ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠣᠨ ᠤ ᠠᠵᠢᠯ ᠤᠨ ᠭᠤᠤᠯᠳᠠᠯᠭ᠎ᠠ
ᠨᠡᠶᠢᠲᠡᠯᠡᠭᠰᠡᠨ ᠴᠠᠭ᠄
2020/4/2
ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ᠂ ᠠᠯᠪᠠᠨ  ᠭᠡᠷ᠂  ᠡᠯ᠎ᠡ ᠰᠢᠭᠤᠳ ᠬᠠᠷᠢᠶ᠎ᠠ ᠨᠢᠭᠡᠴᠢ ᠳᠤ᠄          ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020  ᠣᠨ ᠤ ᠠᠵᠢᠯ ᠤᠨ ᠭᠤᠤᠯᠳᠠᠯᠭ᠎ᠠ︾ ᠶᠢ ᠰᠣᠶᠣᠯ ᠪᠠ ᠵᠢᠭᠤᠯᠴᠢᠯᠠᠯ ᠤᠨ ᠲᠢᠩᠬᠢᠮ 2020 ᠣᠨ ᠤ 3 ᠳ᠋ᠤᠭᠠᠷ ᠣᠳᠠᠭᠠᠨ ᠤ ᠨᠠᠮ ᠤᠨ ᠤᠳᠤᠷᠢᠳᠬᠤ  ᠳᠣᠭᠤᠶᠢᠯᠠᠩ ᠤᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂  ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃                                                                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                  ᠰᠣᠶᠣᠯ ᠪᠠ ᠵᠢᠭᠤᠯᠴᠢᠯᠠᠯ ᠤᠨ ᠲᠢᠩᠬᠢᠮ                                  2020 ᠣᠨ ᠤ 2 ᠳ᠋ᠣᠭᠠᠷ ᠰᠠᠷ᠎ᠠ ᠶᠢᠨ 20 ᠤ ᠡᠳᠦᠷ        ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠤᠨ ᠤ ᠠᠵᠢᠯ ᠤᠨ ᠭᠤᠤᠯᠳᠠᠯᠭ᠎ᠠ        2020 ᠤᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠰᠢᠪᠳᠣᠷᠭᠠᠨ ᠤ ᠵᠢᠯ  ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠰᠡᠭᠦᠯ ᠤᠨ ᠵᠢᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ  ᠶᠣᠰᠣ ᠪᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ  ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ︽ᠠᠭᠤᠰᠣᠯᠴᠠᠭᠤᠯᠬᠤ ᠳᠤ ᠲᠣᠬᠢᠷᠠᠮᠵᠢᠲᠠᠶ ᠪᠣᠯ ᠠᠭᠤᠰᠬᠠᠵᠤ᠂ ᠠᠭᠤᠰᠤᠯᠴᠠᠭᠤᠯᠬᠤ ᠳᠤ ᠪᠠᠨ ᠭᠦᠢᠴᠡᠳ ᠠᠭᠤᠰᠬᠠᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠠᠶᠢᠰᠢᠶᠠᠨ ᠬᠥᠬᠢᠭᠦᠯᠬᠦ︾ ᠬᠥᠭᠵᠢᠯᠲᠡ ᠶᠢᠨ ᠤᠶᠢᠯᠠᠭᠠᠭᠳᠠᠭᠤᠨ ᠢ ᠪᠠᠷᠢᠮᠲᠠᠯᠠᠨ᠂ ᠦᠢᠯᠡᠳᠭᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠰᠣᠶᠣᠯ ᠪᠠ ᠵᠢᠭᠤᠯᠴᠢᠯᠠᠯ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠥᠬᠡᠶ ᠬᠠᠩᠭᠠᠨ᠎ᠠ᠃        ᠨᠢᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠲᠠᠯᠠᠨ᠎ᠠ        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ  ᠪᠠᠷ ᠭᠤᠤᠯ ᠠᠭᠤᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠢᠰᠲ᠋ᠧᠮ ᠲᠠᠢ ᠰᠤᠷᠤᠯᠴᠠᠭᠤᠯᠬᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠣᠷᠣᠯᠴᠠᠭᠤᠯᠣᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠬᠦ︾ ᠶᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠥᠨᠢᠳᠡ ᠶᠢᠨ ᠰᠡᠳᠦᠪ ᠪᠠ ᠨᠠᠮ ᠤᠨ ᠭᠡᠰᠢᠭᠦᠨ ᠺᠠᠳ᠋ᠷᠴᠤᠳ ᠤᠨ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠡᠯᠡᠵᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠦᠳᠣᠯᠣᠨ ᠳᠠᠭᠠᠭᠤᠯᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠵᠠᠰᠠᠨ ᠰᠠᠶᠢᠵᠢᠷᠠᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ᠂ ︽ᠬᠤᠶᠡᠷ ᠢ ᠬᠠᠮᠠᠭᠠᠯᠠᠬᠤ︾ ᠶᠢ ᠪᠡᠶᠡᠯᠡᠭᠦᠯᠬᠦ᠂ ︽ᠭᠤᠷᠪᠠᠨ ᠥᠯᠢᠭᠡᠷ ᠳᠠᠭᠤᠷᠢᠶᠠᠯ︾ ᠢ ᠰᠠᠶᠢᠲᠤᠷ ᠬᠢᠬᠦ ᠶᠢ ᠭᠤᠤᠯ ᠡᠭᠦᠷᠭᠡ ᠪᠣᠯᠭᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ᠂ ᠪᠠᠶᠢᠭᠤᠯᠭ᠎ᠠ ᠪᠠᠷ ᠢᠶᠠᠨ ᠰᠢᠰᠲ᠋ᠧᠮ ᠢ ᠳᠠᠶᠢᠴᠢᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠳᠠᠶᠢᠵᠢᠭᠤᠯᠣᠨ ᠴᠢᠩᠭᠠᠳᠬᠠᠨ᠎ᠠ᠃  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠨ᠎ᠠ᠃        ᠬᠤᠶᠠᠷ᠂ ᠤᠷᠠᠯᠢᠭ ᠤᠨ ᠵᠣᠬᠢᠶᠠᠨ  ᠪᠦᠳᠦᠭᠡᠯᠭᠡ ᠪᠡ ᠲᠣᠭᠯᠠᠯᠲᠠ ᠶᠢ ᠴᠡᠴᠡᠭᠯᠡᠭᠦᠯᠦᠨ ᠬᠦᠭᠵᠢᠭᠦᠯᠦᠨ᠎ᠡ        ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠢ ᠤᠯᠠᠮᠵᠢᠯᠠᠬᠤ᠂ ᠳᠤᠮᠳᠠᠳᠤ ᠶᠢᠨ ᠰᠣᠶᠣᠯ ᠤᠨ ᠵᠣᠷᠢᠭ ᠰᠠᠨᠠᠭ᠎ᠠ ᠶᠢ ᠢᠯᠡᠷᠡᠭᠦᠯᠬᠦ᠂ ᠲᠤᠮᠳᠠᠳᠤᠴᠤᠳ ᠤᠨ ᠭᠤᠸ᠎ᠠ ᠲᠠᠭᠠᠰᠢᠶᠠᠯ ᠤᠨ ᠬᠥᠭᠡᠭᠡᠴᠡᠯᠳᠦᠯ ᠢ ᠲᠤᠰᠬᠠᠬᠤ᠂ ᠦᠵᠡᠯ ᠰᠠᠨᠠᠭ᠎ᠠ ᠨᠢ ᠭᠦᠨ᠂  ᠤᠷᠠᠯᠢᠭ ᠨᠢ ᠨᠠᠷᠢᠯᠢᠭ᠂ ᠵᠣᠬᠢᠶᠠᠨ ᠪᠦᠳᠦᠭᠡᠯᠭᠡ ᠨᠢ ᠣᠬᠢ ᠰᠢᠯᠢᠳᠡᠭ ᠣᠳᠬ᠎ᠠ ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ ᠭᠠᠷᠭᠠᠬᠤ ᠪᠠᠷ ᠴᠢᠷᠮᠠᠶᠢᠬᠤ ᠬᠡᠷᠡᠭᠲᠡᠢ᠃ ︽ᠤᠯᠠᠭᠠᠨᠮᠥ᠋ᠴᠢᠷ ᠤᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠤᠯᠠᠭᠠᠨᠮᠥ᠋ᠴᠢᠷ ᠤᠨ ᠰᠢᠨ᠎ᠡ ᠬᠥᠮᠦᠨ  ᠂ ᠰᠢᠨ᠎ᠡ ᠪᠦᠲᠦᠭᠡᠯ ᠤᠨ ᠤᠷᠤᠯᠳᠤᠭᠠᠨ ᠪᠠ ᠤᠯᠠᠭᠠᠨᠮᠥ᠋ᠴᠢᠷ ᠤᠨ ᠰᠣᠯᠢᠯᠴᠠᠭ᠎ᠠ ᠲᠣᠭᠯᠠᠯᠲᠠ ᠶᠢᠨ ᠰᠠᠷ᠎ᠠ ᠶᠢᠨ ᠠᠵᠢᠯᠯᠠᠭ᠎ᠠ ᠶᠢ ᠡᠷᠭᠢᠯᠡᠨ᠎ᠡ᠃ ᠤᠯᠠᠭᠠᠨᠮᠥ᠋ᠴᠢᠷ ᠤᠨ ᠪᠡᠯᠡᠳᠬᠡᠮᠵᠢ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠰᠣᠩᠭᠤᠳᠠᠭ ᠵᠦᠴᠦᠭᠡ ︵ᠬᠡᠰᠡᠭ︶ ᠶᠢᠨ ᠭᠠᠷᠴᠠᠭ ᠢ ᠨᠠᠶᠢᠷᠠᠭᠤᠯᠤᠨ ᠬᠡᠪᠯᠡᠭᠦᠯᠦᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠭᠤᠤᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠰᠠᠶᠢᠲᠤᠷ ᠠᠳᠬᠤᠵᠤ᠂ ᠬᠠᠲᠤᠨ ᠭᠤᠤᠯ ᠤᠨ ᠰᠡᠳᠦᠪ ᠪᠠ ᠶᠠᠳᠠᠭᠤ ᠶᠢ ᠲᠡᠳᠬᠦᠬᠦ ᠰᠡᠳᠦᠪᠲᠦ ᠤᠷᠠᠯᠢᠭ ᠤᠨ ᠪᠦᠲᠦᠭᠡᠯ ᠢ ᠵᠣᠬᠢᠶᠠᠨ ᠪᠦᠳᠦᠭᠡᠵᠤ ᠭᠠᠷᠭᠠᠬᠤ ᠶᠢ ᠴᠢᠩᠭᠠᠳᠬᠠᠵᠤ᠂ ᠪᠥᠵᠢᠭᠲᠦ ᠵᠦᠴᠦᠭᠡ ︽ᠮᠣᠷᠢᠲᠤ ᠴᠡᠷᠢᠭ︾᠂ ᠶᠠᠷᠢᠶᠠᠲᠤ ᠵᠦᠴᠦᠭᠡ ︽ᠬᠤᠷᠤᠭᠤᠨ ᠤ ᠤᠯᠠᠭᠠᠨ  ᠣᠷᠣᠮ︾ ᠳᠤ ᠵᠠᠰᠠᠪᠤᠷᠢ ᠣᠷᠣᠭᠤᠯᠤᠨ ᠴᠢᠨᠠᠷᠵᠢᠭᠤᠯᠵᠣ᠂ ᠨᠠᠶᠢᠷᠠᠯ ᠬᠦᠭᠵᠢᠮ ︽ᠲᠤᠭ︾᠂ ᠦᠨᠳᠦᠰᠦᠲᠡᠨ ᠤ ᠳᠠᠭᠤᠯᠠᠯᠳᠤ ᠵᠦᠴᠦᠭᠡ ︽ ᠵᠢᠩᠭᠠᠷ︾᠂ ︽ᠭᠤᠷᠪᠠᠨ ᠮᠢᠩᠭᠠᠨ ᠦᠨᠦᠴᠢᠨ  ᠬᠡᠤᠬᠡᠳ︾  ᠵᠡᠷᠭᠡ  ᠪᠦᠳᠦᠭᠡᠯ   ᠤᠨ  ᠲᠣᠭᠯᠠᠬᠤ  ᠲᠥᠯᠥᠪᠯᠡᠭᠡ ᠶᠢ ᠡᠬᠢᠯᠡᠭᠦᠯᠵᠦ᠂ ᠦᠨᠳᠦᠰᠦᠲᠡᠨ ᠤ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ ᠶᠢᠨ ᠦᠵᠡᠭᠦᠯᠭᠡ ᠶᠢ ᠵᠣᠬᠢᠶᠠᠨ ᠪᠠᠶᠢᠭᠤᠯᠤᠨ᠎ᠠ᠃ ᠰᠣᠶᠣᠯ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠵᠦ ᠭᠠᠷᠭᠠᠬᠤ ᠶᠢ ᠤᠯᠠᠮᠵᠢᠯᠠᠨ ᠳᠡᠯᠭᠡᠷᠡᠭᠦᠯᠵᠦ᠂ ᠬᠦᠳᠦᠯᠦᠨ ᠵᠢᠯᠣᠭᠤᠳᠬᠤ  ᠂ ᠤᠷᠮᠠᠰᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠳᠡᠭᠦᠯᠳᠡᠷᠵᠢᠭᠦᠯᠦᠨ᠎ᠡ᠃ ᠴᠢᠬᠤᠯᠠ ᠶᠡᠭᠡ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ︽ᠵᠠᠭᠤᠨ  ᠪᠦᠯᠬᠦᠮ ᠮᠢᠩᠭᠠᠨ ᠲᠠᠯᠠᠪᠠᠢ ᠶᠢᠨ ᠲᠣᠭᠯᠠᠯᠲᠠ ᠦᠨᠳᠦᠰᠦᠨ ᠱᠠᠲᠤᠨ ᠳᠤ ᠪᠠᠭᠤᠬᠤ︾᠂ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠵᠡᠷᠭᠡ ᠠᠷᠠᠳ ᠲᠦᠮᠡᠨ ᠳᠤ ᠠᠰᠢᠭ ᠬᠦᠷᠲᠡᠭᠡᠬᠦ ᠲᠣᠭᠯᠠᠯᠲᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠤᠳᠬ᠎ᠠ ᠣᠷᠠᠯᠢᠭ ᠤᠨ ᠠᠵᠢᠯᠲᠠᠨ ᠤ ᠦᠨᠳᠦᠰᠦᠨ ᠱᠠᠲᠤᠨ ᠳᠤ ᠭᠦᠨᠵᠡᠭᠡᠶᠢᠷᠡᠨ ᠣᠳᠬ᠎ᠠ ᠰᠡᠳᠣᠪ ᠴᠤᠭᠯᠠᠭᠤᠯᠤᠨ ᠵᠣᠬᠢᠶᠠᠨ ᠪᠦᠲᠦᠭᠡᠬᠦ᠂  ᠬᠠᠷᠢᠴᠠᠭ᠎ᠠ ᠪᠠᠶᠢᠭᠤᠯᠤᠨ ᠬᠠᠪᠰᠤᠷᠤᠨ ᠲᠡᠳᠬᠦᠬᠦ᠂ ᠲᠣᠬᠤᠨᠢᠭᠤᠯᠬᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠬᠦ ᠵᠡᠷᠭᠡ ᠶᠢ  ᠬᠦᠳᠦᠯᠦᠨ ᠵᠢᠯᠣᠭᠤᠳᠬᠤ ᠪᠠ ᠵᠣᠷᠢᠭᠵᠢᠭᠤᠯᠤᠨ᠎ᠠ᠃ ︽ᠥᠪᠥᠷ ᠮᠣᠩᠭᠤᠯ ᠤᠨ ᠳᠠᠭᠤᠤ ᠬᠥᠭᠵᠢᠮ︾᠂ ︽ᠥᠪᠥᠷ ᠮᠣᠩᠭᠤᠯ ᠤᠨ ᠪᠥᠵᠢᠭ︾ ᠤᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠣᠶ ᠪᠣᠯᠭᠠᠵᠤ᠂ ᠦᠨᠳᠦᠰᠦᠲᠡᠨ ᠤ ᠳᠠᠭᠤᠤ ᠬᠥᠭᠵᠢᠮ᠂ ᠪᠥᠵᠢᠭ ᠪᠠ ᠬᠤᠪᠴᠠᠰᠤ ᠵᠠᠰᠠᠯ ᠤᠨ ᠤᠷᠠᠯᠢᠭ   ᠢ ᠤᠯᠠᠮᠵᠢᠯᠠᠨ ᠪᠠᠳᠠᠷᠠᠭᠤᠯᠵᠤ᠂ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ᠂ ᠪᠥᠬᠦ ᠣᠷᠣᠨ ᠤ ᠪᠥᠵᠢᠭ ᠤᠨ ᠤᠷᠤᠯᠳᠤᠭᠠᠨ ᠪᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ  ᠴᠣᠭᠴᠠᠯᠠᠨ ᠪᠠᠶᠢᠭᠤᠯᠬᠤ ᠠᠭᠤᠯᠭ᠎ᠠ ᠪᠦᠬᠦᠢ ᠰᠣᠳᠣᠨ ᠵᠦᠴᠦᠭᠡ ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠡᠷᠭᠢᠯᠡᠨ᠎ᠡ᠃ ᠤᠷᠠᠯᠢᠭ ᠤᠨ ᠳᠠᠩᠰᠠ ᠡᠪᠬᠡᠮᠡᠯ ᠤᠨ ᠣᠷᠳᠣᠨ ᠢ ᠰᠡᠯᠪᠢᠨ ᠵᠠᠰᠠᠵᠤ ᠥᠭᠡᠷᠡᠴᠢᠯᠡᠬᠦ ᠵᠢᠴᠢ ᠳᠡᠰ ᠳᠡᠪᠰᠢᠭᠦᠯᠬᠦ ᠠᠵᠢᠯ ᠢ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠠᠷᠠᠳ ᠤᠨ ᠳᠠᠭᠤᠤ ᠶᠢᠨ ᠲᠣᠮᠣ ᠲᠣᠯᠢ︾ ᠶᠢ ᠨᠠᠶᠢᠷᠠᠭᠤᠯᠤᠨ ᠪᠢᠴᠢᠬᠦ ᠠᠵᠢᠯ ᠢ ᠲᠦᠯᠬᠢᠨ  ᠠᠬᠢᠭᠤᠯᠣᠨ᠎ᠠ᠃        ᠭᠤᠷᠪᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ        ᠠᠷᠠᠳ ᠤᠯᠠᠨ ᠤ ᠰᠣᠶᠣᠯ ᠤᠨ ᠦᠨᠳᠦᠰᠦᠨ ᠬᠡᠷᠡᠭᠴᠡᠭᠡ ᠳᠤ ᠰᠠᠭᠤᠷᠢᠯᠠᠨ᠂ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡᠨ ᠢ ᠪᠠᠷᠢᠮᠵᠢᠶᠠᠵᠢᠭᠤᠯᠤᠨ ᠠᠳᠠᠯᠢ ᠲᠡᠭᠰᠢ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠴᠠᠭ ᠦᠶ ᠎ᠡ ᠶᠢᠨ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠦᠭᠰᠡᠨ᠂ ᠰᠣᠶᠣᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠪᠠᠲᠤᠯᠠᠬᠤ ᠶᠢ ᠢᠳᠡᠪᠬᠢᠳᠡᠢ ᠪᠠᠷ ᠲᠦᠯᠬᠢᠨ ᠠᠬᠢᠭᠤᠯᠤᠨ᠎ᠠ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠬᠤᠰᠢᠭᠤ ᠰᠢᠶᠠᠨ ᠤ ᠨᠣᠮ ᠤᠨ ᠰᠠᠩ᠂ ᠰᠣᠶᠣᠯ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠣᠯᠠᠨ ᠨᠡᠶᠢᠲᠡ ᠶᠢᠨ  ᠦᠢᠯᠡᠴᠢᠯᠡᠭᠡᠨ ᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠤ ᠰᠢᠨ᠎ᠡ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠵᠣᠷᠯᠣᠩ ᠤᠨ ᠪᠠᠶᠢᠭᠤᠯᠤᠯᠲᠠ ᠶᠢ ᠴᠢᠩᠭᠠᠳᠬᠠᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠲᠣᠭᠠᠴᠢᠯᠠᠭᠰᠠᠨ ᠨᠣᠮ ᠤᠨ ᠰᠠᠩ᠂ ᠲᠣᠭᠠᠴᠢᠯᠠᠭᠰᠠᠨ ᠰᠣᠶᠣᠯ ᠤᠨ ᠣᠷᠳᠣᠨ᠂ ᠲᠣᠭᠠᠴᠢᠯᠠᠭᠰᠠᠨ ᠦᠵᠡᠰᠬᠦᠯᠡᠩ ᠤᠨ ᠣᠷᠳᠣᠨ ᠪᠠ ᠮᠣᠩᠭᠤᠯ ᠡᠷᠲᠡᠨ ᠤ ᠪᠢᠴᠢᠭ ᠮᠠᠲ᠋ᠧᠷᠢᠶᠠᠯ ᠤᠨ ᠲᠥᠪ᠂ ᠥᠪᠥᠷ  ᠮᠣᠩᠭᠤᠯ ᠤᠨ ᠭᠡᠷᠡᠯ ᠵᠢᠷᠤᠭ ᠤᠨ ᠰᠦᠯᠵᠢᠶᠡᠨ ᠤ ᠥᠷᠲᠡᠭᠡ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠬᠦᠷᠢᠶᠡᠨ  ᠳᠤ ᠬᠢ ᠡᠯ᠎ᠡ ᠵᠦᠢᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠬᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠶᠡᠷᠦᠩᠬᠡᠶ ᠪᠡ ᠬᠤᠪᠢᠶᠠᠷᠢ ᠣᠷᠳᠣᠨ ᠤ ᠲᠦᠷᠢᠮ ᠤᠨ ᠪᠠᠶᠢᠭᠤᠯᠤᠯᠲᠠ᠂ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠤᠯᠢ ᠶᠢᠨ ᠬᠠᠷᠢᠭᠤᠴᠠᠯᠭᠠᠳᠦ ᠬᠥᠮᠦᠨ ᠢ ᠵᠠᠰᠠᠨ ᠰᠠᠶᠢᠵᠢᠷᠠᠭᠤᠯᠬᠤ ᠪᠦᠲᠦᠴᠡ ᠶᠢᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ  ᠦᠢᠯᠡᠳᠦᠯ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠰᠣᠶᠣᠯ ᠤᠨ ᠡᠷᠦᠬᠡ ᠶᠢ ᠲᠡᠳᠬᠦᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠪᠦᠬᠦ ᠣᠷᠣᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂  ᠲᠠᠷᠢᠶᠠᠴᠢᠳ ᠮᠠᠯᠴᠢᠳ ᠤᠨ ᠤᠷᠠᠨ ᠰᠠᠶᠢᠬᠠᠨ ᠤ ᠲᠣᠭᠯᠠᠯᠲᠠ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠵᠡᠷᠭᠡ ᠣᠷᠣᠯᠴᠠᠬᠤ ᠤᠷᠮ᠎ᠠ ᠪᠠᠷ ᠥᠨᠳᠥᠷ᠂ ᠨᠥᠯᠥᠭᠡᠯᠡᠬᠦ ᠬᠡᠪᠴᠢᠶ᠎ᠡ ᠪᠠᠷ ᠥᠷᠭᠡᠨ ᠣᠯᠠᠨ ᠲᠦᠮᠡᠨᠴᠢ ᠴᠢᠨᠠᠷᠲᠠᠶ ᠨᠡᠷᠡᠲᠦ ᠲᠥᠷᠥᠯ ᠲᠡᠮᠳᠡᠭᠲᠦ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠤᠶᠢᠵᠢᠭᠤᠯᠤᠨ᠎ᠠ᠃ ᠦᠨᠳᠦᠰᠦᠨ ᠱᠠᠲᠤᠨ ᠤ ᠰᠣᠶᠣᠯ ᠤᠨ ᠡᠩᠨᠡᠭᠡᠨ ᠤ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠨ᠎ᠠ᠃ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠦᠵᠡᠰᠬᠦᠯᠡᠩ ᠤᠨ ᠠᠵᠢᠯᠯᠠᠭ᠎ᠠ ᠶᠢ ᠤᠬᠠᠭᠠᠯᠠᠨ  ᠡᠷᠬᠢᠯᠡᠨ᠎ᠡ᠃ ᠰᠣᠶᠣᠯ ᠪᠠ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠲᠠᠪᠴᠠᠩ ᠪᠠ ᠰᠣᠶᠣᠯ ᠤᠨ ᠡᠬᠢ ᠪᠠᠶᠠᠯᠢᠭ ᠤᠨ ᠮᠡᠳᠡᠭᠡ  ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠦᠯᠬᠢᠨ ᠠᠬᠢᠭᠤᠯᠤᠨ᠎ᠠ᠃      ᠲᠦᠷᠪᠡ᠂ ᠲᠡᠤᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ        ᠬᠠᠮᠠᠭᠠᠯᠠᠯᠳᠠ ᠪᠠᠨ ᠪᠠᠳᠣᠯᠠᠭᠠᠵᠢᠭᠤᠯᠵᠤ᠂  ᠬᠠᠮᠠᠭᠠᠯᠠᠬᠤ ᠪᠠ ᠬᠡᠷᠡᠭᠯᠡᠬᠦ ᠶᠢ ᠣᠶᠠᠯᠳᠣᠭᠤᠯᠣᠨ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠤᠬᠡ ᠶᠢᠨ ᠳᠤᠷᠠᠰᠬᠠᠯᠲᠤ  ᠵᠦᠢᠯᠡᠰ ᠲᠤ ᠠᠭᠤᠯᠤᠭᠳᠠᠵᠤ ᠪᠠᠶᠢᠭ᠎ᠠ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠶ ᠠᠭᠤᠳᠠᠯᠬᠤ ᠪᠠ ᠰᠢᠰᠲ᠋ᠧᠮ ᠲᠠᠢ ᠪᠠᠷ ᠲᠠᠶᠢᠯᠪᠤᠷᠢᠯᠠᠵᠤ᠂ ᠲᠡᠤᠬᠡ ᠶᠢᠨ ᠳᠤᠷᠠᠰᠬᠠᠯᠲᠤ  ᠵᠦᠢᠯᠡᠰ ᠢ ᠵᠦᠶ ᠵᠣᠬᠢᠰᠲᠠᠶ ᠠᠰᠢᠭᠯᠠᠬᠤ ᠶᠢ ᠲᠦᠯᠬᠢᠨ ᠠᠬᠢᠭᠤᠯᠵᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠭᠰᠠᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠢᠯᠡᠭᠦᠤ ᠬᠦᠷᠲᠡᠭᠡᠬᠦ ᠬᠡᠷᠡᠭᠲᠡᠶ᠃ ᠬᠠᠳᠤᠨ ᠭᠤᠣᠯ ᠤᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠠᠵᠢᠯ ᠢ ᠴᠢᠩᠭᠠᠳᠬᠠᠵᠤ᠂ ᠥᠪᠥᠷ ᠮᠣᠩᠭᠤᠯ ᠤᠨ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠰᠤᠳᠤᠯᠬᠤ ᠲᠥᠪ ᠢ ᠪᠠᠶᠢᠭᠤᠯᠵᠤ᠂ ᠬᠠᠳᠤᠨ ᠭᠤᠣᠯ ᠤᠨ ᠰᠣᠶᠣᠯ ᠤᠨ ᠰᠢᠰᠲ᠋ᠧᠮ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠰᠢᠷᠬᠤᠰᠣᠨ ᠬᠠᠭᠤᠴᠢ ᠰᠤᠳᠤᠯᠤᠯ ᠤᠨ ᠪᠠᠭᠤᠷᠢ   ᠶᠢᠨ ᠴᠡᠴᠡᠷᠯᠢᠭ᠂ ᠬᠤᠷᠢᠨᠭᠡᠷ ᠤᠨ ᠰᠢᠷᠣᠢ ᠶᠢᠨ ᠬᠤᠲᠠ ᠶᠢᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ  ᠪᠠᠶᠢᠭᠤᠯᠣᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠷᠬᠤᠰᠣᠨ ᠬᠠᠭᠤᠴᠢ ᠰᠣᠳᠣᠯᠣᠯ ᠤᠨ ᠣᠯᠠᠨ ᠤᠯᠤᠰ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠣᠭᠤᠯᠣᠨ᠎ᠠ᠃ ︽ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠶᠡᠷᠦᠩᠬᠡᠶ ᠲᠥᠯᠥᠪᠵᠢᠭᠦᠯᠭᠡ︾ ᠶᠢ ᠨᠡᠶᠢᠳᠡᠯᠡᠨ ᠬᠡᠷᠡᠭᠵᠢᠭᠦᠯᠵᠦ᠂ ᠭᠤᠤᠯᠳᠠᠯᠭ᠎ᠠ ᠲᠠᠢ ᠬᠡᠰᠡᠭ ᠲᠤ ᠠᠶᠤᠯ ᠠᠴᠠ ᠠᠪᠤᠷᠠᠵᠤ ᠬᠠᠮᠠᠭᠠᠯᠠᠬᠤ ᠠᠵᠢᠯ ᠢ ᠦᠷᠨᠢᠭᠦᠯᠵᠣ᠂ ᠥᠪᠥᠷ ᠮᠣᠩᠭᠤᠯ ᠤᠨ ᠣᠷᠳᠣ ᠴᠠᠭᠠᠨ ᠬᠡᠷᠡᠮ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ ᠯᠢᠶᠣᠤ ᠤᠯᠤᠰ ᠤᠨ ᠳᠡᠭᠡᠳᠦ ᠨᠡᠶᠢᠰᠯᠡᠯ ᠪᠣᠯᠤᠨ ᠳᠡᠭᠡᠳᠦᠰ ᠤᠨ ᠣᠩᠭᠤᠨ ᠤ ᠪᠠᠭᠤᠷᠢ᠂  ᠣᠯᠠᠭᠠᠨᠬᠠᠳᠠ ᠶᠢᠨ ᠪᠠᠭᠤᠷᠢ ᠶᠢᠨ ᠪᠦᠯᠦᠭᠯᠡᠯ᠂ ᠮᠤᠨᠢ ᠠᠭᠤᠯᠠ ᠶᠢᠨ ᠬᠠᠳᠠᠨ ᠰᠡᠶᠢᠯᠦᠮᠡᠯ᠂  ᠲᠦᠮᠡᠨ ᠭᠠᠵᠠᠷ ᠤᠨ ᠴᠠᠢ ᠶᠢᠨ ᠵᠠᠮ ᠵᠡᠷᠭᠡ ᠶᠢ ᠭᠤᠣᠯᠳᠠᠯᠭ᠎ᠠ ᠲᠠᠢ ᠰᠣᠶᠣᠯ  ᠤᠨ ᠥᠪ ᠢᠶᠠᠷ ᠮᠡᠳᠡᠭᠦᠯᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠡᠷᠲᠡᠨ ᠤ ᠪᠠᠭᠤᠷᠢ᠂ ᠡᠷᠲᠡᠨ ᠤ ᠪᠤᠯᠠᠰᠢ᠂ ᠡᠷᠲᠡᠨ ᠤ ᠪᠠᠷᠢᠯᠭ᠎ᠠ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ᠎ᠠ᠃ ︽ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠦᠷᠢᠮ︾ ᠤᠨ ᠬᠠᠤᠯᠢ  ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠬᠢᠩᠭᠠᠨ ᠠᠶᠢᠮᠠᠭ ᠤᠨ ︽ᠨᠢᠭᠡ ᠣᠷᠳᠣᠨ ᠠᠷᠪᠠᠨ ᠭᠠᠵᠠᠷ︾᠂ ᠣᠷᠳᠣᠰ ᠤᠨ ᠪᠣᠷᠣᠪᠠᠯᠭᠠᠰᠣ᠂ ᠲᠣᠭᠤᠷᠢᠮ ᠵᠡᠷᠭᠡ ᠭᠠᠵᠠᠷ ᠣᠷᠣᠨ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠵᠡᠷᠭᠡ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠲᠥᠪᠯᠡᠷᠡᠭᠦᠯᠦᠨ ᠵᠠᠯᠭᠠᠯᠳᠣᠭᠤᠯᠣᠨ ᠬᠠᠮᠠᠭᠠᠯᠠᠵᠤ ᠠᠰᠢᠭᠯᠠᠬᠤ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠳᠡᠭᠦᠯᠳᠡᠷᠵᠢᠭᠦᠯᠵᠤ᠂ ᠤᠷᠲᠤ ᠴᠠᠭᠠᠨ ᠬᠡᠷᠡᠮ ᠤᠨ ᠳᠠᠷᠤᠭ᠎ᠠ ᠶᠢᠨ ᠳᠦᠷᠢᠮ ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠬᠠᠤᠯᠢ ᠶᠢᠨ ᠡᠷᠬᠡᠲᠡᠨ ᠤ ᠬᠠᠤᠯᠢ ᠠᠴᠠ ᠵᠥᠷᠢᠴᠡᠭᠰᠡᠨ᠂ ᠬᠤᠯᠠᠭᠠᠶᠢᠯᠠᠨ ᠮᠠᠯᠲᠠᠭᠰᠠᠨ᠂ ᠭᠠᠯ ᠤᠨ ᠠᠶᠤᠯ ᠤᠨ ᠠᠳᠡᠯ ᠵᠡᠷᠭᠡ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠤ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠦᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ᠎ᠠ᠃ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠣᠷᠴᠢᠨ ᠠᠬᠤᠶ ᠶᠢ ᠬᠠᠮᠠᠭᠠᠯᠠᠵᠣ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ᠂ ᠭᠤᠤᠯᠳᠠᠯᠭ᠎ᠠ ᠲᠠᠢ ᠢᠨᠵᠧᠨᠧᠷᠢᠩ ᠲᠠᠢ ᠬᠠᠮᠵᠢᠯᠴᠠᠨ ᠬᠠᠭᠤᠴᠢ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠣᠷᠠᠰᠬᠠᠯᠳᠣ ᠵᠦᠢᠯᠡᠰ ᠤᠨ ᠬᠠᠭᠤᠴᠢ ᠰᠤᠳᠤᠯᠤᠯ ᠤᠨ ᠰᠠᠭᠤᠷᠢᠨ ᠭᠠᠵᠠᠷ ᠢ ᠲᠥᠯᠥᠪᠯᠡᠨ ᠪᠦᠲᠦᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠶᠢᠨ ᠳᠡᠯᠭᠡᠨ ᠦᠵᠡᠭᠦᠯᠦᠯᠭᠡ᠂ ᠲᠡᠤᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠬᠤ ᠠᠵᠢᠯ ᠢ ᠰᠠᠶᠢᠲᠤᠷ ᠬᠢᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠠᠮᠵᠢᠯᠴᠠᠨ ᠬᠢᠳᠠᠨ ᠯᠢᠶᠣᠤ ᠤᠯᠤᠰ ᠤᠨ ᠮᠦᠽᠧᠶ᠂ ᠥᠪᠥᠷ ᠮᠣᠩᠭᠤᠯ ᠤᠨ ᠠᠵᠤ  ᠦᠢᠯᠡᠳᠪᠣᠷᠢ ᠶᠢᠨ ᠮᠦᠽᠧᠶ᠂ ᠬᠥᠯᠥᠨ ᠪᠣᠶᠢᠷ ᠤᠨ ᠲᠡᠤᠬᠡ ᠶᠢᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃      ᠲᠠᠪᠤ᠂  ᠪᠣᠳᠠᠰ ᠤᠨ ᠪᠤᠰᠤ ᠰᠣᠶᠣᠯ ᠤᠨ ᠦᠪ   ᠢ ᠦᠪᠯᠡᠨ ᠣᠯᠠᠮᠵᠢᠯᠠᠬᠤ ᠪᠡ ᠬᠠᠮᠠᠭᠠᠯᠠᠯᠲᠠ ᠶᠢ ᠴᠢᠩᠭᠠᠳᠬᠠᠨ᠎ᠠ          ︽ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ  ᠂ ᠴᠢᠳᠠᠪᠤᠷᠢ ᠪᠠᠨ ᠳᠡᠭᠡᠭᠰᠢᠯᠡᠭᠦᠯᠬᠦ᠂ ᠦᠨ᠎ᠡ ᠥᠷᠲᠡᠭ ᠢᠶᠠᠨ  ᠪᠠᠳᠠᠷᠠᠭᠤᠯᠬᠤ᠂ ᠬᠥᠭᠵᠢᠭᠦᠯᠦᠨ ᠮᠠᠨᠳᠤᠭᠤᠯᠬᠤ︾ ᠪᠠᠷ ᠭᠤᠤᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠮᠦᠨ ᠢ ᠬᠥᠮᠦᠵᠢᠭᠦᠯᠬᠦ ᠪᠠᠷ  ᠭᠤᠤᠯ ᠪᠣᠯᠭᠠᠨ᠂ ᠣᠳᠣ ᠦᠶ᠎ᠡ ᠶᠢᠨ ᠠᠮᠢᠳᠤᠷᠠᠯ ᠳᠤ ᠠᠭᠤᠰᠬᠠᠬᠤ ᠪᠠᠷ ᠤᠳᠤᠷᠢᠳᠤᠮᠵᠢ ᠪᠣᠯᠭᠠᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ᠵᠢᠩᠭᠠᠷ︾ ᠢ ᠳᠤᠮᠳᠠᠳᠤ ᠮᠣᠩᠭᠤᠯ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠡᠬᠢᠯᠡᠭᠦᠯᠵᠦ᠂ ︽ᠵᠢᠩᠭᠠᠷ︾ ᠤᠨ ᠣᠯᠠᠨ ᠤᠯᠤᠰ  ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠤᠨ᠎ᠠ᠃ ᠳᠣᠯᠣᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠡᠰ ᠤᠨ  ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠨ᠎ᠡ᠃ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠳᠠᠶᠢᠴᠢᠯᠠᠬᠤ ᠳᠤ ᠲᠣᠬᠢᠷᠠᠬᠤ᠂ ᠵᠠᠬ᠎ᠠ ᠳᠡᠯᠭᠡᠭᠦᠷ ᠤᠨ ᠳᠠᠯᠳᠠ ᠬᠦᠴᠦᠨ ᠲᠠᠢ ᠤᠯᠠᠮᠵᠢᠯᠠᠯᠲᠤ ᠭᠠᠷ ᠤᠷᠠᠯᠠᠯ ᠤᠨ ᠲᠥᠷᠥᠯ  ᠵᠦᠢᠯ ᠵᠢᠴᠢ ᠬᠠᠮᠠᠭᠠᠯᠠᠯᠲᠠ ᠶᠢᠨ ᠨᠢᠭᠡᠴᠢ ᠶᠢ ᠰᠣᠩᠭᠤᠵᠤ᠂ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠠᠵᠢᠯ ᠣᠯᠭᠤᠬᠤ ᠦᠢᠯᠡᠳᠪᠣᠷᠢᠯᠡᠯ ᠤᠨ ᠭᠠᠵᠠᠷ ᠢ ᠪᠠᠶᠢᠭᠤᠯᠤᠨ᠎ᠠ᠃ ᠬᠠᠳᠬᠤᠮᠠᠯ ᠤᠨ ᠲᠥᠷᠥᠯ ᠤᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠢ ᠠᠬᠢᠭᠤᠯᠵᠣ᠂ ᠳᠤᠮᠳᠠᠳᠤ ᠤᠯᠤᠰ ᠤᠨ ᠭᠠᠷ ᠤᠷᠠᠯᠠᠯ ᠤᠨ ᠬᠠᠳᠬᠤᠮᠠᠯ ᠤᠨ ᠤᠷᠤᠯᠳᠤᠭᠠᠨ ᠢ ᠡᠷᠬᠢᠯᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠶᠢ ᠢᠳᠡᠪᠬᠢᠲᠡᠢ ᠰᠦᠪᠡᠭᠴᠢᠯᠡᠵᠣ᠂ ᠥᠪᠡᠷᠲᠡᠭᠡᠨ ᠵᠠᠰᠠᠬᠤ ᠣᠷᠣᠨ ᠤ ᠲᠡᠰ ‍ᠤᠨ‌‍ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠵᠢᠨ‌ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠂ ᠪᠠᠭᠠᠷᠢᠨ ᠪᠠᠷᠠᠭᠤᠨ ᠬᠤᠰᠢᠭᠤᠨ ᠤ  ︽ᠭᠡᠰᠡᠷ︾ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠤᠯᠤᠰ ᠤᠨ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠣᠷᠰᠢᠯᠲᠠ ᠶᠢᠨ ᠣᠷᠣᠨ ᠢᠶᠠᠷ ᠭᠤᠶᠤᠴᠢᠯᠠᠨ ᠮᠡᠳᠡᠭᠦᠯᠦᠨ᠎ᠡ  ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠬᠥᠮᠦᠰ ᠤᠨ ᠰᠤᠳᠤᠯᠤᠨ ᠰᠤᠷᠤᠯᠴᠠᠬᠤ ᠪᠣᠯᠪᠠᠰᠣᠷᠠᠭᠤᠯᠣᠯ ᠤᠨ ᠲᠥᠯᠥᠪᠯᠡᠭᠡ ᠶᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠦᠪ ᠢ ᠣᠯᠠᠮᠵᠢᠯᠠᠨ ᠵᠠᠯᠭᠠᠮᠵᠢᠯᠠᠬᠤ ᠬᠥᠮᠦᠰ ᠤᠨ ᠰᠤᠳᠤᠯᠤᠨ  ᠬᠦᠮᠦᠵᠢᠭᠦᠯᠦᠭᠰᠡᠨ ᠦᠷ᠎ᠡ ᠪᠦᠳᠦᠭᠡᠯ ᠤᠨ ᠦᠵᠡᠰᠬᠦᠯᠡᠩ ᠢ ᠡᠷᠬᠢᠯᠡᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ ᠪᠠ ᠰᠣᠯᠢᠯᠴᠠᠬᠤ ᠠᠵᠢᠯ ᠢ ᠴᠢᠩᠭᠠᠳᠬᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ᠂ ᠳᠡᠯᠭᠡᠨ ᠪᠣᠷᠣᠯᠠᠭᠤᠯᠬᠤ ᠰᠠᠭᠤᠷᠢᠨ ᠭᠠᠵᠠᠷ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠶᠢᠨ ᠪᠥᠲᠥᠭᠡᠨ ᠪᠠᠶᠢᠭᠤᠯᠣᠯᠲᠠ ᠶᠢ ᠠᠬᠢᠭᠤᠯᠤᠨ᠎ᠠ᠃ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠡᠯ ᠤᠨ ᠰᠣᠳᠣᠨ ᠵᠠᠮ ᠱᠤᠭᠤᠮ ᠢ ᠭᠠᠷᠭᠠᠵᠤ᠂  ᠪᠣᠳᠠᠰ ᠤᠨ ᠪᠤᠰᠤ ᠰᠣᠶᠣᠯ ᠤᠨ ᠦᠪ ᠤᠨ ᠪᠦᠳᠦᠭᠡᠭᠳᠡᠭᠦᠨ ᠢ ᠦᠵᠡᠮᠵᠢ ᠶᠢᠨ ᠣᠷᠣᠨ᠂ ᠬᠤᠳᠠᠯᠳᠤᠭᠠᠨ ᠤ ᠲᠠᠯᠠᠪᠠᠢ ᠳᠤ  ᠣᠷᠣᠭᠤᠯᠬᠤ ᠶᠢ ᠠᠬᠢᠭᠤᠯᠤᠨ᠎ᠠ᠃        ᠵᠢᠷᠭᠤᠭ᠎ᠠ᠂ ᠰᠣᠶᠣᠯ ᠵᠢᠭᠤᠯᠴᠢᠯᠠᠯ ᠤᠨ ᠠᠵᠤ  ᠦᠢᠯᠡᠰ ᠢ ᠬᠥᠭᠵᠢᠭᠦᠯᠦᠨ᠎ᠡ          ︽ᠠᠭᠤᠰᠤᠯᠴᠠᠭᠤᠯᠬᠤ ᠳᠤ ᠲᠣᠬᠢᠷᠠᠮᠵᠢᠲᠠᠢ ᠪᠣᠯ ᠠᠭᠤᠰᠤᠯᠴᠠᠭᠤᠯᠬᠤ᠂ ᠠᠭᠤᠰᠤᠯᠴᠠᠭᠤᠯᠬᠤ ᠳᠤ ᠪᠠᠨ ᠭᠦᠢᠴᠡᠳ ᠠᠭᠤᠰᠣᠯᠴᠠᠭᠤᠯᠬᠤ᠂ ᠰᠣᠶᠣᠯ ᠢᠶᠠᠷ ᠵᠢᠭᠤᠯᠴᠢᠯᠡᠯ ᠢ ᠠᠬᠢᠭᠤᠯᠬᠤ᠂ ᠵᠢᠭᠤᠯᠴᠢᠯᠠᠯ ᠢᠶᠠᠷ ᠰᠣᠶᠣᠯ ᠢ ᠰᠣᠷᠲᠠᠯᠴᠢᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠣᠶᠣᠯ ᠪᠠ ᠵᠢᠭᠤᠯᠴᠢᠯᠡᠯ ᠤᠨ ᠬᠦᠷᠢᠶᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠪᠠ  ᠵᠢᠭᠤᠯᠴᠢᠯᠡᠯ ᠤᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠨᠠᠷ ᠲᠠᠢ ᠠᠬᠢᠭᠤᠯᠤᠨ᠎ᠠ᠃ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠦᠯᠦᠭᠯᠡᠯ ᠢ ᠪᠡᠯᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠷᠰᠢᠯᠴᠠᠭ᠎ᠠ ᠶᠢ  ᠭᠦᠨᠵᠡᠭᠡᠶᠢᠷᠡᠭᠦᠯᠦᠨ᠂ ᠰᠣᠶᠣᠯ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠵᠤ ᠪᠡᠯᠡ ᠳᠣᠬᠢᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠵᠢᠭᠡᠯᠡᠯᠭᠡ ᠶᠢᠨ ᠲᠥᠷᠥᠯ ᠵᠦᠢᠯ ᠤᠨ ᠨᠦᠬᠦᠪᠦᠷᠢᠲᠡᠢ ᠬᠦᠤ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠪᠠᠩᠬᠢ ᠶᠢᠨ ᠵᠢᠭᠡᠯᠡᠯᠭᠡ ᠳᠤ ᠨᠦᠬᠦᠪᠦᠷᠢᠲᠡᠢ ᠬᠦᠤ ᠣᠯᠭᠤᠨ᠎ᠠ᠃ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠦᠭᠵᠢᠭᠦᠯᠬᠦ ᠲᠤᠬᠠᠶ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠ ᠬᠡᠷᠡᠭᠯᠡᠭᠡᠨ ᠤ ᠵᠠᠭᠪᠤᠷ ᠢ ᠪᠤᠶᠢᠵᠢᠭᠤᠯᠤᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠥᠨᠢ ᠶᠢᠨ ᠠᠵᠤ  ᠦᠢᠯᠡᠰ ᠢ ᠬᠥᠭᠵᠢᠭᠦᠯᠬᠦ ᠶᠢ ᠳᠡᠮᠵᠢᠵᠦ᠂ ᠤᠯᠤᠰ ᠤᠨ ᠲᠠᠰ ᠤᠨ ᠬᠡᠷᠡᠭᠯᠡᠭᠡᠨ ᠤ ᠲᠤᠷᠰᠢᠯᠲᠠ ᠶᠢᠨ ᠴᠢᠭ ᠪᠣᠯᠬᠤ ᠬᠤᠲᠠ ᠪᠠ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠦᠨ᠎ᠡ᠃ ᠤᠯᠠᠮᠵᠢᠯᠠᠯᠲᠤ ᠮᠣᠩᠭᠤᠯ ᠭᠡᠷ ᠦᠢᠯᠡᠳᠬᠦ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ ᠲᠤᠷᠰᠢᠯᠲᠠ ᠶᠢᠨ  ᠴᠢᠭ ᠤᠨ ᠠᠶᠢᠮᠠᠭ ᠬᠤᠲᠠ ᠶᠢᠨ ᠤᠯᠠᠮᠵᠢᠯᠠᠯᠲᠤ ᠮᠣᠩᠭᠤᠯ ᠭᠡᠷ ᠦᠢᠯᠡᠳᠬᠦ ᠲᠤᠷᠰᠢᠯᠲᠠ ᠶᠢᠨ ᠣᠷᠣᠨ ᠤ ᠠᠵᠢᠯ ᠢ ᠥᠷᠨᠢᠭᠦᠯᠬᠦ ᠶᠢ ᠳᠠᠮᠵᠢᠵᠤ᠂ ᠤᠯᠠᠮᠵᠢᠯᠠᠯᠲᠤ ᠮᠣᠩᠭᠤᠯ ᠭᠡᠷ ᠬᠡᠷᠡᠭᠯᠡᠬᠦ ᠦᠵᠡᠮᠵᠢ ᠶᠢᠨ ᠣᠷᠣᠨ ᠢ ᠱᠠᠩᠨᠠᠨ ᠬᠥᠬᠢᠭᠦᠯᠦᠨ᠎ᠡ᠃ ᠰᠣᠶᠣᠯ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ‌ᠠᠬᠢᠭᠤᠯᠵᠤ᠂ ᠤᠯᠤᠰ ᠤᠨ ᠲᠡᠰ ᠤᠨ ᠠᠵᠤ ᠦᠢᠯᠡᠰ ‍ᠤᠨ‌ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠲᠣᠭᠤᠷᠢᠭ ᠢ ᠵᠣᠬᠢᠶᠠᠨ ᠪᠠᠶᠢᠭᠤᠯᠤᠨ ᠮᠡᠳᠡᠭᠦᠯᠵᠤ᠂ ᠰᠣᠶᠣᠯ ᠪᠣᠯᠤᠨ ᠵᠢᠭᠤᠯᠴᠢᠯᠠᠯ ᠤᠨ ᠲᠠᠸᠠᠷ ᠢ ᠦᠵᠡᠮᠵᠢ ᠶᠢᠨ ᠣᠷᠣᠨ ᠳᠤ ᠣᠷᠣᠭᠤᠯᠬᠤ ᠲᠥᠯᠥᠪᠯᠡᠭᠡ ᠶᠢ  ᠬᠡᠷᠡᠭᠵᠢᠭᠦᠯᠵᠤ᠂ ︽ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ︾ ᠵᠡᠷᠭᠡ  ᠳᠠᠯᠠᠪᠣᠷ ᠡᠵᠡᠯᠡᠬᠦ ᠲᠣᠭᠯᠠᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠳᠠᠮᠵᠢᠵᠤ᠂ 4A ᠠᠴᠠ ᠳᠡᠭᠡᠭᠰᠢᠬᠢ ᠦᠵᠡᠮᠵᠢ ᠶᠢᠨ ᠣᠷᠣᠨ ᠳᠤ ᠰᠣᠶᠣᠯ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ ᠨᠡᠭᠡᠭᠡᠬᠦ ᠶᠢ ᠳᠠᠮᠵᠢᠵᠤ᠂ ᠠᠵᠤ ᠠᠬᠤᠶᠢᠯᠠᠯ ᠤᠨ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠂ ᠭᠤᠤᠯ ᠬᠤᠳᠠᠯᠳᠤᠭᠠᠨ ᠤ ᠲᠣᠭᠤᠷᠢᠭ᠂ ᠰᠣᠶᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠳᠤ ᠰᠣᠶᠣᠯ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ ᠨᠡᠭᠡᠭᠡᠬᠦ ᠶᠢ ᠳᠠᠮᠵᠢᠨ᠎ᠠ᠃ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠠᠷ ᠤᠷᠠᠯᠠᠯ ᠤᠨ ᠶᠡᠭᠡ ᠪᠠᠭᠰᠢ᠂ ᠳᠡᠭᠡᠳᠦ ᠰᠤᠷᠭᠠᠭᠤᠯᠢ᠂  ᠨᠡᠶᠢᠬᠡᠮ ᠤᠨ ᠠᠵᠤ ᠠᠬᠤᠶᠢᠯᠠᠯ᠂ ᠰᠣᠶᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠰᠣᠶᠣᠯ ᠵᠢᠭᠤᠯᠴᠢᠯᠠᠯ ᠤᠨ ᠪᠦᠲᠦᠭᠡᠯᠴᠢ ᠦᠢᠯᠡᠳᠭᠦᠨ ᠪᠠ  ᠬᠤᠪᠢᠰᠬᠠᠯᠳᠦ ᠰᠣᠶᠣᠯ ᠤᠨ ᠡᠭᠦᠳᠦᠯᠲᠡ ᠶᠢᠨ ᠦᠢᠯᠡᠳᠭᠦᠨ ᠢ ᠬᠥᠭᠵᠢᠭᠦᠯᠬᠦ ᠶᠢ ᠲᠡᠮᠵᠢᠨ᠎ᠡ᠃ ︽ᠥᠪᠥᠷ ᠮᠣᠩᠭᠤᠯ ᠤᠨ ᠪᠡᠯᠡᠭ︾ ᠤᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠠᠷ ᠪᠤᠶᠢᠵᠢᠭᠤᠯᠤᠨ᠎ᠠ᠃ ᠪᠦᠯᠬᠦᠮ ᠵᠣᠬᠢᠶᠠᠨ ᠪᠠᠶᠢᠭᠤᠯᠤᠨ ᠱᠧᠨᠵᠧᠨ᠂ ᠪᠡᠭᠡᠵᠢᠩ᠂ ᠲᠢᠶᠠᠨᠵᠢᠨ᠂ ᠰᠧᠴᠤᠸᠠᠨ ᠵᠡᠷᠭᠡ ᠭᠠᠵᠠᠷ ᠣᠷᠣᠨ ᠤ ᠰᠣᠶᠣᠯ ᠤᠨ ᠦᠵᠡᠰᠬᠦᠯᠡᠩ ᠤᠨ ᠴᠤᠭᠯᠠᠭᠠᠨ᠂ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ 2020  ᠥᠪᠥᠷ ᠮᠣᠩᠭᠤᠯ ᠤᠨ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠢ ᠡᠷᠭᠢᠯᠡᠵᠦ᠂ ᠥᠪᠥᠷ ᠮᠣᠩᠭᠤᠯ ᠡᠾᠧᠪᠸᠢ ᠯᠢᠶᠣᠤᠨᠢᠩ ᠤᠨ ᠰᠣᠶᠣᠯ ᠤᠨ ᠠᠵᠤ  ᠦᠢᠯᠡᠰ ᠤᠨ ᠦᠵᠡᠰᠬᠦᠯᠡᠩ ᠤᠨ ᠴᠤᠭᠯᠠᠭᠠᠨ᠂ ᠠᠯᠠᠱᠠ ᠶᠢᠨ  ᠪᠠᠭᠠᠳᠣᠷᠴᠣᠳ ᠤᠨ ᠴᠤᠭᠯᠠᠭᠠᠨ᠂ ᠭᠤᠪᠢ ᠶᠢᠨ ᠳ᠋ᠧᠪᠠᠵᠠᠨ ᠵᠡᠷᠭᠡ ᠭᠤᠤᠯᠳᠠᠯᠭ᠎ᠠ ᠲᠠᠢ ᠠᠵᠢᠯᠯᠠᠭ᠎ᠠ ᠶᠢ ᠳᠡᠮᠵᠢᠨ᠎ᠡ᠃      ᠳᠣᠯᠤᠭ᠎ᠠ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ          ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠦᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠪᠠᠷ ᠭᠤᠤᠯ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠡᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠬᠠᠮᠲᠤ ᠪᠠᠷ ᠪᠠᠶᠢᠭᠤᠯᠵᠤ᠂ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠢᠳᠡᠪᠬᠢᠲᠡᠶ ᠪᠠᠶᠢᠭᠤᠯᠣᠨ᠎ᠠ᠃ ᠪᠦᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠣᠭᠤᠯᠣᠨ᠎ᠠ᠃ ᠦᠬᠠᠢ ᠠᠯᠠᠱᠠ᠂ ᠬᠠᠶᠢᠯᠠᠷ ᠮᠠᠨᠵᠣᠤᠷ᠂ ᠬᠠᠳᠤᠨ ᠭᠤᠤᠯ   ᠤᠨ ︽几︾ ᠦᠰᠦᠭ ᠤᠨ ᠪᠤᠯᠤᠩ᠂ ᠪᠡᠭᠡᠵᠢᠩ ᠲᠢᠶᠠᠨᠵᠢᠨ ᠾᠧᠪᠧᠶ ᠶᠢ ᠲᠣᠭᠤᠷᠢᠭᠰᠠᠨ ᠪᠠ G7 ᠲᠦᠷᠭᠡᠨ ᠤ ᠵᠠᠰᠠᠮᠠᠯ ᠵᠠᠮ ᠤᠨ ᠰᠣᠶᠣᠯ ᠵᠢᠭᠤᠯᠴᠢᠯᠠᠯ ᠤᠨ ᠦᠵᠡᠭᠦᠯᠦᠯᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠤᠯᠠᠭᠠᠨᠬᠠᠳᠠ ᠬᠤᠲᠠ᠂ ᠣᠷᠳᠣᠰ ᠬᠤᠲᠠ ᠪᠠᠷ ᠲᠤᠷᠰᠢᠯᠲᠠ ᠶᠢᠨ ᠴᠢᠭ ᠪᠣᠯᠭᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ ᠬᠥᠯᠥᠨ  ᠪᠤᠶᠢᠷ ᠤᠨ ᠤᠢ ᠶᠢᠨ ᠳᠤᠮᠳᠠᠬᠢ ᠲᠠᠯ᠎ᠠ ᠨᠤᠲᠤᠭ᠂ ᠬᠢᠩᠭᠠᠨ ᠠᠶᠢᠮᠠᠭ ᠤᠨ ᠤᠯᠠᠭᠠᠨᠮᠣᠳᠣ ᠶᠢᠨ ᠲᠠᠯ᠎ᠠ ᠨᠤᠲᠤᠭ᠂  ᠵᠠᠷᠣᠳ ᠬᠤᠰᠢᠭᠤᠨ ᠤ ᠬᠠᠩᠭᠠᠢ  ᠶᠢᠨ ᠲᠠᠯ᠎ᠠ ᠨᠤᠲᠤᠭ᠂ ᠠᠷᠤ ᠬᠤᠷᠴᠢᠨ ᠬᠤᠰᠢᠭᠤᠨ ᠤ ᠨᠡᠭᠦᠳᠡᠯ ᠮᠠᠯᠵᠢᠯ ᠤᠨ ᠲᠠᠯ᠎ᠠ ᠨᠤᠲᠤᠭ᠂ ᠰᠢᠯᠢ ᠶᠢᠨ ᠭᠤᠣᠯ ᠠᠶᠢᠮᠠᠭ ᠤᠨ ᠯᠢᠦ ᠯᠠᠨ ᠲᠠᠯ᠎ᠠ ᠨᠤᠲᠤᠭ ᠵᠡᠷᠭᠡ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠯᠥᠨ ᠪᠣᠶᠢᠷ ᠤᠨ ᠮᠡᠷᠭᠡᠨ ᠭᠤᠣᠯ ᠵᠡᠷᠭᠡ 5A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠵᠢᠭᠤᠯᠴᠢᠯᠡᠯ ᠤᠨ ᠭᠤᠣᠯᠯᠠᠭᠴᠢ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠳᠣ ᠴᠠᠭᠠᠨ ᠬᠡᠷᠡᠮ ᠤᠨ ᠵᠢᠭᠤᠯᠴᠢᠯᠠᠯ᠂ ᠵᠡᠭᠦᠨᠭᠠᠷ ᠤᠨ ᠶᠡᠭᠡ ᠬᠠᠪᠴᠢᠯ ᠤᠨ ᠵᠢᠭᠤᠯᠴᠢᠯᠠᠯ᠂ ᠬᠠᠲᠤᠨ ᠭᠤᠤᠯ ᠤᠨ ︽几︾ ᠦᠰᠦᠭᠲᠦ ᠪᠤᠯᠤᠩ ᠤᠨ ᠵᠢᠭᠤᠯᠴᠢᠯᠠᠯ ᠢ ᠬᠥᠭᠵᠢᠭᠦᠯᠦᠨ᠎ᠡ᠃ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ ᠨᠢᠭᠡ ᠪᠦᠯᠦᠭ  ᠪᠦᠳᠦᠭᠡᠭᠳᠡᠭᠦᠨ ᠢ ᠲᠥᠪᠯᠡᠷᠡᠭᠦᠯᠦᠨ ᠭᠠᠷᠭᠠᠵᠤ᠂ ᠥᠪᠥᠷ ᠮᠣᠩᠭᠤᠯ ᠤᠨ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠣᠨ᠎ᠠ᠃ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠪᠥᠷ  ᠮᠣᠩᠭᠤᠯ ᠤᠨ ᠰᠣᠶᠣᠯ ᠤᠨ ᠵᠢᠭᠤᠯᠴᠢᠯᠡᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠦᠨ᠎ᠡ᠃ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠭᠤᠤᠯᠯᠠᠭᠴᠢ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠪᠣᠷᠣᠯᠠᠭᠤᠯᠬᠤ ᠶᠢ ᠪᠥᠬᠦ ᠲᠠᠯ᠎ᠠ ᠪᠠᠷ ᠥᠷᠨᠢᠭᠦᠯᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ  ᠢ ᠡᠮᠬᠢᠯᠡᠨ ᠨᠡᠶᠢᠯᠡᠭᠦᠯᠵᠦ ᠤᠯᠠᠮᠵᠢᠯᠠᠨ ᠲᠠᠷᠬᠠᠭᠠᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ︽ᠥᠪᠥᠷ ᠮᠣᠩᠭᠤᠯ ᠤᠨ ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ︽ᠥᠪᠥᠷ ᠮᠣᠩᠭᠤᠯ ᠤᠨ ᠦᠨᠦᠷ ᠠᠮᠲᠠ︾᠂ ︽ᠥᠪᠥᠷ ᠮᠣᠩᠭᠤᠯ ᠤᠨ ᠳᠠᠭᠤᠤ ᠬᠥᠭᠵᠢᠮ︾  ᠂ ︽ᠥᠪᠥᠷ ᠮᠣᠩᠭᠤᠯ ᠤᠨ ᠺᠢᠨᠣ᠋ ᠲᠧᠯᠸᠢᠰ︾ ᠬᠢᠭᠡᠳ ︽ᠥᠪᠥᠷ ᠮᠣᠩᠭᠤᠯ ᠤᠨ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠪᠦᠲᠦᠭᠡᠭᠳᠡᠬᠦᠨ ᠢ ᠡᠭᠦᠳᠦᠨ ᠪᠠᠶᠢᠭᠤᠯᠵᠤ᠂ ᠲᠠᠯ᠎ᠠ ᠨᠤᠲᠤᠭ ᠤᠨ ᠨᠠᠭᠠᠳᠤᠮ᠂ ᠮᠥᠰᠥ ᠴᠠᠰᠤᠨ ᠤ ᠨᠠᠭᠠᠳᠤᠮ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠨ᠎ᠡ᠃      ᠨᠠᠢᠮᠠ᠂ ᠵᠠᠬ᠎ᠠ ᠳᠡᠯᠭᠡᠭᠦᠷ ᠢ ᠪᠤᠶᠢᠵᠢᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      ᠨᠢᠭᠡᠳᠦᠯᠲᠡᠶ ᠨᠡᠭᠡᠭᠡᠯᠲᠡᠲᠡᠶ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ  ᠪᠠᠷᠢᠮᠲᠠᠯᠠᠭᠰᠠᠨ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠣᠲᠣ ᠦᠶ᠎ᠡ ᠶᠢᠨ ᠰᠣᠶᠣᠯ ᠪᠠ ᠵᠢᠭᠤᠯᠴᠢᠯᠠᠯ ᠤᠨ  ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠠᠶᠢᠭᠤᠯᠵᠤ᠂ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠢ  ᠴᠢᠬᠤᠯᠠᠴᠢᠯᠠᠭᠰᠠᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠣᠶᠣᠯ ᠪᠠ ᠵᠢᠭᠤᠯᠴᠢᠯᠠᠯ  ᠤᠨ ᠵᠠᠬ᠎ᠠ ᠳᠡᠯᠭᠡᠭᠦᠷ ᠤᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠣᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠠᠩ ᠶᠡᠭᠡ ᠬᠥᠭᠵᠢᠭᠡᠵᠦ᠂ ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠳᠣᠲᠣᠭᠠᠳᠤ  ᠬᠡᠷᠡᠭᠴᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠰᠣᠶᠣᠯ ᠪᠠ ᠵᠢᠭᠤᠯᠴᠢᠯᠠᠯ ᠤᠨ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠣᠷᠣᠨ ᠰᠠᠭᠤᠴᠠ ᠪᠠ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠡᠵᠡᠩᠨᠡᠯᠲᠡ ᠶᠢᠨ  ᠦᠢᠯᠡᠴᠢᠯᠡᠭᠡ ᠶᠢ ᠵᠢᠷᠤᠮᠵᠢᠭᠤᠯᠵᠤ᠂ ᠵᠢᠭᠤᠯᠴᠢᠯᠠᠯ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠨ᠎ᠡ᠃ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠶᠢ ᠥᠷᠨᠢᠭᠦᠯᠦᠨ᠎ᠡ᠃ ᠰᠦᠯᠵᠢᠶᠡᠨ ᠳᠤ ᠭᠠᠷᠬᠤ ᠦᠢᠯᠡᠴᠢᠯᠡᠭᠡ ᠪᠠ ᠰᠣᠶᠣᠯ ᠴᠡᠩᠭᠡᠯ ᠤᠨ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠤ  ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠠᠷ᠎ᠠ ᠪᠦᠯᠦᠭᠲᠡᠨ ᠬᠠᠷᠭᠢᠰ ᠬᠦᠴᠦᠨ ᠂ ᠱᠠᠯᠢᠭ ᠵᠠᠪᠬᠠᠶ ᠵᠦᠢᠯᠡᠰ ᠢ ᠠᠷᠢᠯᠭᠠᠨ᠂ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠪᠠ ᠱᠠᠰᠢᠨ ᠰᠣᠷᠲᠠᠬᠤᠨ  ᠳᠤ  ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠤᠷᠪᠠᠳᠠᠬᠢ ᠡᠲᠡᠭᠡᠳ ᠤᠨ ᠳᠠᠯᠳᠠᠭᠤᠷ ᠰᠣᠷᠪᠣᠯᠵᠢᠯᠠᠨ ᠪᠠᠶᠢᠴᠠᠭᠠᠬᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠭᠠᠵᠠᠷ ᠣᠷᠣᠨ ᠤ ᠬᠤᠭᠤᠷᠣᠨᠳᠣᠬᠢ  ᠰᠣᠯᠪᠢᠴᠠᠨ ᠬᠠᠤᠯᠢ ᠬᠡᠷᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠵᠢᠭᠤᠯᠴᠢᠯᠠᠭᠰᠠᠳ ᠤᠨ ᠪᠣᠯᠪᠠᠰᠤᠨ ᠵᠢᠭᠤᠯᠴᠢᠯᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠦᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠪᠦᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠥᠪ ᠢ ᠪᠠᠶᠢᠭᠤᠯᠵᠤ᠂ ᠰᠣᠶᠣᠯ ᠤᠨ ᠪᠠ ᠵᠢᠭᠤᠯᠴᠢᠯᠡᠯ ᠤᠨ ᠵᠠᠬ᠎ᠠ ᠳᠡᠯᠭᠡᠭᠦᠷ ᠤᠨ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠡᠷᠡᠭ ᠢ ᠴᠠᠭ ᠲᠤᠬᠠᠶ ᠳᠤ ᠨᠢ ᠭᠥᠯᠢᠶᠡᠨ ᠠᠪᠴᠤ ᠰᠢᠢᠳᠪᠣᠷᠢᠯᠡᠬᠦ᠂ ᠰᠢᠯᠵᠢᠭᠦᠯᠦᠨ ᠭᠦᠢᠴᠡᠳᠭᠡᠵᠤ ᠰᠢᠮᠳᠠᠭᠤᠯᠤᠨ ᠰᠢᠢᠳᠪᠣᠷᠢᠯᠡᠬᠦ ᠶᠢ ᠪᠡᠶᠡᠯᠡᠭᠦᠯᠦᠨ᠎ᠡ  ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠢᠯᠭᠠᠨ ᠦᠨᠡᠯᠡᠬᠦ ᠲᠣᠭᠲᠠᠴᠠ ᠶᠢ ᠳᠡᠭᠦᠯᠳᠡᠷᠵᠢᠭᠦᠯᠣᠨ᠎ᠡ᠃      ᠶᠢᠰᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ      ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ   ᠤᠨ ᠠᠵᠢᠯᠯᠠᠭᠠᠨ ᠤ ᠠᠷᠭ᠎ᠠ ᠮᠠᠶ᠋ᠢᠭ ᠢ ᠪᠠᠷᠢᠮᠲᠠᠯᠠᠵᠤ᠂ ᠭᠠᠳᠠᠭᠠᠳᠤ ᠲᠠᠢ ᠰᠣᠯᠢᠯᠴᠠᠭ᠎ᠠ ᠬᠢᠬᠦ ᠪᠠ  ᠬᠠᠮᠳᠣᠷᠠᠯᠴᠠᠭ᠎ᠠ ᠶᠢ ᠨᠢᠭᠡᠳᠦᠯᠲᠡᠶ ᠲᠥᠯᠥᠪᠯᠡᠨ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ  ᠪᠦᠳᠦᠮᠵᠢᠲᠡᠢ ᠪᠠᠷ ᠤᠯᠠᠮᠵᠢᠯᠠᠨ ᠲᠠᠷᠬᠠᠭᠠᠵᠤ᠂ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠰᠠᠶᠢᠲᠤᠷ ᠢᠯᠡᠷᠡᠭᠦᠯᠦᠨ᠎ᠡ᠃ ᠣᠷᠣᠰ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ  ᠬᠠᠮᠳᠣᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠥᠬᠦᠷᠯᠡᠯ · ᠡᠩᠬᠡ ᠲᠠᠶᠢᠪᠤᠩ · ᠵᠠᠯᠠᠭᠤ ᠡᠯᠴᠢᠳ︾ ᠤᠨ ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ ᠤᠨ ᠬᠠᠷᠢᠯᠴᠠᠨ ᠠᠶᠢᠯᠴᠢᠯᠠᠬᠤ᠂ ᠬᠢᠯᠢ ᠠᠯᠣᠰᠯᠠᠭᠰᠠᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡ᠂ ᠮᠠᠰᠢᠨ ᠲᠡᠷᠭᠡᠨ ᠤ  ᠪᠡᠷᠬᠡᠰᠢᠶᠡᠯᠳᠦ ᠤᠷᠤᠯᠳᠤᠭᠠᠨ᠂ ᠮᠤᠨᠢ ᠠᠭᠤᠯᠠ ᠶᠢᠨ ᠬᠠᠲᠠᠨ ᠰᠡᠶᠢᠯᠦᠮᠡᠯ ᠤᠨ ᠤᠷᠠᠯᠢᠭ ᠤᠨ ᠬᠤᠤᠰ ᠵᠢᠯ ᠤᠨ ᠦᠵᠡᠭᠦᠯᠦᠯᠭᠡ᠂ ᠣᠯᠠᠨ ᠤᠯᠤᠰ ᠤᠨ ᠨᠡᠷᠡᠨ ᠬᠤᠸᠠᠷ ᠤᠨ ᠤᠷᠠᠯᠢᠭ ᠤᠨ ᠤᠷᠢᠯᠭ᠎ᠠ ᠶᠢᠨ ᠦᠵᠡᠭᠦᠯᠦᠯᠭᠡ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠭᠢᠯᠡᠨ᠎ᠡ᠃ ᠰᠢᠩᠭᠠᠫᠣᠷ᠂ ᠠᠶᠢᠰᠯᠠᠨᠳ᠋᠂ ᠰᠸᠢᠰ᠂  ᠪᠧᠯᠬᠢ ᠵᠡᠷᠭᠡ ᠭᠠᠵᠠᠷ ᠲᠤ ᠬᠦᠷᠴᠦ ︽ᠪᠠᠶᠠᠷ ᠪᠠᠶᠠᠰᠬᠤᠯᠠᠩᠲᠤ ᠴᠠᠭᠠᠨ ᠰᠠᠷ᠎ᠠ︾ ᠶᠢᠨ ᠠᠵᠢᠯᠯᠠᠭ᠎ᠠ  ᠦᠷᠨᠢᠭᠦᠯᠦᠨ᠎ᠡ᠃ ᠮᠧᠺᠰᠢᠺᠤ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠠᠢ ᠬᠠᠮᠲᠤᠷᠠᠨ ᠳᠤᠮᠳᠠᠳᠤ ᠤᠯᠤᠰ  ᠤᠨ ᠥᠪᠥᠷ ᠮᠣᠩᠭᠤᠯ ᠤᠨ ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃ ᠮᠠᠨᠵᠤᠤᠷ ᠬᠤᠲᠠ ᠶᠢᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ  ᠲᠦᠯᠬᠢᠨ ᠠᠬᠢᠭᠤᠯᠵᠤ᠂ ᠡᠷᠢᠶᠡᠨ ᠬᠤᠲᠠ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠶᠢ ᠳᠠᠮᠵᠢᠨ᠎ᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ   ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠳᠠᠭᠠᠳᠤ ᠤᠬᠠᠭᠤᠯᠭ᠎ᠠ ᠶᠢᠨ ᠪᠣᠷᠣᠯᠠᠭᠤᠯᠭ᠎ᠠ ᠶᠢ ᠠᠬᠢᠭᠤᠯᠬᠤ ᠲᠠᠪᠴᠠᠩ ᠢ ᠠᠰᠢᠭᠯᠠᠨ᠂ ᠭᠠᠳᠠᠭᠠᠳᠤ ᠳᠤ ᠵᠢᠭᠤᠯᠴᠢᠯᠠᠬᠤ ᠬᠤᠳᠠᠯᠳᠤᠭᠠᠴᠢᠨ᠂ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠠᠭᠠᠷ ᠤᠨ ᠲᠡᠭᠡᠭᠡᠪᠦᠷᠢ ᠶᠢᠨ ᠺᠣᠮᠫᠠᠨᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠭᠠᠳᠠᠭᠠᠳᠤ ᠳᠤ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠬᠦ  ᠪᠤᠯᠤᠨ᠎ᠠ᠃ ᠪᠡᠭᠡᠵᠢᠩ ᠲᠢᠶᠠᠨᠵᠢᠨ ᠾᠧᠪᠧᠶ ᠨᠢᠩᠰᠢᠶᠠ ᠱᠠᠨᠰᠢ ᠭᠠᠨᠰᠦ ᠵᠡᠷᠭᠡ ᠡᠷᠭᠢᠨ ᠲᠣᠭᠤᠷᠢᠨ ᠤ ᠮᠣᠵᠢ ᠣᠷᠣᠨ ᠬᠤᠲᠠ ᠪᠤᠯᠤᠨ ᠳᠡᠭᠡᠳᠦ ᠬᠤᠷᠳᠤᠴᠠᠲᠤ ᠲᠡᠮᠦᠷ ᠵᠠᠮ  ᠂ ᠬᠠᠳᠤᠨ ᠭᠤᠤᠯ ᠳᠠᠭᠠᠤ ᠵᠢᠴᠢ ᠵᠢᠭᠤᠯᠴᠢᠯᠠᠭᠴᠢᠳ ᠤᠨ ᠪᠤᠰᠤᠳ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃      ᠠᠷᠪᠠ᠂  ᠵᠠᠰᠠᠨ  ᠰᠠᠶᠢᠵᠢᠷᠠᠭᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ      ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ  ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠥᠮᠴᠢᠯᠡᠯ ᠤᠨ ᠰᠢᠭᠤᠳ ᠬᠠᠷᠢᠶ᠎ᠠ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠲᠥᠰᠦᠯ ᠢ ᠨᠡᠶᠢᠲᠡᠯᠡᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠨᠡᠶᠢᠲᠡᠯᠡᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ   ᠨᠠᠶᠢᠷᠠᠭᠤᠯᠣᠨ ᠵᠣᠬᠢᠶᠠᠬᠤ ᠠᠵᠢᠯ ᠢ ᠰᠠᠶᠢᠲᠤᠷ  ᠬᠢᠨ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠵᠢᠭᠤᠯᠴᠢᠯᠠᠯ ᠤᠨ ᠦᠢᠯᠡᠰ᠂ ᠤᠷᠠᠯᠢᠭ ᠤᠨ ᠵᠣᠬᠢᠶᠠᠨ ᠪᠦᠲᠦᠭᠡᠯᠭᠡ᠂ ᠤᠯᠠᠨ ᠨᠡᠶᠢᠲᠡ ᠶᠢᠨ  ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠢᠯᠡᠰ᠂  ᠪᠣᠳᠠᠰ ᠤᠨ ᠪᠤᠰᠤ ᠰᠣᠶᠣᠯ ᠤᠨ ᠦᠪ ᠢ ᠣᠯᠠᠮᠵᠢᠯᠠᠨ ᠵᠠᠯᠭᠠᠮᠵᠢᠯᠠᠬᠤ ᠵᠢᠴᠢ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠵᠡᠷᠭᠡ ᠲᠤᠰᠬᠠᠶ ᠲᠥᠯᠥᠪᠵᠢᠭᠦᠯᠭᠡ ᠶᠢ ᠵᠡᠷᠭᠡ ᠪᠠᠷ ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠵᠦᠢᠯ᠂ ᠴᠢᠬᠤᠯᠠ ᠶᠡᠭᠡ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠲᠥᠯᠥᠪᠵᠢᠭᠦᠯᠦᠨ᠎ᠡ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠡᠬᠢ ᠪᠠᠶᠠᠯᠢᠭ ᠤᠨ ᠳᠠᠪᠠᠭᠤᠯᠢᠭ ᠲᠤ  ᠪᠠᠨ ᠰᠠᠭᠤᠷᠢᠯᠠᠨ᠂ ᠷᠠᠰᠢᠶᠠᠨ ᠬᠤᠲᠠ ᠶᠢᠨ ᠪᠥᠬᠦ ᠤᠯᠤᠰ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠠ ᠵᠢᠭᠤᠯᠴᠢᠯᠠᠯ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠵᠢᠯᠣᠭᠤᠳᠤᠨ᠎ᠠ᠃ ᠺᠠᠳ᠋ᠷ ᠢ ᠬᠥᠮᠦᠵᠢᠭᠦᠯᠵᠦ ᠪᠣᠯᠪᠠᠰᠤᠷᠠᠭᠤᠯᠬᠤ ᠪᠠ ᠺᠠᠳ᠋ᠷ ᠲᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠤᠨ᠎ᠠ᠃  ᠡᠯ᠎ᠡ ᠰᠠᠯᠠᠭ᠎ᠠ ᠮᠥᠴᠢᠷ ᠤᠨ ᠲᠥᠷᠥᠯ ᠵᠦᠢᠯ ᠤᠨ ᠲᠥᠰᠦᠪ ᠤᠨ ᠪᠦᠬᠦ ᠲᠠᠯ᠎ᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠣᠯᠲᠡ ᠶᠢ ᠪᠦᠷᠢᠨᠰᠢᠭᠦᠯᠵᠦ᠂ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷᠢᠶ᠎ᠠ ᠨᠢᠭᠡᠴᠢ ᠶᠢᠨ ᠢᠶᠠᠨ ᠪᠦᠬᠦᠨ ᠢ ᠬᠠᠮᠤᠷᠤᠭᠰᠠᠨ ᠬᠢᠨᠠᠨ ᠪᠣᠳᠣᠬᠤ ᠪᠠ ᠲᠣᠰᠬᠠᠢ ᠵᠦᠢᠯ ᠢᠶᠠᠷ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠣᠯᠲᠠ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠪᠠ ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠭᠠᠳᠤ  ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠢᠨ᠎ᠡ ᠶᠢ ᠡᠭᠦᠳᠬᠦ ᠴᠢᠨᠠᠷᠲᠠᠶ ᠲᠣᠭᠲᠠᠴᠠ ᠪᠠ ᠨᠡᠶᠢᠭᠡᠮ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠪᠠᠶᠢᠩᠭᠤᠵᠢᠭᠤᠯᠬᠤ ᠵᠠᠭᠪᠤᠷ ᠢ ᠰᠦᠪᠡᠭᠴᠢᠯᠡᠵᠦ ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ ᠤᠨ ᠮᠡᠳᠡᠭᠡ ᠵᠠᠩᠭᠢᠵᠢᠯᠲᠠ᠂ ᠣᠨᠣᠪᠴᠢᠵᠢᠯᠲᠠ᠂ ᠵᠢᠷᠤᠮᠵᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠤᠨ ᠶᠠᠰᠤ ᠴᠢᠨᠠᠷ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号