ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠠᠪᠢᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/5/7
     3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ   ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ  ᠲᠠᠪᠢᠳᠤᠭᠠᠷ  ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ  ᠢ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠨᠡᠶᠢᠭᠡᠮ ᠪᠠ ᠵᠠᠭᠤᠴᠢᠯᠠᠭᠤᠷ ᠤᠨ  ᠬᠢᠨ ᠤ ᠠᠩᠬᠠᠷᠴᠤ ᠪᠠᠶᠢᠭ᠎ᠠ  ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃          ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ︽ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ︾ ᠶᠢᠨ ᠰᠤᠷᠪᠤᠯᠵᠢᠯᠠᠭᠴᠢ᠄ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠰᠣᠶᠣᠯ ᠪᠠ  ᠵᠢᠭᠤᠯᠴᠢᠯᠠᠯ ᠤᠨ ᠠᠵᠢᠯ ᠲᠥᠷᠥᠯ ᠤᠨ  ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠶᠠᠮᠠᠷ ᠵᠡᠷᠭᠡ ᠪᠣᠶ︖ ᠬᠢᠵᠢᠭ ᠤᠨ ᠪᠠᠶᠢᠳᠠᠯ ᠦᠩᠭᠡᠷᠡᠭᠰᠡᠨ  ᠤ ᠳᠠᠷᠠᠭᠠᠬᠢ ᠣᠯᠠᠨ ᠲᠦᠮᠡᠨ ᠤ ᠲᠠᠰᠤᠷᠠᠯᠲᠠ ᠥᠬᠡᠶ  ᠦᠷᠨᠢᠬᠦ ᠰᠣᠶᠣᠯ ᠵᠢᠭᠤᠯᠴᠢᠯᠠᠯ ᠤᠨ ᠰᠡᠯᠡᠭᠦᠴᠡᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ   ᠳᠤ ᠪᠡᠯᠡᠳᠬᠡᠯ ᠬᠢᠭᠰᠡᠨ  ᠤᠤ︖          ᠯᠢ ᠰᠢᠶᠤᠤ ᠴᠢᠦ᠄ ᠬᠢᠵᠢᠭ ᠤᠨ ᠪᠠᠶᠢᠳᠠᠯ ᠤᠨ ᠲᠠᠰᠤᠷᠠᠯᠲᠠ ᠥᠬᠡᠶ ᠰᠠᠶᠢᠵᠢᠷᠠᠬᠤ ᠶᠢ ᠳᠠᠭᠠᠯᠳᠤᠨ ᠣᠯᠠᠨ ᠲᠦᠮᠡᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ  ᠤᠷᠮ᠎ᠠ ᠵᠤᠷᠢᠭ ᠴᠦ ᠲᠠᠰᠤᠷᠠᠯᠲᠠ ᠥᠬᠡᠶ  ᠰᠡᠷᠬᠦᠨ ᠥᠷᠨᠢᠵᠦ ᠪᠠᠶᠢᠨ᠎ᠠ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠹᠷᠣᠨᠲ ᠤᠨ ᠬᠢᠨ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ  ᠳᠤ ᠨᠢ ᠳᠣᠭᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ  ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠢᠳᠡᠪᠬᠢᠲᠡᠶ ᠳᠥᠯᠭᠢᠨ ᠠᠬᠢᠭᠤᠯᠪᠠ᠃ ᠪᠠᠭᠴᠠᠯᠠᠭᠠᠳ ᠬᠡᠯᠡᠪᠡᠯ᠂ ᠭᠤᠤᠯᠳᠠᠭᠤ ᠭᠤᠷᠪᠠᠨ  ᠵᠦᠢᠯ  ᠪᠤᠯᠤᠨ᠎ᠠ  ᠄          ᠨᠢᠭᠡ ᠳᠤ᠂ ᠪᠦᠬᠦ ᠲᠠᠯ᠎ᠠ ᠪᠠᠷ ᠡᠮᠬᠢ ᠵᠢᠷᠤᠮ ᠲᠠᠢ ᠨᠡᠭᠡᠭᠡᠨ᠎ᠡ᠃ 3 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ  ᠪᠠᠶᠢᠳᠠᠯ ᠤᠨ ᠲᠦᠭᠰᠢᠭᠦᠷᠢ ᠶᠢᠨ ᠳᠡᠰ ᠢ ᠪᠦᠬᠦᠨ ᠢ ᠳᠣᠤᠷ᠎ᠠ ᠲᠦᠭᠰᠢᠭᠦᠷᠢ ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ  ᠱᠠᠭᠠᠷᠳᠠᠯᠭ᠎ᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠠᠵᠢᠯ ᠤᠨ ᠬᠦᠴᠦᠯᠡᠬᠦ ᠴᠡᠭ ᠪᠠ ᠠᠷᠭᠠᠴᠠᠬᠤ ᠠᠷᠭ᠎ᠠ ᠬᠡᠮᠵᠢᠶ᠎ᠡ ᠪᠠᠨ ᠴᠠᠭ ᠲᠤᠬᠠᠶ  ᠳᠤ ᠨᠢ ᠲᠣᠬᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠵᠢᠯ ᠵᠶ᠋ᠠᠨ‌‍ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠪᠠ᠃ 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠣᠷᠣᠨ ᠳᠤ ᠨᠢᠭᠡᠨᠲᠡ 174 ᠵᠢᠭᠤᠯᠴᠢᠯᠠᠯ ᠤᠨ ᠣᠳᠣᠨ ᠲᠠᠰ ᠤᠨ ᠵᠣᠴᠢᠳ ᠤᠨ ᠪᠠᠭᠤᠳᠠᠯ  ᠡᠵᠡᠩᠨᠡᠯᠲᠡ ᠪᠠᠨ ᠰᠡᠷᠭᠦᠭᠡᠵᠦ᠂ 14804 ᠣᠯᠠᠨ ᠨᠡᠶᠢᠲᠡ ᠶᠢᠨ ᠰᠣᠶᠣᠯ   ᠤᠨ ᠲᠠᠯᠠᠪᠤᠷ᠂ 181 ᠵᠢᠭᠤᠯᠴᠢᠯᠠᠯ ᠤᠨ ᠦᠵᠡᠮᠵᠢ ᠶᠢᠨ ᠣᠷᠣᠨ ᠨᠡᠭᠡᠭᠡᠯᠲᠡ  ᠪᠠᠨ ᠰᠡᠷᠭᠦᠭᠡᠵᠦ᠂ ᠠᠵᠢᠯ ᠰᠡᠷᠭᠦᠭᠡᠭᠰᠡᠨ ᠨᠣᠷᠮ᠎ᠠ ᠨᠢ ᠲᠣᠰ ᠲᠣᠰ 67.18%᠂ 98.25% ᠪᠠ 38.27% ᠳᠤ ᠬᠦᠷᠴᠦ᠂ ᠤᠯᠠᠷᠢᠯ ᠤᠨ ᠴᠢᠨᠠᠷᠲᠠᠶ ᠬᠦᠴᠦᠨ  ᠵᠦᠢᠯ ᠢ  ᠡᠰᠡ ᠲᠤᠭᠠᠴᠠᠪᠠᠯ᠂ ︽ᠰᠡᠷᠭᠦᠭᠡᠵᠦ ᠳᠡᠶᠢᠯᠬᠦ ᠶᠢ ᠨᠢ ᠰᠡᠷᠭᠦᠭᠡᠵᠦ᠂ ᠰᠡᠷᠭᠦᠭᠡᠬᠦ ᠴᠢᠬᠤᠯᠠᠲᠠᠢ ᠶᠢ ᠨᠢ ᠴᠥᠮ ᠢ ᠰᠡᠷᠭᠦᠭᠡᠬᠦ︾ ᠶᠢ ᠦᠨᠳᠦᠰᠦᠨ ᠳᠤ ᠪᠠᠨ ᠪᠡᠶᠡᠯᠡᠭᠦᠯᠵᠦ᠂ ᠬᠡᠪ ᠤᠨ ᠠᠮᠢᠳᠤᠷᠠᠯ ᠤᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠪᠡ᠃ ᠣᠳᠣᠬᠠᠨ ᠳᠤ ᠬᠠᠷᠠᠬᠠᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠭᠡᠳᠦᠶ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠢᠳᠡ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ  ᠮᠥᠴᠢᠷ  ᠢ ︽ᠬᠡᠷ  ᠲᠤ ᠨᠢ ᠣᠴᠢᠵᠤ︾  ᠦᠢᠯᠡᠴᠢᠯᠡᠵᠦ᠂ ᠰᠢᠯᠲᠠᠭᠠᠨ ᠢ ᠨᠢ ᠣᠶᠢᠯᠠᠭᠠᠵᠤ᠂  ᠬᠤᠰᠢᠭᠤᠴᠢᠯᠠᠨ ᠦᠢᠯᠡᠴᠢᠯᠡᠵᠦ᠂ ︽ᠲᠦᠭᠵᠢᠷᠡᠯ ︾ ᠢ ᠨᠢ ᠨᠡᠪᠲᠡᠷᠡᠭᠦᠯᠵᠦ᠂ ︽ᠲᠠᠰᠤᠷᠬᠠᠶ ᠴᠡᠭ︾ ᠢ ᠨᠢ ᠨᠥᠬᠦᠪᠥᠷᠢᠯᠡᠵᠦ᠂  ᠴᠠᠭ ᠲᠤᠬᠠᠶ   ᠳᠤ ᠨᠢ ᠵᠢᠯᠣᠭᠤᠳᠤᠨ ᠬᠠᠪᠰᠤᠷᠴᠤ ᠪᠠᠶᠢᠭᠠᠳ ᠠᠵᠢᠯ  ᠢ ᠨᠢ ᠰᠡᠷᠭᠦᠬᠡᠯᠭᠡᠬᠦ ᠬᠡᠷᠡᠭᠲᠡᠶ ᠭᠡᠵᠦ ᠱᠠᠭᠠᠷᠳᠠᠪᠠ᠃          ᠬᠤᠶᠠᠷ ᠲᠤ᠂ ᠯᠠᠪᠳᠠᠭᠤᠨ ᠪᠠᠲᠤᠲᠠᠶ  ᠂ ᠣᠨᠣᠪᠴᠢᠲᠠᠶ ᠰᠡᠷᠭᠡᠶᠢᠯᠡᠨ ᠡᠵᠡᠮᠳᠡᠨ᠎ᠡ᠃ ᠰᠣᠶᠣᠯ ᠤᠨ ᠲᠠᠯᠠᠪᠠᠶ ᠣᠷᠳᠣᠨ ᠪᠣᠯᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠭᠡᠭᠡᠯᠲᠡ ᠶᠢ ᠰᠡᠷᠭᠦᠭᠡᠬᠦ ᠶᠢ ᠳᠠᠭᠠᠯᠳᠤᠨ ᠬᠥᠮᠦᠰ ᠤᠨ ᠰᠢᠯᠵᠢᠯᠲᠡ ᠪᠣᠯᠤᠨ  ᠴᠤᠭᠯᠠᠷᠠᠯ ᠨᠡᠮᠡᠭᠳᠡᠵᠦ᠂ ᠬᠢᠵᠢᠭ ᠤᠨ ᠪᠠᠶᠢᠳᠠᠯ ᠳᠠᠬᠢᠨ  ᠨᠡᠮᠡᠭᠳᠡᠵᠦ᠂ ᠣᠨᠴᠠᠭᠠᠶᠢᠯᠠᠨ ᠣᠯᠠᠨ ᠤᠯᠤᠰ ᠤᠨ ᠬᠢᠵᠢᠭ ᠤᠨ ᠪᠠᠶᠢᠳᠠᠯ ᠲᠦᠷᠭᠡᠨ ᠳᠡᠯᠭᠡᠷᠡᠬᠦ ᠠᠴᠠ ᠪᠣᠯᠤᠭᠰᠠᠨ ᠤᠷᠤᠵᠤ ᠢᠷᠡᠬᠦ ᠪᠤᠯᠤᠮᠵᠢ ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶᠢᠨ᠎ᠠ᠃ ᠡᠯ᠎ᠡ ᠭᠠᠵᠠᠷ ᠤᠨ ᠬᠢᠨ ᠰᠣᠶᠣᠯ ᠪᠠ ᠵᠢᠭᠤᠯᠴᠢᠯᠠᠯ ᠤᠨ ᠶᠠᠮᠤᠨ ᠤ ︽ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ   ᠤᠨ ᠣᠷᠳᠣᠨ ︵ᠥᠷᠲᠡᠭᠡ︶   ᠤ ᠨᠡᠭᠡᠭᠡᠯᠲᠡ ᠶᠢ ᠰᠡᠷᠭᠦᠭᠡᠬᠦ ᠠᠵᠢᠯ ᠤᠨ ᠵᠦᠭᠯᠡᠭᠦᠷ︾  ᠂ ︽ᠵᠢᠭᠤᠯᠴᠢᠯᠠᠯ ᠤᠨ ᠦᠵᠡᠮᠵᠢ  ᠶᠢᠨ ᠣᠷᠣᠨ ᠤ ᠨᠡᠭᠡᠭᠡᠯᠲᠡ   ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ︽ᠰᠢᠨ᠎ᠡ  ᠲᠢᠲᠢᠮᠯᠢᠭ   ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠣᠶᠣᠯ  ᠮᠥᠽᠸᠢ   ᠶᠢᠨ  ᠨᠢᠭᠡᠴᠢ ᠶᠢᠨ ᠨᠡᠭᠡᠭᠡᠯᠲᠡ  ᠪᠠ ᠠᠵᠢᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ  ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠣᠳᠠᠲᠠᠶ ᠠᠳᠬᠤᠵᠤ ᠨᠠᠷᠢᠯᠢᠭ  ᠠᠳᠬᠤᠵᠤ᠂  ᠬᠦᠴᠦᠯᠡᠨ ᠲᠡᠮᠡᠴᠡᠵᠦ ᠪᠠᠶᠢᠭᠠᠳ ᠰᠠᠶ᠋ᠢ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠳᠠᠯ ᠤᠨ ᠰᠠᠶᠢᠵᠢᠷᠠᠯᠲᠠ ᠶᠢ ᠲᠠᠬᠢᠨ ᠪᠤᠴᠠᠭᠤᠯᠬᠤ ᠦᠭᠡᠢ᠃ ᠡᠯ᠎ᠡ ᠭᠠᠵᠠᠷ ᠤᠨ ᠰᠣᠶᠣᠯ  ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ  ᠬᠡᠷᠡᠭᠵᠢᠬᠦᠯᠬᠦ  ᠡᠩᠨᠡᠭᠡ ᠴᠦ ᠢᠳᠡᠪᠬᠢᠲᠡᠶ ᠪᠠᠷ ᠬᠥᠳᠡᠯᠦᠯᠴᠡᠵᠦ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ  ᠲᠠᠯᠪᠢᠨ  ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠶ ᠪᠣᠯ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠪᠤᠯᠤᠨ᠎ᠠ᠃          ᠭᠤᠷᠪᠠ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠎ᠡ᠃ ᠬᠢᠵᠢᠭ ᠤᠨ ᠪᠠᠶᠢᠳᠠᠯ ᠡᠭᠦᠰᠦᠭᠰᠡᠨ ᠠᠴᠠ  ᠨᠠᠭᠠᠰᠢ᠂ ᠡᠯ᠎ᠡ ᠭᠠᠵᠠᠷ ᠤᠨ ᠣᠳᠣᠨ ᠲᠠᠰ ᠤᠨ ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ᠂  ᠰᠤᠶᠤᠯ ᠮᠥᠽᠸᠢ   ᠶᠢᠨ ᠲᠠᠯᠠᠪᠤᠷ ᠵᠠᠯᠭᠠᠭ᠎ᠠ ᠪᠠᠷ ᠬᠠᠭᠠᠭᠳᠠᠵᠤ᠂ ᠵᠢᠭᠤᠯᠴᠢᠯᠠᠯ ᠤᠨ ᠬᠤᠷᠢᠶ᠎ᠠ  ᠵᠢᠴᠢ  ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ  ᠵᠤᠭᠰᠤᠭᠠᠵᠤ᠂  ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ  ᠰᠢᠷᠦᠬᠦᠨ  ᠢᠶᠠᠷ  ᠪᠠᠭᠤᠷᠠᠵᠤ᠂ ᠵᠢᠭᠤᠯᠴᠢᠯᠠᠯ ᠤᠨ ᠦᠢᠯᠡᠰ ᠨᠡᠯᠢᠶᠡᠳ ᠶᠡᠭᠡ ᠳᠠᠭᠠᠷᠢᠯᠲᠠ ᠳᠤ ᠤᠴᠠᠷᠠᠵᠠᠶ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠲᠠᠢ ᠳᠤᠮᠳᠠ  ᠪᠠᠭ᠎ᠠ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠮᠥᠩᠭᠦᠨ  ᠬᠦᠢᠯᠭᠡᠭᠡᠨ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠯᠦᠭᠡ ᠨᠢᠭᠲᠠ ᠨᠡᠪᠲᠡᠷᠡᠯᠴᠡᠵᠦ᠂ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠪᠠ  ᠨᠢᠭᠡᠴᠢ ᠶᠢ ᠵᠢᠯᠣᠭᠤᠳᠤᠨ ᠬᠠᠪᠰᠤᠷᠴᠤ ᠪᠠᠶᠢᠭᠠᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠᠭᠤᠯᠵᠤ ᠰᠠᠶᠢᠲᠤᠷ ᠠᠰᠢᠭᠯᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠶᠠᠪᠤᠴᠠ ᠳᠤ ᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶ᠎ᠡ ᠳᠤ ᠬᠦᠷᠲᠡᠯ᠎ᠡ ᠪᠠᠭᠤᠷᠠᠭᠤᠯᠬᠤ ᠪᠠᠷ  ᠴᠢᠷᠮᠠᠶᠢᠪᠡ᠃ ᠵᠢᠱᠢᠶᠡᠯᠡᠪᠡᠯ᠂ 2 ᠳ᠋ᠤᠭᠠᠷ ᠰᠠᠷ᠎ᠠ ᠶᠢᠨ 5 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ  ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠡᠰᠡᠭ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠵᠤ᠂  ᠵᠢᠭᠤᠯᠴᠢᠯᠠᠯ ᠤᠨ  ᠬᠤᠷᠢᠶᠠᠨ ᠤ ᠣᠳᠣᠬᠠᠨ ᠤ ᠡᠵᠡᠩᠨᠡᠯᠲᠡ ᠶᠢᠨ ᠬᠦᠴᠢᠷᠳᠡᠯ ᠢ ᠠᠷᠭᠠᠴᠠᠬᠤ ᠶᠢ ᠳᠡᠮᠵᠢᠨ᠎ᠡ ᠭᠡᠵᠡᠶ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠢᠳᠡᠪᠬᠢᠲᠡᠶ ᠨᠠᠶᠢᠳᠠᠪᠤᠷᠢᠵᠢᠭᠤᠯᠵᠤ᠂ 3  ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠪᠥᠬᠦ ᠣᠷᠣᠨ ᠳᠤ ᠨᠢᠭᠡᠨᠲᠡ 903 ᠵᠢᠭᠤᠯᠴᠢᠯᠠᠯ ᠤᠨ ᠬᠤᠷᠢᠶᠠᠨ ᠳᠤ 1.43 ᠳ᠋ᠦᠩᠰᠢᠭᠤᠷ ᠲᠥᠭᠦᠷᠢᠭ  ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠪᠠ᠃          ᠬᠢᠵᠢᠭ ᠤᠨ ᠪᠠᠶᠢᠳᠠᠯ ᠤᠨ ᠳᠠᠷᠠᠭᠠᠬᠢ ᠣᠯᠠᠨ ᠲᠦᠮᠡᠨ ᠤ ᠲᠠᠰᠤᠷᠠᠯᠲᠠ ᠤᠢᠭᠡᠢ ᠥᠷᠨᠢᠵᠦ ᠪᠠᠶᠢᠭ᠎ᠠ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠪᠢᠳᠡ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠠᠵᠢᠯ ᠤᠨ ᠨᠠᠷᠢᠨ ᠲᠥᠰᠦᠪ ᠢ ᠵᠣᠬᠢᠶᠠᠨ ᠪᠠᠶᠢᠭᠤᠯᠤᠨ ᠲᠣᠭᠲᠠᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠤᠨᠴᠠᠯᠢᠬᠳᠤ ᠵᠢᠭᠤᠯᠴᠢᠯᠠᠯ ᠤᠨ ᠪᠦᠲᠦᠭᠡᠭᠳᠡᠬᠦᠨ ᠢ ᠲᠠᠰᠤᠷᠠᠯᠲᠠ ᠥᠬᠡᠶ  ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠣᠯᠠᠨ ᠠᠵᠤ ᠦᠢᠯᠡᠰ᠂ ᠣᠯᠠᠨ ᠬᠦᠷᠢᠶ᠎ᠡ ᠴᠠᠷᠠᠭ᠎ᠠ ᠶᠢ ᠠᠭᠤᠰᠤᠯᠴᠠᠭᠤᠯᠤᠨ ᠨᠡᠪᠲᠡᠷᠡᠯᠴᠡᠭᠰᠡᠨ ᠰᠡᠯᠡᠭᠦᠴᠡᠯ ᠤᠨ ᠬᠡᠷᠡᠭᠯᠡᠭᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠰᠣᠶᠣᠯ ᠤᠨ ᠠᠵᠤ ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ︔ ᠰᠣᠶᠣᠯ ᠵᠢᠭᠤᠯᠴᠢᠯᠠᠯ ᠤᠨ ᠰᠦᠯᠵᠢᠶᠡᠨ ᠤ ᠬᠡᠷᠡᠭᠯᠡᠭᠡ᠂ ᠵᠠᠬᠢᠶᠠᠯᠠᠭ᠎ᠠ ᠶᠢᠨ ᠬᠡᠷᠡᠭᠯᠡᠭᠡ᠂ ᠪᠡᠶᠡᠴᠢᠯᠡᠨ ᠣᠶᠢᠯᠠᠭᠠᠬᠤ ᠬᠡᠷᠡᠭᠯᠡᠭᠡ ᠵᠡᠷᠭᠡ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠢᠳᠡᠪᠬᠢᠲᠡᠢ ᠪᠤᠶᠢᠵᠢᠭᠤᠯᠤᠨ᠎ᠠ︔ ᠰᠤᠳᠤᠯᠤᠨ ᠰᠤᠷᠤᠯᠴᠠᠬᠤ ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠵᠡᠷᠭᠡ ᠰᠣᠶᠣᠯ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠵᠣᠷᠢᠭᠵᠢᠭᠤᠯᠵᠤ᠂ ᠬᠢᠯᠢ ᠶᠢᠨ ᠳᠣᠲᠣᠷ᠎ᠠ ᠭᠠᠳᠠᠨᠠᠬᠢ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠨᠢᠭᠡ ᠪᠦᠯᠦᠭ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠵᠤᠷᠢᠯᠲᠠ ᠭᠠᠵᠠᠷ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠵᠢᠴᠢ ᠦᠨᠳᠦᠰᠦᠲᠡᠨ ᠤ ᠤᠨᠴᠠᠯᠢᠭᠲᠦ  ᠪᠦᠲᠦᠭᠡᠯᠴᠢ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠦᠨ᠎ᠡ᠃ ᠪᠢᠳᠡ ᠬᠡᠷᠡᠭᠯᠡᠭᠡᠨ ᠤ ᠳᠥᠭᠦᠮ ᠳᠥᠲᠡ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ‍ᠤᠨ‌‍ᠰᠢᠨ᠎ᠡ ᠶᠢ ᠡᠭᠦᠳᠬᠦ ᠳᠡᠯᠭᠡᠭᠦᠷ᠂ ᠣᠨᠴᠠᠯᠢᠭᠲᠤ ᠨᠣᠮ ᠤᠨ ᠳᠡᠯᠭᠡᠭᠦᠷ᠂ ᠰᠣᠶᠣᠯ ᠴᠡᠩᠭᠡᠯ ᠤᠨ ᠲᠠᠯᠠᠪᠤᠷ  ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠶᠢᠨ ᠬᠡᠷᠡᠭᠯᠡᠭᠡᠨ ᠤ ᠴᠤᠭᠯᠠᠷᠠᠯ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠰᠣᠶᠣᠯ ᠤᠨ ᠬᠡᠷᠡᠭᠯᠡᠭᠡ ᠶᠢ ᠡᠯ᠎ᠡ ᠲᠥᠷᠥᠯ ᠤᠨ ᠬᠡᠷᠡᠭᠯᠡᠭᠡᠨ ᠤ ᠲᠠᠯᠠᠪᠤᠷ ᠲᠤ ᠰᠢᠭᠢᠳᠬᠡᠨ ᠣᠷᠣᠭᠤᠯᠵᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ  ᠦᠢᠯᠡᠴᠢᠯᠡᠭᠡᠨ ᠤ ᠲᠥᠪ ᠲᠤ ᠲᠦᠰᠢᠭᠯᠡᠨ ᠣᠯᠠᠨ ᠲᠦᠮᠡᠨ ᠤ ᠳᠡᠷᠭᠡᠳᠡᠬᠢ ᠰᠣᠶᠣᠯ ᠤᠨ ᠬᠡᠷᠡᠭᠯᠡᠭᠡᠨ ᠤ ᠲᠣᠤᠷ ᠢ ᠪᠠᠶᠢᠭᠤᠯᠤᠨ᠎ᠠ︔ ᠬᠠᠤᠯᠢ ᠲᠣᠭᠲᠠᠭᠠᠯ ᠶᠣᠰᠣᠭᠠᠷ ᠤᠯᠠᠮᠵᠢᠯᠠᠯᠲᠤ ᠲᠣᠭᠯᠠᠯᠲᠠ ᠶᠢᠨ ᠲᠠᠯᠠᠪᠤᠷ ᠭᠠᠵᠠᠷ ᠪᠠ ᠮᠦᠽᠧᠶ ᠶᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠢᠳᠡᠭᠡᠨ ᠤᠮᠳᠠᠭᠠᠨ ᠤ ᠲᠣᠭᠤᠷᠢᠭ᠂ ᠠᠮᠠᠷᠠᠬᠤ ᠲᠣᠭᠤᠷᠢᠭ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠬᠤᠳᠠᠯᠳᠤᠬᠤ ᠲᠤᠭᠤᠷᠢᠭ ᠢ ᠵᠦᠶ ᠵᠣᠬᠢᠰᠲᠠᠶ ᠲᠥᠬᠦᠷᠵᠢᠭᠦᠯᠦᠨ᠂ ᠨᠠᠩ ᠴᠢᠨᠠᠷ ᠰᠠᠶᠢᠲᠠᠶ ᠬᠡᠷᠡᠭᠯᠡᠭᠡᠨ ᠤ ᠣᠷᠴᠢᠨ ᠲᠣᠭᠤᠷᠢᠨ ᠢ ᠪᠣᠶ  ᠪᠤᠯᠭᠠᠨ᠎ᠠ︔ ︽ᠢᠨᠲ᠋ᠧᠷ ᠰᠦᠯᠵᠢᠶ᠎ᠡ + ᠵᠢᠭᠤᠯᠴᠢᠯᠠᠯ︾ ᠢ ᠲᠦᠷᠭᠡᠳᠬᠡᠨ ᠠᠬᠢᠭᠤᠯᠵᠤ᠂ ᠣᠶᠤᠨᠴᠢ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠲᠤᠬᠠᠢ ᠳᠤ ᠨᠢ ᠬᠢᠨᠠᠨ ᠬᠡᠮᠵᠢᠬᠦ᠂ ᠰᠢᠨᠵᠢᠯᠡᠬᠦ ᠤᠬᠠᠭᠠᠨᠴᠢ ᠪᠠᠷ ᠬᠥᠲᠦᠯᠦᠨ ᠵᠢᠯᠣᠭᠤᠳᠬᠤ  ᠣᠶᠤᠨᠴᠢ ᠦᠢᠯᠡᠴᠢᠯᠡᠭᠡ ᠶᠢ ᠪᠡᠶᠡᠯᠡᠭᠦᠯᠦᠨ᠎ᠡ᠃ ᠪᠢᠳᠡ ᠠᠮᠠᠷᠠᠯᠲᠠ ᠶᠢᠨ ᠡᠳᠦᠷ ᠪᠠ ᠰᠥᠨᠢ ᠶᠢᠨ ᠠᠵᠤ ᠠᠬᠤᠶ ᠶᠢ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ᠂ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠣᠷᠭᠢᠯ ᠤᠨ ᠬᠤᠭᠤᠴᠠᠭᠠᠨ ᠳᠤ ᠵᠢᠭᠤᠯᠴᠢᠯᠠᠯ ᠤᠨ ᠬᠡᠷᠡᠭᠯᠡᠭᠡ ᠲᠥᠪᠯᠡᠷᠡᠬᠦ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠨᠢᠭᠡ ᠪᠦᠯᠦᠭ ᠬᠡᠪᠰᠢᠭᠰᠡᠨ᠂ ᠤᠨᠴᠠᠯᠢᠭᠵᠢᠭᠰᠠᠨ ᠰᠥᠨᠢ ᠶᠢᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠰᠦᠯ ᠢ ᠲᠥᠪᠯᠡᠷᠡᠭᠦᠯᠦᠨ ᠨᠡᠭᠡᠭᠡᠵᠦ᠂ ᠨᠠᠩ ᠣᠯᠠᠨ ᠰᠥᠨᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ︵ᠦᠢᠯᠡᠳᠬᠦᠨ︶ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃ ᠠᠮᠤᠷ ᠲᠦᠪᠰᠢᠨ ᠢ ᠪᠠᠲᠤᠯᠠᠵᠦ᠂ ᠠᠷᠠᠳ ᠢ ᠦᠢᠮᠡᠬᠦᠯᠬᠦ  ᠠᠴᠠ  ᠵᠠᠶᠢᠯᠠᠰᠬᠢᠭ᠍ᠰᠡᠨ ᠪᠠᠶᠢᠳᠠᠯ ᠳᠣᠤᠷ᠎ᠠ᠂ ᠨᠥᠬᠦᠴᠡᠯ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠰᠥᠨᠢ ᠪᠠᠷ  ᠵᠢᠭᠤᠯᠴᠢᠯᠠᠬᠤ ᠦᠢᠯᠡᠴᠢᠯᠡᠭᠡ ᠥᠷᠨᠢᠭᠦᠯᠬᠦ ᠶᠢ  ᠵᠤᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠲᠠᠯᠠᠪᠤᠷ ᠤᠨ ᠰᠥᠨᠢ ᠶᠢᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠤᠷᠠᠯᠢᠭ ᠤᠨ ᠲᠤᠭᠯᠠᠯᠲᠠ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠰᠥᠨᠢ ᠶᠢᠨ ᠰᠣᠶᠣᠯ ᠤᠨ ᠲᠣᠭᠯᠠᠯᠲᠠ ᠶᠢᠨ ᠵᠠᠬ᠎ᠠ ᠳᠡᠯᠭᠡᠭᠦᠷ ᠢ ᠪᠠᠶᠠᠯᠢᠭᠵᠢᠭᠤᠯᠤᠨ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ  ᠶᠢᠨ ᠰᠥᠨᠢ ᠪᠠᠷ ᠨᠡᠭᠡᠭᠡᠬᠦ   ᠶᠢ ᠵᠣᠷᠢᠭᠵᠢᠭᠤᠯᠵᠤ᠂ ᠨᠢᠭᠡ ᠪᠦᠯᠦᠭ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠤᠷᠢᠭᠤᠰᠢᠲᠠᠢ ᠭᠠᠵᠠᠷ   ᠢ ᠪᠤᠢ ᠪᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号