5 ᠰᠠᠷ᠎ᠠ ᠤᠨ 22 ᠤᠨ ᠡᠳᠤᠷ᠂ ᠲᠦᠷᠤ ᠶᠢᠨ ᠶᠠᠪᠤᠳᠠᠯ ᠤᠨ ᠬᠤᠷᠢᠶᠠᠨ ᠤ ᠶᠡᠷᠤᠩᠬᠡᠢ ᠰᠠᠶᠢᠳ ᠯᠢ ᠺᠧ | ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠡ᠂ ᠭᠤᠤᠯᠳᠠᠯᠭ᠎ᠠ ᠨᠢ ᠲᠤᠤᠷᠠᠬᠢ ᠮᠡᠲᠦ᠄ | ᠨᠢᠭᠡ᠂ ᠨᠢᠳᠤᠨᠤᠨ ᠠᠴᠠ ᠤᠳᠤ ᠪᠤᠯᠲᠠᠯᠠᠬᠢ ᠠᠵᠢᠯ ᠤᠨ ᠡᠷᠬᠢᠴᠡᠬᠦᠯᠦᠯ | ᠨᠤᠯᠤᠰ ᠤᠨ ᠲᠤᠳᠤᠭᠠᠳᠤ ᠶᠢᠨ ᠤᠶᠢᠯᠡᠳᠪᠦᠷᠢᠯᠡᠯ ᠤᠨ ᠶᠡᠷᠤᠩᠬᠡᠢ ᠦᠷᠲᠡᠭ 99.1 ᠲᠦᠮᠡᠨ ᠳ᠋ᠦᠩᠰᠢᠭᠤᠷ | ᠲᠦᠬᠦᠷᠢᠭ ᠲᠤ ᠬᠦᠷᠴᠦ᠂ 6.1 % ᠪᠠᠷ ᠨᠡᠮᠡᠭᠳᠡᠪᠡ᠃ | ᠨᠡᠯᠢᠶᠡᠳ ᠤᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠪᠦᠳᠦᠮᠵᠢᠳᠡᠢ ᠡᠵᠡᠮᠳᠡᠵᠤ᠂ ᠠᠷᠠᠳ | ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠪᠠ᠂ ᠮᠠᠰᠢ ᠶᠡᠭᠡ ᠬᠦᠴᠢᠷ ᠪᠡᠷᠬᠡ ᠲᠠᠢ ᠪᠠᠶᠢᠭᠰᠠᠨ ᠴᠦ ᠲᠤᠭᠤᠯᠵᠤ | ᠴᠢᠳᠠᠯᠡ᠃ | ᠤᠯᠠᠨ ᠨᠠᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ | ᠪᠠᠷ ᠴᠦᠬᠡᠨ ᠪᠤᠰᠤ ᠪᠠᠭᠤᠷᠠᠢ ᠲᠠᠯ᠎ᠠ ᠢᠯᠡᠷᠡᠪᠡ᠃ | | ᠬᠤᠶᠠᠷ᠂ ᠡᠨᠡ ᠵᠢᠯ ᠤᠨ ᠴᠢᠬᠤᠯᠠ ᠬᠠᠷᠠᠯᠲᠠ | ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠪᠤᠲᠠᠲᠠᠢ ᠬᠠᠷᠠᠯᠲᠠ ᠶᠢ ᠲᠤᠷᠠᠳᠤᠭᠰᠠᠨ | ᠦᠭᠡᠢ᠃ | ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠦᠮᠦᠨ ᠳᠤ ᠰᠢᠨ᠎ᠡ ᠪᠠᠷ ᠠᠵᠢᠯ ᠤᠯᠭᠤᠵᠤ᠂ | ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠯᠲᠠ ᠶᠢᠨ ᠨᠤᠷᠮ᠎ᠠ ᠶᠢ 6% ᠤᠷᠴᠢᠮ ᠳᠤ ᠡᠵᠡᠮᠳᠡᠨ᠎ᠡ᠃ | ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠪᠠᠷ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠡᠢ | ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠬᠦᠴᠢᠷᠳᠡᠯᠲᠠᠢ ᠰᠢᠶᠠᠨ ᠢ ᠪᠦᠬᠦᠨ ᠢ | ᠶᠠᠳᠠᠭᠤ ᠠᠴᠠ ᠠᠩᠬᠢᠵᠢᠷᠠᠭᠤᠯᠤᠨ᠎ᠠ᠃ | | ᠭᠤᠷᠪᠠ᠂ ᠡᠨᠡ ᠵᠢᠯ ᠤᠨ ᠬᠡᠰᠡᠭ ᠭᠤᠤᠯᠳᠠᠯᠭ᠎ᠠ ᠲᠠᠢ ᠠᠵᠢᠯ | ᠢᠳᠡᠪᠬᠢᠲᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠡᠩ ᠦᠷ᠎ᠡ ᠪᠦᠲᠦᠮᠵᠢ ᠲᠠᠢ | ᠬᠡᠷᠡᠭᠵᠢᠬᠦᠯᠤᠨ᠎ᠡ᠃ | ᠲᠤᠭᠲᠠᠭᠤᠨ ᠠᠰᠢᠭᠲᠠᠢ ᠵᠤᠭᠤᠰᠤᠨ ᠤ ᠲᠦᠷᠦ ᠶᠢᠨ ᠪᠤᠳᠤᠯᠭ᠎ᠠ ᠶᠢ ᠨᠡᠩ ᠠᠮᠢᠳᠤᠯᠢᠭ ᠳᠤᠬᠢᠷᠠᠮᠵᠢᠲᠠᠢ | ᠪᠠᠶᠢᠯᠭᠠᠨ᠎ᠠ᠃ | 《 ᠠᠷᠪᠠᠨ ᠳᠦᠷᠪᠠᠳᠤᠭᠡᠷ ᠲᠠᠪᠤᠨ ᠵᠢᠯ ᠤᠨ ᠲᠦᠯᠤᠪᠵᠢᠬᠦᠯᠭᠡ 》 ᠶᠢ ᠰᠠᠶᠢᠲᠤᠷ ᠨᠠᠶᠢᠷᠠᠭᠤᠯᠤᠨ ᠵᠤᠬᠢᠶᠠᠨ᠎ᠠ᠃ | | ᠬᠢᠵᠢᠭ ᠢ ᠡᠰᠡᠷᠭᠦᠴᠡᠬᠦ᠄ ᠰᠡᠷᠭᠡᠶᠢᠯᠡᠨ ᠡᠵᠡᠮᠳᠡᠬᠦ ᠴᠢᠳᠠᠪᠦᠷᠢ ᠶᠢ ᠶᠡᠬᠡᠪᠡᠷ ᠲᠡᠭᠡᠭᠰᠢᠯᠡᠬᠦᠯᠵᠤ᠂ ᠬᠢᠵᠢᠭ | ᠳᠠᠬᠢᠨᠲᠠ ᠦᠷᠪᠢᠰᠦᠨ ᠲᠡᠯᠭᠡᠷᠡᠬᠦ ᠶᠢ ᠴᠢᠩᠭ᠎ᠠ ᠰᠡᠷᠭᠡᠶᠢᠯᠡᠨ᠎ᠡ᠃ ᠬᠤᠪᠸᠢ ᠶᠢᠨ ᠬᠦᠭᠵᠢᠯᠲᠡ ᠶᠢ ᠳᠡᠮᠵᠢᠬᠦ ᠠᠯᠢ | ᠤᠯᠠᠨ ᠲᠦᠷᠤ ᠶᠢᠨ ᠪᠤᠳᠤᠯᠭ᠎ᠠ ᠶᠢ ᠰᠠᠶᠢᠲᠤᠷ ᠬᠡᠷᠡᠭᠵᠢᠬᠦᠯᠦᠨ᠎ᠡ᠃ | ᠡᠳ᠋ ᠤᠨ ᠵᠠᠰᠠᠭ᠄ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠬᠡᠪᠴᠢᠶ᠎ᠡ ᠨᠢᠳᠦᠨᠤᠨ ᠤ ᠬᠢ ᠠᠴᠠ 1 | ᠲᠦᠮᠡᠨ ᠳ᠋ᠦᠩᠰᠢᠭᠤᠷ ᠲᠦᠭᠦᠷᠢᠭ ᠨᠡᠮᠡᠭᠳᠡᠵᠤ᠂ 1 ᠲᠦᠮᠡᠨ ᠳ᠋ᠦᠩᠰᠢᠭᠤᠷ ᠲᠦᠭᠦᠷᠢᠭ ᠤᠨ ᠬᠢᠵᠢᠭ ᠢ ᠡᠰᠡᠷᠬᠦᠴᠡᠬᠦ | ᠤᠯᠤᠰ ᠤᠨ ᠵᠢᠬᠡᠯᠡᠯᠭᠡ ᠶᠢᠨ ᠲᠡᠮᠳᠡᠭᠲᠤ ᠲᠠᠷᠬᠠᠭᠠᠨ᠎ᠠ᠃ | ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ᠄ ᠵᠢᠱᠢᠯᠲᠡ ᠪᠠᠷ ᠪᠦᠬᠦ ᠵᠢᠯ ᠳᠤ ᠠᠵᠤ ᠠᠬᠤᠶᠢᠯᠠᠯ ᠤᠨ | ᠲᠠᠷᠤᠭᠠᠰᠤ ᠶᠢ ᠬᠦᠩᠭᠡᠷᠡᠬᠦᠯᠬᠦ ᠵᠤᠭᠤᠰ ᠪᠠᠰᠠ 2.5 ᠲᠦᠮᠡᠨ ᠳ᠋ᠦᠩᠰᠢᠭᠤᠷ ᠲᠦᠭᠦᠷᠢᠭ ᠰᠢᠨ᠎ᠡ ᠪᠠᠷ ᠨᠡᠮᠡᠭᠳᠡᠨ᠎ᠡ᠃ | ᠠᠵᠢᠯ ᠤᠯᠭᠤᠯᠲᠠ᠄ ᠠᠵᠢᠯ ᠤᠯᠭᠤᠯᠲᠠ ᠳᠤ ᠦᠵᠡᠭᠦᠯᠬᠦ ᠵᠦᠢ ᠵᠤᠬᠢᠰ ᠦᠭᠡᠢ ᠬᠢᠵᠠᠭᠠᠷᠯᠠᠯ ᠢ ᠬᠦᠴᠦᠨ | ᠦᠭᠡᠢ ᠪᠤᠯᠭᠠᠵᠤ᠂ ᠠᠵᠢᠯ ᠤᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ ᠭᠠᠷᠭᠠᠬᠤ ᠶᠤᠰᠤᠲᠠᠢ ᠶᠢ ᠪᠦᠬᠦᠨ ᠢ | ᠭᠠᠷᠭᠠᠨ᠎ᠠ᠃ | ᠰᠢᠨ᠎ᠡ ᠶᠢ ᠡᠭᠦᠳᠬᠦ᠄ ᠰᠢᠨ᠎ᠡ ᠨᠢᠭᠡ ᠡᠭᠡᠯᠵᠢ ᠶᠢᠨ ᠪᠦᠬᠦ ᠲᠠᠯ᠎ᠠ ᠪᠠᠷ ᠰᠢᠨ᠎ᠡ ᠶᠢ ᠡᠭᠦᠳᠬᠦ ᠦᠭᠡᠷᠡᠴᠢᠯᠡᠯᠲᠡ | ᠶᠢᠨ ᠲᠤᠷᠰᠢᠯᠲᠠ ᠶᠢ ᠬᠦᠨᠵᠡᠭᠡᠶᠢᠷᠡᠬᠦᠯᠦᠨ᠎ᠡ᠃ | ᠬᠡᠷᠡᠭᠯᠡᠭᠡ᠄ ᠡᠯᠧᠺᠲᠷᠤᠨ ᠬᠤᠳᠠᠯᠳᠤᠭ᠎ᠠ᠂ ᠲᠦᠷᠭᠡᠨ ᠳᠠᠮᠵᠢᠭᠤᠯᠭ᠎ᠠ ᠶᠢᠨ ᠬᠦᠳᠡᠭᠡ ᠲᠤᠰᠬᠤᠨ ᠳᠤ ᠤᠷᠤᠬᠤ | ᠶᠢ ᠲᠠᠮᠵᠢᠨ᠎ᠡ᠂ 5G ᠶᠢᠨ ᠬᠡᠷᠡᠭᠯᠡᠯᠲᠡ ᠶᠢ ᠦᠷᠭᠡᠳᠬᠡᠨ᠎ᠡ᠃ | ᠪᠡᠯᠡ ᠤᠷᠤᠭᠤᠯᠤᠯᠲᠠ᠄ ᠤᠷᠤᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠵᠢᠭᠡᠯᠡᠯᠭᠡ ᠶᠢᠨ ᠲᠡᠮᠳᠡᠭᠲᠤ | ᠶᠢ 3.75 ᠲᠦᠮᠡᠨ ᠳ᠋ᠦᠩᠰᠢᠭᠤᠷ ᠲᠦᠭᠦᠷᠢᠭ ᠲᠤᠬᠢᠷᠠᠭᠤᠯᠬᠤ ᠪᠠᠷ ᠲᠦᠯᠤᠪᠯᠡᠵᠤ᠂ ᠲᠦᠪ ᠤᠨ ᠲᠦᠰᠦᠪ ᠤᠨ | ᠳᠤᠲᠤᠷᠠᠬᠢ ᠪᠡᠯᠡ ᠤᠷᠤᠭᠤᠯᠤᠯᠲᠠ ᠶᠢ 6000 ᠳ᠋ᠦᠩᠰᠢᠭᠤᠷ ᠲᠦᠭᠦᠷᠢᠭ ᠳᠤᠬᠢᠷᠠᠭᠤᠯᠤᠨᠡ᠃ | ᠮᠦᠩᠭᠦᠨ ᠭᠦᠢᠯᠭᠡᠭᠡ᠄ ᠲᠤᠮᠤ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯ | ᠦᠵᠡᠭᠦᠯᠬᠦ ᠬᠡᠯᠪᠡᠷᠢ ᠶᠢᠨ ᠪᠢᠴᠢᠯ ᠵᠢᠵᠢᠭ ᠠᠵᠤ ᠠᠬᠤᠶᠢᠯᠠᠯ ᠤᠨ ᠵᠡᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ | 40% ᠠᠴᠠ ᠦᠨᠳᠦᠷ ᠪᠠᠶᠢᠯᠭᠠᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ᠄ ᠦᠯᠡᠳᠡᠵᠤ ᠪᠠᠶᠢᠭ᠎ᠠ ᠶᠠᠳᠠᠭᠤ ᠬᠦᠴᠢᠷᠳᠡᠯᠲᠠᠢ | ᠰᠢᠶᠠᠨ ᠪᠠ ᠶᠠᠳᠠᠭᠤ ᠬᠦᠴᠢᠷᠳᠡᠯᠲᠠᠢ ᠲᠤᠰᠬᠤᠨ ᠤ ᠪᠤᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠎ᠠ᠃ | ᠲᠠᠷᠢᠶᠠᠯᠠᠩ᠄ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 8000 ᠲᠦᠮᠡᠨ ᠮᠤ᠋ ᠰᠢᠨ᠎ᠡ ᠪᠠᠷ ᠪᠦᠳᠦᠭᠡᠨ | ᠪᠠᠶᠢᠭᠤᠯᠤᠨ᠎ᠠ᠃ | ᠰᠤᠷᠭᠠᠨ ᠬᠦᠮᠦᠵᠢᠯ᠄ ᠶᠡᠭᠡ ᠰᠤᠷᠭᠠᠭᠤᠯᠢ ᠶᠢᠨ ᠬᠦᠳᠡᠭᠡ ᠲᠤᠰᠬᠤᠨ ᠪᠠ ᠶᠠᠳᠠᠭᠤ ᠬᠦᠴᠢᠷᠳᠡᠯᠲᠠᠢ ᠭᠠᠵᠠᠷ | ᠤᠷᠤᠨ ᠠᠴᠠ ᠰᠤᠷᠤᠭᠴᠢ ᠡᠯᠡᠰᠬᠦ ᠬᠡᠪᠴᠢᠶ᠎ᠡ ᠶᠢ ᠦᠷᠭᠡᠳᠭᠡᠨ᠎ᠡ᠃ | ᠨᠡᠶᠢᠭᠡᠮ ᠤᠨ ᠪᠠᠳᠤᠯᠠᠭ᠎ᠠ᠄ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠬᠡᠪᠴᠢᠶ᠎ᠡ ᠶᠢ | ᠦᠷᠭᠡᠳᠭᠡᠵᠤ᠂ ᠬᠤᠲᠠ ᠬᠦᠳᠡᠭᠡ ᠶᠢᠨ ᠬᠦᠴᠢᠷᠲᠡᠯᠲᠠᠢ ᠭᠡᠷ ᠪᠦᠯᠢ ᠶᠢ ᠪᠠᠳᠤᠯᠠᠪᠠᠰᠤ ᠵᠤᠬᠢᠬᠤ ᠶᠢ ᠨᠢ ᠴᠦᠮ | ᠪᠠᠳᠤᠯᠠᠨ᠎ᠠ᠃ | ᠨᠡᠭᠡᠭᠡᠯᠲᠠ ᠬᠢᠬᠦ᠄ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ | ᠦᠵᠡᠰᠭᠦᠯᠡᠩ ᠤᠨ ᠴᠤᠭᠯᠠᠭᠠᠨ ᠢ ᠰᠠᠶᠢᠳᠤᠷ ᠪᠡᠯᠡᠳᠭᠡᠨ᠎ᠡ᠃ ᠳᠤᠮᠳᠠᠳᠤ ᠠᠮᠧᠷᠢᠺᠡ ᠶᠢᠨ ᠠᠩᠬᠠᠨ ᠤ ᠱᠠᠲᠤᠨ ᠤ | ᠠᠵᠤ ᠠᠬᠤᠢ ᠠᠷᠠᠯᠵᠢᠶᠠᠨ ᠤ ᠬᠡᠯᠡᠯᠴᠡᠭᠡᠷ ᠢ ᠬᠠᠮᠳᠤ ᠪᠠᠷ ᠨᠠᠶᠢᠳᠠᠪᠦᠷᠢᠵᠢᠭᠤᠯᠤᠨ᠎ᠠ᠃ | ᠰᠢᠶᠠᠩᠭᠠᠩ ᠤᠤᠮᠧᠨ ᠲᠠᠶᠢᠸᠠᠨ᠄ ᠤᠨᠴᠠᠭᠠᠢ ᠵᠠᠰᠠᠭ ᠵᠠᠬᠢᠷᠭᠠᠨ ᠤ ᠤᠷᠤᠨ ᠤ ᠤᠯᠤᠰ ᠤᠨ ᠠᠮᠤᠷ ᠲᠦᠪᠰᠢᠨ | ᠢ ᠪᠠᠳᠤᠯᠠᠨ ᠬᠠᠮᠠᠭᠠᠯᠠᠬᠤ ᠬᠠᠤᠯᠢ ᠲᠦᠷᠢᠮ ᠪᠠ ᠬᠠᠤᠯᠢ ᠲᠦᠷᠢᠮ ᠢ ᠬᠡᠷᠡᠭᠵᠢᠬᠦᠯᠬᠦ ᠲᠤᠭᠳᠠᠴᠠ ᠶᠢ ᠪᠠᠶᠢᠭᠤᠯᠤᠨ | ᠪᠦᠷᠢᠨᠰᠢᠬᠦᠯᠤᠨ᠎ᠡ᠃ |