2020 ᠤᠨ ᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠤᠨ ᠳᠤᠬᠠᠢ ᠰᠢᠢᠳᠪᠦᠷᠢ
ᠨᠡᠶᠢᠲᠡᠯᠡᠭᠰᠡᠨ ᠴᠠᠭ᠄
2020/5/29
     ︵2020 ᠤᠨ ᠤ 5 ᠰᠠᠷ᠎ᠠ ᠶᠢᠨ 28 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠳᠤᠯᠠᠪᠠ︶      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠰᠤᠨᠤᠰᠤᠬᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠦᠩᠬᠡᠷᠡᠭᠰᠡᠨ ᠵᠢᠯ ᠭᠠᠷᠤᠢ ᠶᠢᠨ ᠠᠵᠢᠯ ᠢ ᠬᠦᠢᠴᠡᠳ ᠨᠤᠳᠠᠯᠠᠵᠥ᠂ ᠢᠯᠡᠳᠬᠡᠯ ᠳᠤ ᠳᠤᠷᠠᠳᠤᠬᠰᠠᠨ 2020 ᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠤᠯᠤᠨ ᠭᠤᠤᠯᠳᠠᠯᠭᠠᠳᠤ ᠡᠬᠦᠷᠬᠡ ᠶᠢ ᠵᠦᠪᠰᠢᠶᠡᠷᠡᠵᠥ᠂ ᠡᠨᠡ ᠬᠦ ᠢᠯᠡᠳᠬᠡᠯ ᠢ ᠵᠦᠪᠰᠢᠶᠡᠷᠡᠬᠦ ᠪᠠᠷ ᠳᠤᠬᠳᠠᠵᠠᠢ᠃      ᠬᠤᠷᠠᠯ ᠠᠴᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠡᠩ ᠨᠢᠬᠳᠠᠷᠠᠨ ᠪᠦᠯᠬᠦᠮᠳᠡᠵᠥ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠳᠤᠬ ᠢ ᠦᠨᠳᠦᠷ ᠮᠠᠨᠳᠤᠭᠤᠯᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠵᠥ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠷᠡᠰ ᠳᠤᠭᠤᠰᠢᠯᠠᠭᠤᠯᠵᠥ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ ︽ᠳᠦᠷᠪᠡᠨ ᠢᠳᠡᠬᠡᠯ︾ ᠢᠶᠠᠨ ᠪᠠᠳᠤᠳᠬᠠᠵᠥ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠥ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠬᠠᠷᠠᠯᠳᠠ ᠡᠬᠦᠷᠬᠡ ᠶᠢ ᠴᠢᠩᠭ᠎ᠠ ᠡᠵᠡᠮᠳᠡᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠤᠷᠢᠳᠠᠯ ᠳᠤᠤᠷ᠎ᠠ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠪᠠᠷᠢᠮᠳᠠᠯᠠᠵᠥ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠱᠤᠭᠤᠮ ᠢᠶᠠᠨ ᠪᠤᠯᠭᠠᠬᠤ ᠶᠢ ᠪᠠᠷᠢᠮᠳᠠᠯᠠᠨ᠂ ᠦᠬᠡᠷᠡᠴᠢᠯᠡᠯᠳᠡ ᠨᠡᠬᠡᠬᠡᠯᠳᠡ ᠪᠠᠷ ᠬᠦᠳᠡᠯᠬᠡᠬᠦ ᠬᠦᠴᠦᠨ ᠪᠤᠯᠭᠠᠵᠤ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠵᠥ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠥ᠂ ᠳᠤᠳᠤᠭᠠᠳᠤ ᠬᠡᠷᠡᠭᠴᠡᠭᠡ ᠶᠢ ᠦᠷᠬᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠬᠦᠯᠤᠨ᠂ ᠠᠵᠥ ᠠᠬᠤᠢ ᠶᠢᠨ ᠬᠦᠭᠵᠢᠯᠳᠡ ᠪᠤᠯᠤᠨ ᠨᠡᠶᠢᠬᠡᠮ ᠤᠨ ᠳᠤᠬᠳᠠᠭᠤᠨ ᠤ ᠶᠡᠭᠡ ᠳᠠᠯ᠎ᠠ ᠶᠢ ᠬᠠᠮᠠᠭᠠᠯᠠᠵᠥ᠂ ᠰᠡᠳᠬᠢᠯ ᠨᠢᠬᠡᠳᠦᠨ ᠬᠦᠴᠦ ᠪᠠᠨ ᠬᠠᠮᠳᠤᠳᠬᠠᠨ᠂ ᠬᠦᠴᠢᠷ ᠢ ᠳᠤᠭᠤᠯᠤᠨ ᠪᠡᠷᠬᠡ ᠶᠢ ᠳᠠᠪᠠᠵᠥ᠂ ᠡᠷᠡᠰ ᠰᠢᠭᠤᠷᠬᠠᠢ ᠪᠠᠷ ᠡᠷᠡᠮᠡᠬᠡᠶᠢᠯᠡᠨ ᠤᠷᠤᠬᠰᠢᠯᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠬᠢᠵᠥ ᠰᠢᠢᠳᠪᠦᠷᠢᠳᠤ ᠢᠯᠠᠯᠳᠠ ᠶᠢ ᠤᠯᠬᠤ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠦᠨᠡᠨ ᠬᠦ ᠪᠠᠳᠤᠯᠠᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠡ ᠪᠠᠷ ᠪᠡᠶᠡᠯᠡᠬᠦᠯᠰᠦᠬᠡᠢ ᠬᠡᠵᠥ ᠤᠷᠢᠶᠠᠯᠠᠪᠠ᠃      ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号