠣᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠥᠬᠦᠷᠯᠡᠯ · ᠡᠩᠬᠡ | ᠲᠠᠶᠢᠪᠤᠩ · ᠵᠠᠯᠠᠭᠤ ᠡᠯᠴᠢᠳ︾ ᠤᠨ ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ ᠤᠨ ᠬᠠᠷᠢᠯᠴᠠᠨ | ᠠᠶᠢᠯᠴᠢᠯᠠᠬᠤ᠂ ᠬᠢᠯᠢ ᠠᠯᠣᠰᠯᠠᠭᠰᠠᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡ᠂ ᠮᠠᠰᠢᠨ ᠲᠡᠷᠭᠡᠨ ᠤ | ᠪᠡᠷᠬᠡᠰᠢᠶᠡᠯᠳᠦ ᠤᠷᠤᠯᠳᠤᠭᠠᠨ᠂ ᠮᠤᠨᠢ ᠠᠭᠤᠯᠠ ᠶᠢᠨ ᠬᠠᠲᠠᠨ ᠰᠡᠶᠢᠯᠦᠮᠡᠯ ᠤᠨ ᠤᠷᠠᠯᠢᠭ ᠤᠨ ᠬᠤᠤᠰ ᠵᠢᠯ ᠤᠨ | ᠦᠵᠡᠭᠦᠯᠦᠯᠭᠡ᠂ ᠣᠯᠠᠨ ᠤᠯᠤᠰ ᠤᠨ ᠨᠡᠷᠡᠨ ᠬᠤᠸᠠᠷ ᠤᠨ ᠤᠷᠠᠯᠢᠭ ᠤᠨ ᠤᠷᠢᠯᠭ᠎ᠠ ᠶᠢᠨ ᠦᠵᠡᠭᠦᠯᠦᠯᠭᠡ ᠵᠡᠷᠭᠡ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠨ᠎ᠡ᠃ ᠰᠢᠩᠭᠠᠫᠣᠷ᠂ ᠠᠶᠢᠰᠯᠠᠨᠳ᠋᠂ ᠰᠸᠢᠰ᠂ ᠪᠧᠯᠬᠢ ᠵᠡᠷᠭᠡ | ᠭᠠᠵᠠᠷ ᠲᠤ ᠬᠦᠷᠴᠦ ︽ᠪᠠᠶᠠᠷ ᠪᠠᠶᠠᠰᠬᠤᠯᠠᠩᠲᠤ ᠴᠠᠭᠠᠨ ᠰᠠᠷ᠎ᠠ︾ ᠶᠢᠨ ᠠᠵᠢᠯᠯᠠᠭ᠎ᠠ ᠦᠷᠨᠢᠭᠦᠯᠦᠨ᠎ᠡ᠃ | ᠮᠧᠺᠰᠢᠺᠤ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠠᠢ ᠬᠠᠮᠲᠤᠷᠠᠨ ᠳᠤᠮᠳᠠᠳᠤ ᠤᠯᠤᠰ ᠤᠨ ᠥᠪᠥᠷ | ᠮᠣᠩᠭᠤᠯ ᠤᠨ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃ ᠮᠠᠨᠵᠤᠤᠷ ᠬᠤᠲᠠ ᠶᠢᠨ ᠬᠢᠯᠢ ᠶᠢᠨ ᠵᠢᠭᠤᠯᠴᠢᠯᠠᠯ ᠤᠨ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠷᠢᠶᠡᠨ ᠬᠤᠲᠠ ᠶᠢᠨ ᠬᠢᠯᠢ | ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠶᠢ ᠳᠠᠮᠵᠢᠨ᠎ᠠ᠃ ︽ᠲᠦᠮᠡᠨ | ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ | ᠡᠭᠦᠳᠴᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠳᠠᠭᠠᠳᠤ ᠤᠬᠠᠭᠤᠯᠭ᠎ᠠ ᠶᠢᠨ ᠪᠣᠷᠣᠯᠠᠭᠤᠯᠭ᠎ᠠ ᠶᠢ | ᠠᠬᠢᠭᠤᠯᠬᠤ ᠲᠠᠪᠴᠠᠩ ᠢ ᠠᠰᠢᠭᠯᠠᠨ᠂ ᠭᠠᠳᠠᠭᠠᠳᠤ ᠳᠤ ᠵᠢᠭᠤᠯᠴᠢᠯᠠᠬᠤ ᠬᠤᠳᠠᠯᠳᠤᠭᠠᠴᠢᠨ᠂ ᠵᠢᠭᠤᠯᠴᠢᠯᠠᠯ ᠤᠨ ᠠᠵᠤ | ᠠᠬᠤᠶᠢᠯᠠᠯ ᠪᠣᠯᠤᠨ ᠠᠭᠠᠷ ᠤᠨ ᠲᠡᠭᠡᠭᠡᠪᠦᠷᠢ ᠶᠢᠨ ᠺᠣᠮᠫᠠᠨᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠵᠤ᠂ ᠥᠪᠥᠷ | ᠮᠣᠩᠭᠤᠯ ᠤᠨ ᠵᠢᠭᠤᠯᠴᠢᠯᠠᠯ ᠤᠨ ᠭᠠᠳᠠᠭᠠᠳᠤ ᠳᠤ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ ᠪᠤᠯᠤᠨ᠎ᠠ᠃ | ᠪᠡᠭᠡᠵᠢᠩ ᠲᠢᠶᠠᠨᠵᠢᠨ ᠾᠧᠪᠧᠶ ᠨᠢᠩᠰᠢᠶᠠ ᠱᠠᠨᠰᠢ ᠭᠠᠨᠰᠦ ᠵᠡᠷᠭᠡ ᠡᠷᠭᠢᠨ ᠲᠣᠭᠤᠷᠢᠨ ᠤ ᠮᠣᠵᠢ ᠣᠷᠣᠨ ᠬᠤᠲᠠ | ᠪᠤᠯᠤᠨ ᠳᠡᠭᠡᠳᠦ ᠬᠤᠷᠳᠤᠴᠠᠲᠤ ᠲᠡᠮᠦᠷ ᠵᠠᠮ ᠂ ᠬᠠᠳᠤᠨ ᠭᠤᠤᠯ ᠳᠠᠭᠠᠤ ᠵᠢᠴᠢ ᠵᠢᠭᠤᠯᠴᠢᠯᠠᠭᠴᠢᠳ ᠤᠨ ᠪᠤᠰᠤᠳ | ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | | ᠠᠷᠪᠠ᠂ ᠵᠠᠰᠠᠨ ᠰᠠᠶᠢᠵᠢᠷᠠᠭᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ | ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠣᠶᠣᠯ ᠪᠠ | ᠵᠢᠭᠤᠯᠴᠢᠯᠠᠯ ᠤᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ | ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ | ᠥᠮᠴᠢᠯᠡᠯ ᠤᠨ ᠰᠢᠭᠤᠳ ᠬᠠᠷᠢᠶ᠎ᠠ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ | ᠲᠥᠰᠦᠯ ᠢ ᠨᠡᠶᠢᠲᠡᠯᠡᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠨᠡᠶᠢᠲᠡᠯᠡᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ | ᠪᠠ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠠᠵᠢᠯ ᠢ ᠰᠠᠶᠢᠲᠤᠷ | ᠬᠢᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠵᠢᠭᠤᠯᠴᠢᠯᠠᠯ ᠤᠨ ᠦᠢᠯᠡᠰ᠂ ᠤᠷᠠᠯᠢᠭ ᠤᠨ ᠵᠣᠬᠢᠶᠠᠨ | ᠪᠦᠲᠦᠭᠡᠯᠭᠡ᠂ ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ᠂ ᠲᠡᠤᠬᠡ ᠶᠢᠨ | ᠳᠤᠷᠠᠰᠬᠠᠯᠲᠤ ᠵᠦᠢᠯᠡᠰ ᠤᠨ ᠦᠢᠯᠡᠰ᠂ ᠪᠣᠳᠠᠰ ᠤᠨ ᠪᠤᠰᠤ ᠰᠣᠶᠣᠯ ᠤᠨ ᠦᠪ ᠢ ᠣᠯᠠᠮᠵᠢᠯᠠᠨ ᠵᠠᠯᠭᠠᠮᠵᠢᠯᠠᠬᠤ ᠵᠢᠴᠢ | ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠵᠡᠷᠭᠡ ᠲᠤᠰᠬᠠᠶ ᠲᠥᠯᠥᠪᠵᠢᠭᠦᠯᠭᠡ ᠶᠢ ᠵᠡᠷᠭᠡ ᠪᠠᠷ | ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠵᠦᠢᠯ᠂ ᠴᠢᠬᠤᠯᠠ ᠶᠡᠭᠡ ᠲᠦᠷᠦ ᠶᠢᠨ | ᠪᠤᠳᠤᠯᠭ᠎ᠠ ᠪᠠ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠲᠥᠯᠥᠪᠵᠢᠭᠦᠯᠦᠨ᠎ᠡ᠃ ︽ | ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠡᠬᠢ ᠪᠠᠶᠠᠯᠢᠭ ᠤᠨ ᠳᠠᠪᠠᠭᠤᠯᠢᠭ ᠲᠤ | ᠪᠠᠨ ᠰᠠᠭᠤᠷᠢᠯᠠᠨ᠂ ᠷᠠᠰᠢᠶᠠᠨ ᠬᠤᠲᠠ ᠶᠢᠨ ᠪᠥᠬᠦ ᠤᠯᠤᠰ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠵᠢᠭᠤᠯᠴᠢᠯᠠᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠶᠢ ᠵᠢᠯᠣᠭᠤᠳᠤᠨ᠎ᠠ᠃ ᠺᠠᠳ᠋ᠷ ᠢ ᠬᠥᠮᠦᠵᠢᠭᠦᠯᠵᠦ ᠪᠣᠯᠪᠠᠰᠤᠷᠠᠭᠤᠯᠬᠤ ᠪᠠ ᠺᠠᠳ᠋ᠷ ᠲᠤ ᠬᠢᠨᠠᠯᠲᠠ | ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠲᠥᠷᠥᠯ ᠵᠦᠢᠯ ᠤᠨ ᠲᠥᠰᠦᠪ ᠤᠨ ᠪᠦᠬᠦ | ᠲᠠᠯ᠎ᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠣᠯᠲᠡ ᠶᠢ ᠪᠦᠷᠢᠨᠰᠢᠭᠦᠯᠵᠦ᠂ ᠳᠣᠷᠣᠭᠰᠢ ᠰᠢᠯᠵᠢᠭᠦᠯᠦᠨ ᠥᠭᠬᠦ ᠪᠡᠯᠡ | ᠮᠥᠩᠭᠦ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷᠢᠶ᠎ᠠ ᠨᠢᠭᠡᠴᠢ ᠶᠢᠨ ᠢᠶᠠᠨ ᠪᠦᠬᠦᠨ ᠢ | ᠬᠠᠮᠤᠷᠤᠭᠰᠠᠨ ᠬᠢᠨᠠᠨ ᠪᠣᠳᠣᠬᠤ ᠪᠠ ᠲᠣᠰᠬᠠᠢ ᠵᠦᠢᠯ ᠢᠶᠠᠷ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠦᠷᠨᠢᠭᠦᠯᠦᠨ᠎ᠡ᠃ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠵᠡᠷᠭᠡ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠣᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠪᠠ | ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠭᠠᠳᠤ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠢᠨ᠎ᠡ ᠶᠢ ᠡᠭᠦᠳᠬᠦ ᠴᠢᠨᠠᠷᠲᠠᠶ | ᠲᠣᠭᠲᠠᠴᠠ ᠪᠠ ᠨᠡᠶᠢᠭᠡᠮ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠪᠠᠶᠢᠩᠭᠤᠵᠢᠭᠤᠯᠬᠤ ᠵᠠᠭᠪᠤᠷ ᠢ ᠰᠦᠪᠡᠭᠴᠢᠯᠡᠵᠦ | ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ | ᠠᠮᠠᠷᠠᠭᠰᠠᠨ ᠺᠠᠳ᠋ᠷᠴᠤᠳ ᠤᠨ ᠠᠵᠢᠯ ᠤᠨ ᠮᠡᠳᠡᠭᠡ ᠵᠠᠩᠭᠢᠵᠢᠯᠲᠠ᠂ ᠣᠨᠣᠪᠴᠢᠵᠢᠯᠲᠠ᠂ ᠵᠢᠷᠤᠮᠵᠢᠭᠤᠯᠤᠯᠲᠠ ᠶᠢ | ᠲᠦᠯᠬᠢᠨ ᠠᠬᠢᠭᠤᠯᠵᠤ᠂ ᠠᠵᠢᠯ ᠤᠨ ᠶᠠᠰᠤ ᠴᠢᠨᠠᠷ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃ |