ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠪᠠᠶᠢᠩᠭᠤᠵᠢᠭᠰᠠᠨ ᠰᠢᠨ᠎ᠡ ᠪᠠᠶᠢᠳᠠᠯ ᠳᠣᠣᠷ᠎ᠠ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ | ᠪᠠᠲᠤᠯᠠᠬᠤ︾ ᠠᠯᠢ ᠣᠯᠠᠨ ᠠᠷᠭ᠎ᠠ ᠬᠡᠮᠵᠢᠶ᠎ᠡ ᠪᠠᠨ ᠨᠠᠶᠢᠳᠠᠪᠦᠷᠢᠵᠢᠭᠤᠯᠵᠤ ᠪᠠᠶᠢᠨ᠎ᠠ ᠃ ᠰᠣᠶᠣᠯ ᠵᠢᠭᠤᠯᠴᠢᠯᠠᠯ ᠤᠨ | ᠵᠠᠬ᠎ᠠ ᠳᠡᠯᠭᠡᠭᠦᠷ ᠢ ᠬᠥᠭᠵᠢᠭᠡᠬᠦ ᠲᠠᠯ᠎ᠠ ᠪᠠᠷ᠂ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠢᠭ ᠤᠨ | ᠪᠠᠶᠢᠳᠠᠯ ᠤᠨ ᠨᠥᠯᠥᠭᠡ ᠶᠢ ᠢᠯᠠᠨ ᠳᠠᠪᠠᠵᠤ ᠬᠦᠭᠵᠢᠯᠲᠡ ᠪᠠᠨ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ | ᠨᠡᠶᠢᠲᠡᠯᠡᠵᠦ᠂ ᠡᠯ᠎ᠡ ᠱᠠᠲᠤᠨ ᠤ ᠤᠳᠤᠷᠢᠳᠤᠯᠭ᠎ᠠ ᠨᠢᠭᠡᠳᠦᠭᠡᠷ ᠹᠷᠣᠨᠲ ᠲᠤ ᠵᠢᠯᠣᠭᠤᠳᠴᠤ᠂ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠣ᠂ ᠨᠠᠶᠢᠳᠠᠪᠦᠷᠢᠵᠢᠭᠤᠯᠤᠯᠲᠡ ᠶᠢ ᠬᠦᠴᠦᠲᠡᠶ | ᠠᠳᠬᠤᠵᠣ ᠪᠠᠶᠢᠨ᠎ᠠ᠃ ᠣᠳᠣᠬᠠᠨ ᠳᠤ᠂ ᠪᠦᠬᠦᠯᠢ ᠴᠣᠭᠴᠠ ᠶᠢᠨ ᠪᠠᠶᠢᠳᠠᠯ ᠶᠠᠮᠠᠷ ᠵᠡᠷᠭᠡ ᠪᠠᠶᠢᠨ᠎ᠠ ᠪᠣᠶ︖ | ᠢᠯᠠᠩᠭᠤᠶ᠎ᠠ ᠬᠢᠵᠢᠭ ᠤᠨ ᠪᠠᠶᠢᠳᠠᠯ ᠢ ᠠᠷᠭᠠᠴᠠᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠴᠡᠴᠡᠭᠯᠡᠭᠦᠯᠦᠨ | ᠬᠥᠭᠵᠢᠭᠦᠯᠬᠦ ᠶᠢ ᠣᠷᠭᠠᠨᠢᠭ ᠢᠶᠠᠷ ᠵᠣᠯᠭᠠᠭᠤᠯᠬᠤ ᠲᠠᠯ᠎ᠠ ᠪᠠᠷ ᠶᠠᠮᠠᠷ ᠶᠠᠮᠠᠷ ᠮᠡᠳᠡᠭᠳᠡᠬᠦ᠋ᠢᠴᠡ ᠦᠷ᠎ᠡ ᠪᠦᠲᠦᠭᠡᠯ ᠪᠠ | ᠪᠣᠯᠪᠠᠰᠤᠷᠠᠩᠭᠤᠶ ᠲᠤᠷᠰᠢᠯᠭ᠎ᠠ ᠪᠠᠶᠢᠬᠤ ᠪᠤᠢ︖ ᠡᠭᠦᠨ ᠤ ᠲᠤᠬᠠᠶ ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠳᠡᠳ᠋ ᠳᠠᠷᠤᠭ᠎ᠠ ᠯᠢ ᠰᠢᠶᠤᠤ | ᠴᠢᠦ ᠶᠢ ᠲᠤᠰᠬᠠᠶᠢᠯᠠᠨ ᠰᠤᠷᠪᠤᠯᠵᠢᠯᠠᠪᠠ᠃ | | ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ᠄ ᠶᠡᠷᠦᠩᠬᠡᠶ ᠱᠦᠵᠢ ᠰᠢ ᠶᠢᠨ ᠫᠢᠩ ᠥᠪᠥᠷ | ᠮᠣᠩᠭᠤᠯ ᠳᠤ ᠠᠵᠢᠯ ᠪᠠᠶᠢᠴᠠᠭᠠᠬᠤ ᠳᠤ ᠪᠠᠨ᠂ ᠰᠢᠨ᠎ᠡ ᠴᠠᠭ ᠦᠶ᠎ᠡ ᠳᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠵᠣ᠂ ᠨᠡᠶᠢᠭᠡᠮ ᠵᠢᠷᠤᠮ ᠳᠤ ᠦᠢᠯᠡᠴᠢᠯᠡᠬᠦ ᠤᠳᠬ᠎ᠠ ᠤᠷᠠᠯᠢᠭ ᠤᠨ | ᠴᠢᠭᠯᠡᠯ ᠢ ᠪᠠᠷᠢᠮᠲᠡᠯᠡᠵᠣ᠂ ᠦᠨᠳᠦᠰᠦᠨ ᠱᠠᠲᠤᠨ ᠤ ᠠᠷᠠᠳ ᠤᠯᠠᠨ ᠳᠤ ᠰᠢᠭᠤᠳ ᠦᠢᠯᠡᠴᠢᠯᠡᠬᠦ ᠤᠳᠬ᠎ᠠ | ᠤᠷᠠᠯᠢᠭ ᠤᠨ ᠠᠵᠢᠯᠯᠠᠭ᠎ᠠ ᠶᠢ ᠢᠳᠡᠪᠬᠢᠲᠡᠢ ᠲᠡᠮᠵᠢᠨ ᠳᠡᠯᠭᠡᠷᠡᠭᠦᠯᠬᠦ ᠬᠡᠷᠡᠭᠲᠡᠶ ᠭᠡᠪᠡ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ ᠪᠠᠶᠢᠭ᠎ᠠ ᠪᠤᠢ︖ | | ᠯᠢ ᠰᠢᠶᠤᠤ ᠴᠢᠦ᠄ 2018 ᠣᠨ ᠠᠴᠠ ᠨᠠᠭᠠᠰᠢ᠂ ᠪᠢᠳᠡ ᠬᠠᠷᠠᠴᠠ ᠪᠠᠨ ᠳᠣᠷᠣᠭᠰᠢ ᠬᠠᠨᠳᠤᠭᠤᠯᠬᠤ᠂ | ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠣᠯᠠᠨ ᠲᠦᠮᠡᠨ ᠲᠠᠢ ᠣᠶᠢᠷᠠᠳᠬᠤ᠂ ᠣᠯᠠᠨ | ᠲᠦᠮᠡᠨ ᠳᠤ ᠦᠢᠯᠡᠴᠢᠯᠡᠬᠦ ᠰᠢᠨ᠎ᠡ ᠬᠡᠯᠪᠡᠷᠢ᠂ ᠰᠢᠨ᠎ᠡ ᠠᠷᠭ᠎ᠠ ᠵᠠᠮ ᠢ ᠭᠦᠨᠵᠡᠭᠡᠶ ᠬᠠᠶᠢᠨ ᠰᠦᠪᠡᠭᠴᠢᠯᠡᠵᠦ᠂ | ᠦᠨᠳᠦᠰᠦᠨ ᠱᠠᠲᠤᠨ ᠤ ᠡᠨᠡ ᠬᠦ ᠤᠳᠬ᠎ᠠ ᠤᠷᠠᠯᠢᠭ ᠤᠨᠰᠢᠯᠢᠳᠡᠭ ᠴᠢᠳᠠᠪᠤᠷᠢᠲᠠᠨ ᠢ ᠦᠰᠭᠡᠨ ᠪᠣᠶᠢᠵᠢᠭᠤᠯᠳᠠᠭ | ᠦᠩ ᠰᠢᠮᠡᠯᠢᠭ ᠬᠥᠷᠥᠰᠥᠨ ᠳᠤ ᠰᠠᠨᠠᠭᠠᠴᠢᠯᠠᠭ᠎ᠠ ᠠᠴᠠ ᠪᠠᠨ ᠬᠠᠨᠳᠤᠵᠤ᠂ ᠤᠳᠬ᠎ᠠ ᠤᠷᠠᠯᠢᠭ ᠤᠨ ᠠᠷᠠᠳ | ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠬᠠᠮᠤᠭ ᠤᠨ ᠰᠢᠭᠤᠳ᠂ ᠬᠠᠮᠤᠭ ᠤᠨ ᠥᠷᠭᠡᠨ | ᠠᠭᠤᠳᠠᠮ ᠲᠠᠪᠴᠠᠩ ᠢ ᠦᠢᠯᠡᠳᠦᠯᠭᠡᠵᠢᠭᠦᠯᠵᠤ ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠢᠨᠵᠧᠨᠧᠷᠢᠩ᠂ | ᠪᠠᠶᠠᠷ ᠳᠤᠷᠠᠰᠬᠠᠯ ᠤᠨ ᠠᠵᠢᠯᠯᠠᠭ᠎ᠠ ᠡᠷᠬᠢᠯᠡᠬᠦ ᠪᠠ ᠤᠯᠠᠭᠠᠨᠮᠥ᠋ᠴᠢᠷ ᠤᠨ ᠠᠷᠠᠳ ᠤᠨ ᠲᠥᠯᠥᠭᠡ ᠲᠣᠭᠯᠠᠯᠲᠠ ᠭᠠᠷᠭᠠᠬᠤ | ᠵᠡᠷᠭᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠠᠷᠠᠳ ᠣᠯᠠᠨ ᠳᠤ ᠰᠢᠯᠢᠳᠡᠭ ᠣᠶᠤᠨ ᠤ ᠰᠢᠮ᠎ᠡ ᠲᠡᠵᠢᠭᠡᠯ | ᠪᠣᠯᠤᠨ ᠰᠣᠶᠣᠯ ᠤᠨ ᠦᠢᠯᠡᠴᠢᠯᠡᠭᠡ ᠶᠢ ᠬᠠᠩᠭᠠᠵᠣ ᠪᠠᠶᠢᠨ᠎ᠠ᠃ | | | | ᠪᠥᠬᠦ ᠣᠷᠣᠨ ᠤ ᠰᠣᠳᠣᠨ ᠤᠷᠠᠯᠢᠭ ᠤᠨ ᠲᠣᠭᠯᠠᠯᠲᠠ᠂ ᠰᠣᠶᠣᠯ ᠤᠨ ᠡᠭᠦᠳᠦᠨ ᠪᠦᠲᠦᠭᠡᠯᠲᠡ ᠪᠠ ᠪᠣᠳᠠᠰ | ᠤᠨ ᠪᠣᠰᠣ ᠰᠣᠶᠣᠯ ᠤᠨ ᠥᠪ ᠢ ᠦᠵᠡᠮᠵᠢ ᠶᠢᠨ ᠣᠷᠣᠨ ᠳᠤ ᠤᠷᠤᠭᠤᠯᠬᠤ ᠦᠢᠯᠡ ᠠᠵᠢᠯᠯᠠᠭᠠᠨ ᠬᠥᠬᠡᠬᠤᠲᠠ ᠳᠤ | ᠪᠣᠯᠪᠠ᠃ ᠵᠧᠤ ᠬᠤᠩ ᠢᠦᠶ ᠰᠡᠭᠦᠳᠡᠷᠯᠡᠪᠡ | | ᠨᠢᠭᠡ ᠳᠤ᠂ ︽ᠥᠪᠥᠷ ᠮᠣᠩᠭᠤᠯ ᠤᠨ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢᠨ ᠢᠨᠵᠧᠨᠧᠷᠢᠩ︾ ᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠪᠦᠬᠦ ᠣᠷᠣᠨ ᠤ ᠭᠤᠣᠯ ᠪᠣᠯᠬᠤ | ᠵᠠᠰᠠᠭ ᠵᠠᠬᠢᠷᠭᠠᠨ ᠤ ᠲᠣᠰᠬᠤᠨ ᠳᠤ᠂ ᠢᠯᠠᠩᠭᠤᠶ᠎ᠠ ᠪᠤᠶᠢᠳᠠ ᠪᠥᠭᠯᠡᠭᠦᠤ ᠭᠠᠵᠠᠷ ᠣᠷᠣᠨ᠂ ᠶᠠᠳᠠᠭᠤ ᠬᠦᠴᠢᠷᠳᠡᠯᠲᠡᠶ | ᠭᠠᠵᠠᠷ ᠣᠷᠣᠨ᠂ ᠦᠢᠯᠡᠳᠪᠦᠷᠢ ᠠᠭᠤᠷᠬᠠᠢ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠵᠡᠭᠡᠯᠢ | ᠭᠤᠳᠤᠮᠵᠢ ᠵᠡᠷᠭᠡ ᠭᠠᠵᠠᠷ ᠤᠳ ᠲᠤ ︽ᠲᠠᠯ᠎ᠠ ᠨᠣᠳᠤᠭ ᠤᠨ ᠤᠳᠬ᠎ᠠ ᠤᠷᠠᠯᠢᠭ ᠢ ᠡᠳᠦᠷ ᠡᠳᠦᠷ ᠲᠣᠭᠯᠠᠨ᠎ᠠ︾᠂ ︽ | ᠵᠠᠭᠤᠨ ᠪᠦᠯᠬᠦᠮ ᠮᠢᠩᠭᠠᠨ ᠳᠠᠯᠠᠪᠣᠷ ᠲᠣᠭᠯᠠᠯᠲᠠ ᠦᠨᠳᠦᠰᠣᠨ ᠱᠠᠳᠣᠨ ᠳᠤ ᠪᠠᠭᠤᠬᠤ︾᠂ ︽ᠲᠠᠯ᠎ᠠ ᠨᠤᠲᠤᠭ ᠤᠨ | ᠳᠠᠭᠤᠤ ᠬᠥᠭᠵᠢᠮ ᠤᠨ ᠭᠠᠷᠠᠭ ᠤᠨ ᠰᠡᠭᠦᠯᠴᠢ︾᠂ ︽ᠲᠠᠯ᠎ᠠ ᠨᠤᠲᠤᠭ ᠤᠨ ᠰᠢ ᠵᠦᠴᠦᠭᠡ ᠶᠢᠨ ᠲᠣᠭᠯᠠᠯᠲᠠ ᠶᠢᠨ | ᠰᠠᠷ᠎ᠠ︾᠂ ︽ᠳᠥᠷᠪᠡᠨ ᠤᠯᠠᠷᠢᠯ ᠥᠪᠥᠷ ᠮᠣᠩᠭᠤᠯ ᠤᠨ ᠲᠣᠭᠯᠠᠯᠲᠠ ᠶᠢᠨ ᠤᠯᠠᠷᠢᠯ︾ ᠵᠡᠷᠭᠡ ᠠᠵᠢᠯᠯᠠᠭ᠎ᠠ ᠶᠢ | ᠥᠷᠨᠢᠭᠦᠯᠵᠦ᠂ ᠵᠢᠯ ᠪᠦᠷᠢ ᠦᠨᠳᠦᠰᠦᠨ ᠱᠠᠲᠤᠨ ᠳᠤ ᠭᠦᠨᠵᠡᠭᠡᠶᠢᠷᠡᠨ ᠲᠣᠭᠯᠠᠯᠲᠠ ᠭᠠᠷᠭᠠᠭᠰᠠᠨ ᠲᠤᠭ᠎ᠠ ᠲᠦᠮᠡ | ᠭᠠᠷᠤᠶ ᠤᠳᠠᠭ᠎ᠠ ᠳᠤ ᠬᠦᠷᠦᠭᠰᠡᠨ ᠪᠠᠶᠢᠨ᠎ᠠ᠃ ᠡᠨᠡ ᠬᠤᠭᠤᠴᠠᠭᠠᠨ ᠳᠤ᠂ ᠪᠢᠳᠡ ᠤᠯᠠᠭᠠᠨᠮᠥ᠋ᠴᠢᠷ ᠤᠨ | ᠦᠢᠯᠡᠴᠢᠯᠡᠭᠡᠨ ᠤ ᠬᠡᠪ ᠵᠠᠭᠪᠤᠷ ᠢ ᠰᠢᠨᠡᠴᠢᠯᠡᠵᠦ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠷᠠᠳ ᠲᠦᠮᠡᠨ ᠤ ᠳᠤᠮᠳᠠ ᠣᠴᠢᠬᠤ︾ ᠦᠨᠳᠦᠰᠦᠨ ᠱᠠᠲᠣᠨ ᠤ ᠶᠡᠷᠦᠩᠬᠡᠶᠢᠯᠡᠭᠰᠡᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠤᠳᠬ᠎ᠠ ᠤᠷᠠᠯᠢᠭ ᠤᠨ ᠲᠣᠭᠯᠠᠯᠲᠠ ᠶᠢᠨ ᠰᠠᠭᠤᠷᠢᠨ ᠳᠡᠭᠡᠷ᠎ᠡ᠂ | ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠣᠷᠠᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ | ᠦᠢᠯᠡᠳᠦᠯᠭᠡ ᠳᠤ ᠣᠷᠣᠯᠴᠠᠬᠤ᠂ ᠣᠨᠣᠯ ᠤᠨ ᠶᠠᠷᠢᠶ᠎ᠠ ᠲᠠᠶᠢᠯᠣᠨ ᠬᠢᠬᠦ᠂ ᠰᠢᠨᠵᠢᠯᠡᠬᠦ ᠤᠬᠠᠭᠠᠨ ᠤ ᠮᠡᠳᠡᠯᠭᠡ | ᠲᠦᠭᠡᠮᠡᠯᠵᠢᠭᠦᠯᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠬᠢᠬᠦ᠂ ᠶᠠᠳᠠᠭᠤ ᠬᠦᠴᠢᠷᠳᠡᠯ ᠲᠠᠢ ᠬᠦᠮᠦᠰ | ᠢ ᠬᠠᠪᠰᠤᠷᠤᠨ ᠲᠡᠳᠬᠦᠬᠦ ᠵᠡᠷᠭᠡ ᠣᠯᠠᠨ ᠵᠦᠢᠯ ᠤᠨ ᠨᠠᠷᠢᠯᠢᠭ ᠣᠨᠣᠴᠠᠲᠠᠶ ᠰᠠᠶᠢᠨ ᠳᠤᠷ᠎ᠠ ᠶᠢᠨ ᠦᠢᠯᠡᠴᠢᠯᠡᠭᠡ | ᠦᠷᠨᠢᠭᠦᠯᠪᠡ᠃ ᠣᠶᠢᠷ᠎ᠡ ᠶᠢᠨ 2020 ᠣᠨ ᠤ 6᠂ 7 ᠳ᠋ᠣᠭᠠᠷ ᠰᠠᠷ᠎ᠠ ᠳᠤ ᠯᠠ ᠭᠡᠬᠦ ᠳᠤ᠂ ︽ᠠᠯᠢᠪᠠ ᠪᠦᠬᠦᠨ | ᠠᠷᠠᠳ ᠲᠦᠮᠡᠨ ᠤ ᠲᠥᠯᠥᠭᠡ︾ ᠬᠡᠮᠡᠬᠦ ᠭᠤᠤᠯ ᠰᠡᠳᠦᠪ ᠢᠶᠠᠷ ᠤᠯᠠᠭᠠᠨᠮᠥ᠋ᠴᠢᠷ ᠤᠨ ᠬᠢᠨ ᠡᠷᠦᠬᠡ ᠳᠤ ᠬᠦᠷᠴᠤ | ᠲᠣᠭᠯᠠᠯᠲᠠ ᠭᠠᠷᠭᠠᠬᠤ᠂ ᠦᠨᠳᠦᠰᠦᠨ ᠱᠠᠲᠤᠨ ᠤ ︽ᠵᠢᠷᠭᠤᠭ᠎ᠠ ᠳᠤ ᠬᠦᠷᠬᠦ︾ ᠲᠣᠭᠯᠠᠯᠲᠠ ᠶᠢ 600 ᠭᠠᠷᠤᠶ | ᠲᠠᠯᠠᠪᠠᠶ ᠤᠳᠠᠭ᠎ᠠ ᠥᠷᠨᠢᠭᠦᠯᠵᠦ᠂ ᠣᠯᠠᠨ ᠲᠦᠮᠡᠨ ᠳᠤ 40 ᠭᠠᠷᠤᠶ ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ | ᠃ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠠᠵᠢᠯᠯᠠᠭ᠎ᠠ 500 ᠭᠠᠷᠤᠢ ᠤᠳᠠᠭ᠎ᠠ ᠳᠤ ᠬᠦᠷᠪᠡ᠃ | | | | ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠲᠣᠭᠤᠷᠢᠨ ᠵᠢᠭᠤᠯᠴᠢᠯᠠᠬᠤ ᠠᠵᠢᠯᠯᠠᠭᠠᠨ | ᠴᠢ ᠬᠤᠤ ᠨᠠᠨ ᠰᠡᠭᠦᠳᠡᠷᠯᠡᠪᠡ | | ᠬᠤᠶᠠᠷ ᠲᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠡᠯᠡᠪᠡ᠃ ᠪᠠᠶᠠᠷ ᠳᠤᠷᠠᠰᠬᠠᠯ ᠤᠨ ᠠᠵᠢᠯᠯᠠᠭ᠎ᠠ ᠶᠢ | ᠦᠨᠳᠦᠰᠦᠨ ᠱᠠᠲᠤᠨ ᠳᠤ ᠡᠷᠬᠢᠯᠡᠨ᠂ ᠦᠨᠳᠦᠰᠦᠨ ᠱᠠᠲᠤᠨ ᠳᠤ ᠨᠡᠶᠢᠳᠡᠮ ᠠᠰᠢᠭ ᠬᠦᠷᠲᠡᠭᠡᠵᠦ᠂ ᠪᠠᠶᠠᠷ | ᠳᠤᠷᠠᠰᠬᠠᠯ ᠤᠨ ᠠᠵᠢᠯᠯᠠᠭ᠎ᠠ ᠶᠢ ᠦᠨᠡᠨ ᠬᠦ ᠠᠷᠠᠳ ᠲᠦᠮᠡᠨ ᠤ ᠪᠠᠶᠠᠷ ᠤᠨ ᠡᠳᠦᠷ ᠪᠣᠯᠭᠠᠨ ᠡᠷᠬᠢᠯᠡᠪᠡ᠃ ᠳᠤᠮᠳᠠᠳᠤ | ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ | ᠂ ᠥᠪᠥᠷ ᠮᠣᠩᠭᠤᠯ ᠤᠨ ᠣᠷᠣᠨ ᠨᠤᠲᠤᠭ ᠤᠨᠰᠢᠯᠢᠳᠡᠭ ᠰᠢ ᠵᠦᠴᠦᠭᠡ ᠶᠢᠨ ᠦᠵᠡᠭᠦᠯᠦᠯᠭᠡ ᠵᠡᠷᠭᠡ ᠶᠢ | ᠭᠤᠤᠯᠳᠠᠯᠭ᠎ᠠ ᠲᠠᠢ ᠡᠷᠬᠢᠯᠡᠪᠡ᠃ ᠡᠭᠦᠨ ᠳᠤ᠂ 2019 ᠣᠨ ᠳᠤ ᠪᠥᠬᠦ ᠣᠷᠣᠨ ᠤ ᠰᠢᠯᠢᠳᠡᠭ ᠵᠦᠴᠦᠭᠡ ᠶᠢᠨ | ᠦᠵᠡᠭᠦᠯᠦᠯᠭᠡ ᠶᠢᠨ ᠲᠣᠭᠯᠠᠯᠲᠠ᠂ ᠵᠡᠭᠦᠨ ᠪᠠᠷᠠᠭᠤᠨ ᠬᠡᠰᠡᠭ ᠤᠨ ᠤᠯᠠᠭᠠᠨᠮᠥ᠋ᠴᠢᠷ ᠤᠨ ᠬᠤᠭᠤᠷᠣᠨᠳᠣᠬᠢ | ᠰᠣᠯᠢᠯᠴᠠᠭᠠᠨ ᠤ ᠲᠣᠭᠯᠠᠯᠲᠠ᠂ ᠪᠥᠬᠦ ᠣᠷᠣᠨ ᠤ ᠰᠢᠯᠢᠳᠡᠭ ᠤᠯᠠᠭᠠᠨᠮᠥ᠋ᠴᠢᠷ ᠤᠨ ᠰᠢᠯᠭᠠᠷᠠᠭᠤᠯᠣᠯᠲᠠ ᠲᠣᠭᠯᠠᠯᠲᠠ᠂ | ᠪᠦᠦ ᠯᠢ ᠬᠦᠷᠢᠶᠡᠯᠡᠩ ᠤᠨ ᠱᠤᠭᠤᠮ ᠤᠨ ᠤᠯᠠᠭᠠᠨᠮᠥ᠋ᠴᠢᠷ ᠤᠨ ᠪᠥᠬᠦ ᠤᠯᠤᠰ ᠤᠨ ᠠᠶᠠᠯᠠᠯ ᠤᠨ ᠲᠣᠭᠯᠠᠯᠲᠠ ᠵᠡᠷᠭᠡ ᠶᠢ | 300 ᠭᠠᠷᠤᠶ ᠲᠠᠯᠠᠪᠠᠶ ᠤᠳᠠᠭ᠎ᠠ ᠥᠷᠨᠢᠭᠦᠯᠵᠦ᠂ ᠠᠰᠢᠭ ᠬᠦᠷᠲᠡᠭᠰᠡᠨ ᠦᠵᠡᠭᠴᠢᠳ 100 ᠭᠠᠷᠤᠶ ᠲᠦᠮᠡᠨ | ᠬᠥᠮᠦᠨ ᠤᠳᠠᠭ᠎ᠠ ᠳᠤ ᠬᠦᠷᠪᠡ᠃ | ᠭᠤᠷᠪᠠ ᠳᠤ᠂ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ | ᠢᠨᠵᠧᠨ᠋ᠷᠢᠩ ᠢ ᠬᠡᠷᠡᠭᠵᠢᠭᠦᠯᠪᠡ᠃ ᠤᠷᠠᠯᠢᠭ ᠤᠨ ᠵᠣᠬᠢᠶᠠᠨ ᠪᠦᠳᠦᠭᠡᠭᠴᠢᠳ ᠠᠮᠢᠳᠤᠷᠠᠯ ᠤᠨ ᠰᠢᠮᠡᠯᠢᠭ ᠬᠥᠷᠥᠰᠥᠨ ᠳᠤ | ᠦᠨᠳᠦᠰᠦᠯᠡᠵᠦ᠂ ᠦᠨᠳᠦᠰᠦᠨ ᠱᠠᠲᠤᠨ ᠤ ᠲᠠᠷᠢᠶᠠᠴᠢᠨ ᠮᠠᠯᠴᠢᠨ ᠲᠦᠮᠡᠨ ᠳᠤ ᠦᠢᠯᠡᠴᠢᠯᠡᠵᠦ᠂ ᠥᠪᠥᠷ | ᠮᠣᠩᠭᠤᠯ ᠤᠨ ᠡᠯᠪᠡᠭ ᠳᠡᠯᠪᠡᠭ ᠲᠡᠤᠬᠡ ᠰᠣᠶᠣᠯ ᠤᠨ ᠡᠬᠢ ᠪᠠᠶᠠᠯᠢᠭ᠂ ᠦᠨᠳᠦᠰᠦᠲᠡᠨ ᠤ ᠰᠣᠶᠣᠯ ᠤᠨ ᠡᠬᠢ | ᠪᠠᠶᠠᠯᠢᠭ ᠪᠠ ᠬᠤᠪᠢᠰᠬᠠᠯᠲᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠦᠨᠳᠦᠰᠦᠨ ᠱᠠᠲᠤᠨ ᠤ ᠣᠯᠠᠨ | ᠲᠦᠮᠡᠨ ᠤ ᠰᠣᠶᠣᠯ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ︽ᠤᠯᠠᠭᠠᠨᠮᠥ᠋ᠴᠢᠷ︾᠂ ︽ᠲᠠᠯ᠎ᠠ | ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ ᠵᠡᠷᠭᠡ ᠨᠢᠭᠡ ᠪᠦᠯᠦᠭ ᠶᠠᠰᠤ ᠰᠢᠷᠪᠥᠰᠥ ᠲᠠᠢ᠂ ᠶᠣᠰᠣ | ᠮᠣᠷᠠᠯ ᠲᠠᠢ᠂ ᠬᠠᠯᠠᠭᠤᠨ ᠳᠣᠯᠠᠭᠠᠨ ᠢᠯᠴᠢ ᠲᠠᠢ᠂ ᠤᠷᠠᠯᠢᠭ ᠤᠨ ᠰᠦᠷ ᠵᠢᠪᠬᠤᠭ᠎ᠠ ᠶᠢ ᠪᠠᠳᠠᠷᠠᠭᠤᠯᠣᠭᠰᠠᠨ᠂ ᠴᠠᠭ | ᠦᠶ᠎ᠡ ᠶᠢᠨ ᠣᠨᠴᠠᠯᠢᠭ ᠢ ᠬᠠᠷᠠᠭᠤᠯᠤᠭᠰᠠᠨ᠂ ᠲᠠᠯ᠎ᠠ ᠨᠤᠲᠤᠭ ᠤᠨ ᠣᠨᠴᠠᠯᠢᠭ ᠢ ᠢᠯᠡᠷᠡᠭᠦᠯᠦᠭᠰᠡᠨ ᠰᠢᠯᠢᠳᠡᠭ | ᠪᠦᠲᠦᠭᠡᠯ ᠢ ᠳᠡᠭᠡᠳᠦ ᠡᠬᠢᠯᠡᠯᠲᠡ ᠲᠠᠢ᠂ ᠥᠨᠳᠥᠷ ᠲᠦᠪᠰᠢᠨ ᠳᠤ ᠵᠣᠬᠢᠶᠠᠨ ᠪᠦᠲᠦᠭᠡᠪᠡ᠃ | ᠡᠭᠦᠨ ᠠᠴᠠ ᠭᠠᠳᠠᠨ᠎ᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠩᠭᠤᠵᠢᠭᠰᠠᠨ ᠪᠠᠶᠢᠳᠠᠯ ᠳᠣᠣᠷ᠎ᠠ᠂ | ᠪᠢᠳᠡ ᠪᠠᠰᠠ ᠰᠦᠯᠵᠢᠶᠡᠨ ᠳᠡᠭᠡᠷᠡᠬᠢ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠦᠢᠯᠡᠴᠢᠯᠡᠭᠡᠨ ᠤ ᠰᠢᠨ᠎ᠡ ᠬᠡᠪ | ᠵᠠᠭᠪᠤᠷ ᠢ ᠰᠦᠪᠡᠭᠴᠢᠯᠡᠨ ᠥᠷᠭᠡᠳᠬᠡᠵᠦ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠵᠡᠷᠭᠡ ᠰᠦᠯᠵᠢᠶᠡᠨ ᠤ ᠳᠠᠪᠴᠠᠩ | ᠪᠣᠯᠤᠨ ᠣᠬᠤᠷ ᠸᠢᠳᠢᠣ᠋ ᠵᠡᠷᠭᠡ ᠰᠢᠭᠤᠳ ᠨᠡᠪᠲᠡᠷᠡᠭᠦᠯᠬᠦ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ | ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ | ᠠᠬᠢᠭᠤᠯᠵᠤ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠵᠦ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ | ᠬᠢᠷᠢ ᠬᠡᠮᠵᠢᠶ᠎ᠡ ᠪᠠᠨ ᠳᠡᠭᠡᠭᠰᠢᠯᠡᠭᠦᠯᠪᠡ᠃ | | ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ᠄ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠵᠤ ᠠᠵᠤ ᠠᠬᠤᠶ ᠪᠠᠭᠤᠷᠠᠬᠤ ᠳᠠᠷᠤᠯᠲᠠ ᠬᠦᠨᠳᠦᠷᠡᠵᠤ᠂ ᠠᠷᠠᠳ | ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠭᠰᠡᠨ ᠪᠠᠶᠢᠳᠠᠯ ᠳᠣᠣᠷ᠎ᠠ᠂ ᠥᠪᠥᠷ | ᠮᠣᠩᠭᠤᠯ ᠬᠢᠵᠢᠭ ᠤᠨ ᠪᠠᠶᠢᠳᠠᠯ ᠠᠴᠠ ᠪᠣᠯᠣᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠲᠡᠪᠴᠢᠵᠣ᠂ ᠲᠠᠯ᠎ᠠ | ᠨᠤᠲᠤᠭ ᠤᠨ ᠰᠣᠶᠣᠯ ᠤᠨ ᠨᠠᠶᠢᠷ ᠡᠷᠬᠢᠯᠡᠬᠦ ᠪᠠᠷ ᠳᠠᠮᠵᠢᠨ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ ᠪᠠᠶᠢᠭ᠎ᠠ ᠶᠢ ᠪᠢᠳᠡ ᠤᠯᠵᠣ ᠬᠠᠷᠠᠯ᠎ᠠ᠂ ᠲᠠ ᠨᠠᠷ ᠰᠣᠶᠣᠯ ᠢᠶᠠᠷ ᠳᠡᠮᠵᠢᠨ ᠲᠠᠪᠴᠠᠩ | ᠪᠠᠶᠢᠭᠤᠯᠵᠤ᠂ ᠠᠵᠤ ᠠᠬᠤᠶᠢᠯᠢᠭ ᠰᠢ ᠲᠣᠭᠯᠠᠵᠣ᠂ ᠨᠠᠩ ᠣᠯᠠᠨ ᠬᠦᠮᠦᠨ ᠳᠤ ᠲᠠᠯ᠎ᠠ ᠨᠤᠲᠤᠭ ᠤᠨ ᠰᠣᠶᠣᠯ ᠤᠨ | ᠥᠪᠡᠷᠮᠢᠴᠡ ᠷᠢᠳᠢ ᠰᠢᠳᠢ ᠶᠢ ᠬᠡᠷᠬᠢᠨ ᠮᠡᠳᠡᠷᠡᠭᠦᠯᠵᠦ ᠴᠢᠳᠠᠭᠰᠠᠨ ᠪᠣᠶ︖ | | ᠯᠢ ᠰᠢᠶᠤᠤ ᠴᠢᠦ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠪᠠᠶᠢᠩᠭᠤᠵᠢᠭᠰᠠᠨ ᠪᠠᠶᠢᠳᠠᠯ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠣᠶᠣᠯ ᠵᠢᠭᠤᠯᠴᠢᠯᠠᠯ ᠤᠨ | ᠦᠢᠯᠡᠰ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠱᠢ ᠲᠠᠢ ᠹᠧᠩ ᠱᠦᠵᠢ᠂ ᠪᠦ᠋ ᠰᠢᠶᠤᠤ ᠯᠢᠨ | ᠲᠡᠷᠢᠭᠦᠯᠡᠭᠴᠢ ᠵᠡᠷᠭᠡ ᠤᠳᠤᠷᠢᠳᠤᠯᠭ᠎ᠠ ᠵᠢᠭᠤᠯᠴᠢᠯᠠᠯ ᠤᠨ ᠰᠡᠷᠭᠦᠯᠲᠡ ᠬᠥᠭᠵᠢᠯᠲᠡ ᠶᠢ ᠠᠬᠢᠭᠤᠯᠬᠤ ᠲᠤᠬᠠᠶ ᠣᠯᠠᠨ | ᠤᠳᠠᠭ᠎ᠠ ᠴᠢᠬᠤᠯᠠ ᠵᠢᠭᠠᠪᠤᠷᠢ ᠥᠭᠴᠦ᠂ ᠪᠠᠶ ᠢᠦᠶ ᠭᠠᠩ ᠣᠬᠠᠭᠤᠯᠬᠤ ᠭᠡᠯᠲᠡᠰ ᠤᠨ ᠳᠠᠷᠤᠭ᠎ᠠ᠂ ᠵᠧᠩ ᠬᠤᠩ | ᠹᠠᠨ ᠳᠡᠳ᠋ ᠲᠡᠷᠢᠭᠦᠯᠡᠭᠴᠢ ᠵᠢᠭᠤᠯᠴᠢᠯᠠᠯ ᠤᠨ ᠰᠡᠷᠭᠦᠯᠲᠡ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠰᠡᠷᠭᠦᠭᠡᠨ ᠬᠥᠭᠵᠢᠭᠦᠯᠬᠦ ᠶᠢ ᠲᠦᠷᠭᠡᠳᠬᠡᠨ | ᠠᠬᠢᠭᠤᠯᠬᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠪᠢᠳᠡ ᠴᠠᠭ ᠲᠤᠬᠠᠶ ᠳᠤ ᠨᠢ ᠠᠷᠭ᠎ᠠ ᠰᠦᠪᠡᠭᠴᠢᠯᠡᠨ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠥᠷᠥ ᠶᠢᠨ ᠪᠣᠳᠣᠯᠭ᠎ᠠ ᠨᠡᠶᠢᠲᠡᠯᠡᠬᠦ᠂ ᠬᠠᠩᠭᠠᠯᠭ᠎ᠠ ᠶᠢ ᠰᠢᠯᠢᠳᠡᠭᠵᠢᠭᠦᠯᠬᠦ᠂ | ᠤᠬᠠᠭᠤᠯᠭ᠎ᠠ ᠪᠠᠨ ᠴᠢᠩᠭᠠᠳᠬᠠᠬᠤ᠂ ᠦᠢᠯᠡᠴᠢᠯᠡᠭᠡ ᠪᠠᠨ ᠰᠠᠶᠢᠵᠢᠷᠠᠭᠤᠯᠬᠤ ᠵᠡᠷᠭᠡ ᠣᠯᠠᠨ ᠲᠠᠯ᠎ᠠ ᠶᠢᠨ ᠠᠷᠭ᠎ᠠ | ᠪᠠᠷᠢᠯ ᠢᠶᠠᠷ ᠳᠠᠮᠵᠢᠭᠤᠯᠣᠨ᠂ ᠠᠷᠠᠳ ᠣᠯᠠᠨ ᠤ ᠴᠢᠨᠠᠷ ᠰᠠᠶᠢᠲᠠᠶ ᠶᠠᠪᠤᠵᠤ ᠰᠠᠭᠤᠬᠤ ᠶᠢ ᠪᠠᠲᠤᠯᠠᠵᠤ᠂ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠦᠢᠯᠡᠴᠢᠯᠡᠭᠡᠨ ᠤ ᠪᠠᠳᠣᠯᠠᠭᠠᠳᠣ ᠴᠢᠳᠠᠪᠤᠷᠢ ᠶᠢ ᠳᠡᠭᠡᠭᠰᠢᠯᠡᠭᠦᠯᠵᠦ᠂ ᠰᠣᠶᠣᠯ | ᠵᠢᠭᠤᠯᠴᠢᠯᠠᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ | ᠨᠢᠭᠡ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠪᠠ᠃ ︽ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ ᠰᠡᠷᠭᠦᠭᠡᠨ ᠬᠦᠭᠵᠢᠭᠦᠯᠬᠦ ᠶᠢ ᠲᠦᠷᠭᠡᠳᠬᠡᠬᠦ | ᠲᠤᠬᠠᠶ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠨ ᠨᠡᠶᠢᠲᠡᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ | ᠥᠪᠡᠷ ᠤᠨ ᠥᠷᠲᠡᠭ ᠢ ᠨᠢ ᠪᠠᠭᠤᠷᠠᠭᠤᠯᠬᠤ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ | ᠨᠡᠮᠡᠭᠳᠡᠭᠦᠯᠬᠦ ᠵᠡᠷᠭᠡ ᠲᠠᠯ᠎ᠠ ᠪᠠᠷ 23 ᠵᠦᠢᠯ ᠤᠨ ᠪᠣᠳᠠᠲᠠᠶ ᠠᠷᠭ᠎ᠠ ᠬᠡᠮᠵᠢᠶ ᠡ ᠶᠢ ᠲᠣᠭᠲᠠᠭᠠᠪᠠ︔ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠩᠬᠢ ᠪᠠ ᠳᠠᠭᠠᠳᠬᠠᠯ ᠤᠨ | ᠬᠢᠨᠠᠯᠲᠠ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ ᠭᠠᠶᠢᠯᠢ ᠰᠦᠢᠳᠭᠡᠯ ᠢ ᠬᠠᠰᠤᠵᠤ | ᠬᠡᠯᠳᠦᠷᠢᠭᠦᠯᠬᠦ ᠠᠵᠢᠯ ᠢ ᠦᠷᠨᠢᠭᠦᠯᠪᠡ︔ ᠳᠠᠭᠠᠳᠬᠠᠯ ᠤᠨ ᠺᠣᠮᠫᠠᠨᠢ ᠶᠢ ᠵᠣᠬᠢᠴᠠᠭᠤᠯᠬᠤ ᠶᠢᠨ ᠲᠥᠯᠥᠭᠡ | ᠵᠢᠭᠤᠯᠴᠢᠯᠠᠯ ᠤᠨ ᠭᠠᠵᠠᠷ ᠤᠨ ᠠᠵᠢᠯ᠂ ᠦᠢᠯᠡᠳᠪᠦᠷᠢᠯᠡᠯ ᠵᠣᠭᠰᠣᠭᠰᠠᠨ ᠬᠤᠭᠤᠴᠠᠭᠠᠨ ᠳᠤ ᠬᠢ ᠵᠢᠭᠤᠯᠴᠢᠯᠠᠯ ᠤᠨ | ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠵᠠᠷᠤᠳᠠᠯ 238.88 ᠲᠦᠮᠡᠨ ᠲᠥᠭᠦᠷᠢᠭ ᠢ ᠬᠠᠰᠤᠵᠤ | ᠬᠡᠯᠲᠦᠷᠢᠭᠦᠯᠪᠡ︔ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ 1.43 | ᠳ᠋ᠦᠩᠰᠢᠭᠤᠷ ᠲᠦᠭᠦᠷᠢᠭ ᠢ ᠲᠦᠷ ᠪᠤᠴᠠᠭᠠᠪᠠ᠃ | | | | | ᠬᠦᠬᠡᠬᠤᠲᠠ ᠶᠢᠨ ᠲᠠᠯ᠎ᠠ ᠨᠤᠲᠤᠭ ᠤᠨ ᠳᠠᠭᠤᠤ ᠬᠦᠭᠵᠢᠮᠳᠦ ᠠᠮᠲᠠᠲᠤ ᠢᠳᠡᠭᠡᠨ ᠤ ᠤᠯᠠᠷᠢᠯ ᠭᠤᠶᠢᠳᠠ | ᠰᠠᠶᠢᠬᠠᠨ ᠡᠬᠢᠯᠡᠯ᠎ᠡ ᠳ᠋ᠢᠩ ᠭᠧᠨ ᠾᠧᠦ ᠰᠡᠭᠦᠳᠡᠷᠯᠡᠪᠡ | | ᠬᠤᠶᠠᠷ ᠲᠤ᠂ ᠦᠢᠯᠡᠳᠭᠦᠨ ᠤ ᠬᠠᠩᠭᠠᠯᠭ᠎ᠠ ᠶᠢ ᠰᠢᠯᠢᠳᠡᠭᠵᠢᠭᠦᠯᠪᠡ᠃ ︽ᠥᠪᠥᠷ ᠮᠣᠩᠭᠤᠯ ᠤᠨ | ᠠᠷᠠᠳ ᠤᠨ ᠵᠢᠭᠤᠯᠴᠢᠯᠠᠯ︾ ᠭᠡᠬᠦ ᠰᠣᠳᠣᠨ ᠵᠢᠭᠤᠯᠴᠢᠯᠠᠯ ᠤᠨ ᠱᠤᠭᠤᠮ ᠢ 150 ᠭᠠᠷᠤᠶ ᠵᠤᠷᠪᠣᠰ ᠭᠠᠷᠭᠠᠵᠤ᠂ | ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠭᠡᠯᠳᠦᠷᠢᠭᠦᠯᠬᠦ᠂ ᠢᠵᠢ ᠪᠢᠯᠧᠲ ᠤᠨ ᠦᠨ᠎ᠡ ᠶᠢ | ᠭᠢᠮᠳᠠᠷᠠᠭᠤᠯᠬᠤ ᠂ ᠪᠠᠭᠤᠳᠠᠯ ᠤᠨ ᠬᠡᠷ ᠪᠠᠶᠢᠰᠢᠩ ᠤᠨ ᠦᠨ᠎ᠡ ᠶᠢ ᠬᠢᠮᠳᠠᠷᠠᠭᠤᠯᠬᠤ᠂ ᠠᠭᠠᠷ ᠤᠨ ᠲᠡᠭᠡᠭᠡᠪᠦᠷᠢ ᠶᠢᠨ | ᠨᠡᠶᠢᠲᠡ ᠶᠢᠨ ᠮᠠᠰᠢᠨ ᠲᠡᠷᠭᠡᠨ ᠤ ᠺᠠᠷᠲ ᠵᠡᠷᠭᠡ ᠠᠯᠢ ᠣᠯᠠᠨ ᠥᠪᠥᠷ ᠮᠣᠩᠭᠤᠯ ᠤᠨ ︽ᠲᠣᠮᠣ ᠪᠡᠯᠡᠭ︾ ᠢ ᠢᠵᠢ | ᠪᠦᠷᠢᠳᠦᠭᠦᠯᠦᠨ ᠨᠡᠶᠢᠲᠡᠯᠡᠪᠡ︔ | ︽ᠠᠭᠠᠷ ᠤᠨ ᠠᠶᠠᠯᠠᠯ + ᠵᠢᠭᠤᠯᠴᠢᠯᠠᠯ︾ ᠪᠠ ︽ᠲᠡᠮᠦᠷ ᠵᠠᠮ + ᠵᠢᠭᠤᠯᠴᠢᠯᠠᠯ︾ ᠤᠨ ᠦᠢᠯᠡᠴᠢᠯᠡᠭᠡᠨ ᠤ ᠰᠢᠨ᠎ᠡ | ᠵᠠᠭᠪᠤᠷ ᠢ ᠭᠦᠨᠵᠡᠭᠡᠶ ᠨᠡᠭᠡᠭᠡᠨ ᠬᠥᠭᠵᠢᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ︽ᠬᠥᠬᠡᠬᠤᠲᠠ — | ᠤᠯᠠᠭᠠᠨᠬᠤᠲᠠ︾ ᠶᠢᠨ ᠠᠭᠠᠷ ᠤᠨ ᠠᠶᠠᠯᠠᠯ ᠤᠨ ᠵᠢᠭᠤᠯᠴᠢᠯᠡᠯ ᠤᠨ ᠲᠤᠰᠬᠠᠶ ᠱᠤᠭᠤᠮ ᠢ ᠨᠡᠪᠲᠡᠷᠡᠭᠦᠯᠵᠦ᠂ ᠠᠯᠠᠱᠠ | ᠠᠶᠢᠮᠠᠭ ︽ᠡᠵᠡᠨ᠎ᠡ︾ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠶᠢ ᠨᠡᠪᠲᠡᠷᠡᠭᠦᠯᠪᠡ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠷ ᠤᠷᠠᠯᠠᠯ ᠪᠠ ᠰᠣᠶᠣᠯ ᠤᠨ | ᠡᠭᠦᠳᠦᠯᠲᠡ ᠶᠢᠨ ᠵᠢᠭᠤᠯᠴᠢᠯᠠᠯ ᠤᠨ ᠰᠣᠳᠣᠨ ᠪᠦᠲᠦᠭᠡᠯ ᠤᠨ ᠦᠵᠡᠭᠦᠯᠦᠯᠭᠡ ᠶᠢᠨ ᠠᠬᠤᠶ ᠲᠠᠯᠠᠪᠠᠶ ᠴᠧᠨ | ᠯᠢ ᠭᠧᠩ ᠰᠡᠭᠦᠳᠡᠷᠯᠡᠪᠡ | ᠭᠤᠷᠪᠠ ᠳᠤ᠂ ᠰᠢᠨ᠎ᠡ ᠶᠢ ᠡᠭᠦᠳᠬᠦ ᠦᠢᠯᠡᠳᠭᠦᠨ ᠢᠶᠠᠷ ᠬᠥᠳᠡᠯᠭᠡᠭᠦᠷ ᠪᠤᠯᠭᠠᠪᠠ᠃ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠠᠮᠠᠷᠠᠯᠲᠠ ᠠᠴᠠ ᠡᠬᠢᠯᠡᠨ᠂ ᠬᠤᠤᠰ ᠠᠮᠠᠷᠠᠯᠲᠠ ᠶᠢᠨ ᠡᠳᠦᠷ ᠪᠠ ᠪᠠᠶᠠᠷ ᠳᠤᠷᠠᠰᠬᠠᠯ ᠤᠨ | ᠡᠳᠦᠷ ᠪᠣᠯᠭᠠᠨ ᠳᠤ ᠴᠥᠮ ᠰᠤᠳᠤᠨ ᠤᠷᠠᠯᠢᠭ ᠤᠨ ᠲᠣᠭᠯᠠᠯᠲᠠ᠂ ᠰᠣᠶᠣᠯ ᠤᠨ ᠡᠭᠦᠳᠦᠨ ᠪᠦᠲᠦᠭᠡᠯᠲᠡ ᠪᠠ | ᠪᠤᠳᠠᠰ ᠤᠨ ᠪᠤᠰᠤ ᠰᠤᠶᠤᠯ ᠤᠨ ᠥᠪ ᠢ ᠦᠵᠡᠮᠵᠢ ᠶᠢᠨ ᠣᠷᠣᠨ ᠳᠤ ᠤᠷᠤᠭᠤᠯᠬᠤ ᠠᠵᠢᠯᠯᠠᠭ᠎ᠠ ᠶᠢ ᠡᠷᠬᠢᠯᠡᠵᠡᠢ᠃ | ᠣᠳᠣ ᠪᠣᠯᠲᠠᠯ᠎ᠠ ᠨᠡᠶᠢᠲᠡ 344 ᠲᠠᠯᠠᠪᠠᠶ ᠡᠷᠬᠢᠯᠡᠵᠦ᠂ ᠠᠷᠠᠳ ᠲᠦᠮᠡᠨ ᠢ ᠲᠠᠯ᠎ᠠ ᠨᠤᠲᠤᠭ ᠤᠨ ᠰᠣᠶᠣᠯ ᠲᠠᠢ | ᠨᠢᠭᠲᠠ ᠬᠠᠷᠢᠯᠴᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠪᠢᠳᠡ ᠪᠠᠰᠠ ᠪᠦᠬᠦ ᠣᠷᠣᠨ ᠤ ᠦᠨᠳᠦᠰᠦᠲᠡᠨ ᠤ | ᠭᠠᠷ ᠤᠷᠠᠯᠠᠯ ᠪᠣᠯᠤᠨ ᠰᠣᠶᠣᠯ ᠤᠨ ᠡᠭᠦᠳᠦᠯᠲᠡ ᠶᠢᠨ ᠵᠢᠭᠤᠯᠴᠢᠯᠠᠯ ᠤᠨ ᠰᠣᠳᠣᠨ ᠦᠵᠡᠭᠦᠯᠦᠯᠭᠡ ᠶᠢᠨ ᠠᠵᠢᠯᠯᠠᠭ᠎ᠠ | ᠡᠷᠬᠢᠯᠡᠵᠦ᠂ 200 ᠭᠠᠷᠤᠶ ᠠᠵᠤ ᠠᠬᠤᠶᠢᠯᠠᠯ ᠦᠵᠡᠰᠬᠦᠯᠡᠩ ᠳᠤ ᠤᠷᠤᠯᠴᠠᠵᠤ᠂ ᠰᠣᠶᠣᠯ ᠤᠨ ᠡᠭᠦᠳᠦᠯᠲᠡ ᠶᠢᠨ | ᠵᠢᠭᠤᠯᠴᠢᠯᠠᠯ ᠤᠨ ᠲᠠᠸᠠᠷ ᠢ 5000 ᠭᠠᠷᠤᠶ ᠵᠦᠢᠯ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠢᠯ 35 ᠶᠢ ᠴᠤᠭᠯᠠᠭᠤᠯᠪᠠ᠃ ᠥᠪᠥᠷ ᠮᠣᠩᠭᠤᠯ ᠤᠨ ᠮᠦᠽᠧᠶ᠂ ᠨᠣᠮ ᠤᠨ ᠰᠠᠩ᠂ | ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ ᠤ ᠨᠡᠭᠡᠭᠡᠬᠦ ᠴᠠᠭ ᠢ ᠤᠷᠳᠤᠳᠬᠠᠪᠠ᠃ | ᠳᠥᠷᠪᠡ ᠳᠤ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠪᠠ᠃ ︽ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ︾ ᠪᠠᠷ ᠳᠠᠮᠵᠢᠭᠤᠯᠤᠨ ᠵᠢᠭᠤᠯᠴᠢᠯᠠᠭᠴᠢᠳ ᠲᠤ ᠥᠪᠥᠷ ᠮᠣᠩᠭᠤᠯ ᠤᠨ ᠵᠢᠭᠤᠯᠴᠢᠯᠠᠯ ᠢ ᠪᠥᠬᠦ ᠲᠠᠯ᠎ᠠ ᠪᠠᠷ | ᠳᠡᠯᠭᠡᠷᠡᠭᠦᠯᠪᠡ᠃ ᠰᠦᠯᠵᠢᠶᠡᠨ ᠳᠡᠭᠡᠷ᠎ᠡ ︽ᠥᠪᠥᠷ ᠮᠣᠩᠭᠤᠯ ᠤᠨ ᠬᠢᠨ ᠥᠪᠥᠷ ᠮᠣᠩᠭᠤᠯ ᠳᠤ ᠪᠠᠨ ᠵᠢᠭᠤᠯᠴᠢᠯᠠᠬᠤ︾ | ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠣᠶᠣᠯ ᠵᠢᠭᠤᠯᠴᠢᠯᠠᠯ ᠤᠨ | ᠰᠢᠰᠲ᠋ᠧᠮ ᠤᠨ ᠺᠠᠳ᠋ᠷ ︽ᠥᠪᠥᠷ ᠮᠣᠩᠭᠤᠯ ᠤᠨ ᠵᠢᠭᠤᠯᠴᠢᠯᠠᠯ ᠤᠨ ᠤᠬᠠᠭᠤᠯᠭ᠎ᠠ ᠶᠢᠨ ᠡᠯᠴᠢᠨ︾ ᠤ ᠬᠠᠷᠢᠭᠤᠴᠠᠯᠭ᠎ᠠ | ᠡᠭᠦᠷᠭᠡᠯᠡᠬᠦ ᠶᠢ ᠰᠠᠨᠠᠭᠠᠴᠢᠯᠠᠵᠤ᠂ ᠸᠢᠴᠠᠲ ᠶᠢᠨ ᠴᠤᠭᠯᠠᠷᠠᠯ᠂ ᠨᠠᠶᠢᠵᠠ ᠶᠢᠨ ᠲᠣᠭᠤᠷᠢᠭ᠂ ᠲᠢᠭ ᠲᠤᠭ ᠤᠨ ᠤᠬᠤᠷ | ᠸᠢᠳᠢᠣ᠋ ᠵᠡᠷᠭᠡ ᠠᠷᠭ᠎ᠠ ᠵᠠᠮ ᠢ ᠠᠰᠢᠭᠯᠠ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠢ ᠶᠡᠬᠡᠪᠡᠷ ᠤᠬᠠᠭᠤᠯᠪᠠ︔ | ᠰᠦᠯᠵᠢᠶᠡᠨ ᠭᠠᠳᠠᠨ᠎ᠠ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠪᠠᠭᠤᠳᠠᠯ᠂ ᠬᠤᠳᠠᠯᠳᠤᠭᠠᠨ ᠤ ᠲᠠᠯᠠᠪᠠᠢ | ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠤᠬᠠᠭᠤᠯᠭ᠎ᠠ ᠶᠢᠨ | ᠬᠠᠭᠤᠳᠠᠰᠤ ᠲᠠᠯᠪᠢᠪᠠ᠃ ᠱᠠᠨ ᠰᠢ᠂ ᠱᠠᠨᠰᠢ᠂ ᠨᠢᠩᠰᠢᠶᠠ ᠵᠡᠷᠭᠡ ᠬᠥᠷᠰᠢ ᠵᠡᠷᠭᠡᠯᠡᠳᠡᠭᠡ 6 ᠮᠤᠵᠢ ᠣᠷᠣᠨ ᠳᠤ | ᠬᠦᠷᠴᠦ ᠰᠣᠶᠣᠯ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠦᠷᠨᠢᠭᠦᠯᠪᠡ᠃ 8 ᠳ᠋ᠤᠭᠠᠷ | ᠰᠠᠷ᠎ᠠ ᠶᠢᠨ ᠳᠤᠮᠳᠠᠴᠢ ᠪᠠᠷ ᠪᠠᠰᠠ ᠬᠥᠬᠡᠮᠥ᠋ᠷᠡᠨ ᠤ ᠭᠤᠷᠪᠠᠯᠵᠢᠨ ᠬᠤᠶᠢᠭ ᠪᠠ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠤᠨ ᠠᠶᠠᠨᠴᠢᠳ ᠤᠨ ᠢᠷᠡᠯᠲᠡ ᠶᠢᠨ ᠭᠠᠵᠠᠷ ᠲᠤ ᠬᠦᠷᠴᠦ ᠵᠢᠭᠤᠯᠴᠢᠯᠠᠯ ᠤᠨ ᠤᠬᠠᠭᠤᠯᠤᠨ ᠲᠠᠨᠢᠯᠴᠠᠭᠤᠯᠬᠤ | ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ | ᠲᠠᠪᠤ ᠳᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ︽ᠪᠣᠯᠪᠠᠰᠤᠨ ᠢᠶᠠᠷ ᠵᠢᠭᠤᠯᠴᠢᠯᠠᠵᠤ · | ᠳᠤᠮᠳᠠᠳᠤ ᠤᠯᠤᠰ ᠲᠤ ᠬᠤᠪᠢ ᠨᠡᠮᠡᠬᠦ · ᠥᠪᠥᠷ ᠮᠣᠩᠭᠤᠯ ᠳᠤ ᠥᠩᠭᠡ ᠭᠡᠷᠡᠯ ᠤᠯᠭᠤᠬᠤ︾ ᠭᠤᠣᠯ ᠰᠡᠳᠦᠪᠲᠦ | ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ | ᠴᠢᠨᠠᠷ ᠰᠠᠶᠢᠲᠠᠶ ᠦᠢᠯᠡᠴᠢᠯᠡᠭᠡ ᠶᠢ ᠰᠠᠨᠠᠭᠠᠴᠢᠯᠠᠵᠤ᠂ ᠵᠢᠭᠤᠯᠴᠢᠯᠠᠭᠴᠢᠳ ᠤᠨ ᠪᠣᠯᠪᠠᠰᠤᠨ ᠢᠶᠠᠷ ᠵᠢᠭᠤᠯᠴᠢᠯᠠᠬᠤ ᠂ | ᠠᠮᠤᠷ ᠲᠦᠪᠰᠢᠨ ᠢᠶᠠᠷ ᠵᠢᠭᠤᠯᠴᠢᠯᠠᠬᠤ᠂ ᠣᠶᠤᠨᠴᠢ ᠢᠶᠠᠷ ᠬᠡᠷᠡᠭᠯᠡᠬᠦ ᠶᠢ ᠬᠥᠲᠥᠯᠦᠨ ᠵᠢᠯᠤᠭᠤᠳᠪᠠ᠃ | ᠵᠢᠭᠤᠯᠴᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ | ᠦᠷᠨᠢᠭᠦᠯᠵᠦ᠂ ᠥᠷᠭᠡᠨ ᠣᠯᠠᠨ ᠵᠢᠭᠤᠯᠴᠢᠯᠠᠭᠴᠢᠳ ᠬᠢᠭᠡᠳ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠬᠠᠤᠯᠢ | ᠳᠦᠷᠢᠮ ᠤᠨ ᠦᠵᠡᠯᠲᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | | ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ᠄ ᠥᠪᠥᠷ ᠮᠣᠩᠭᠤᠯ ᠦᠵᠡᠰᠬᠦᠯᠡᠩᠲᠦ ᠰᠠᠶᠢᠬᠠᠨ | ᠥᠷᠭᠡᠨ ᠠᠭᠤᠳᠠᠮ᠂ ᠳᠥᠷᠪᠡᠨ ᠤᠯᠠᠷᠢᠯ ᠲᠣᠳᠣᠷᠬᠠᠶ︔ ᠲᠠᠯ᠎ᠠ ᠨᠤᠲᠤᠭ ᠴᠡᠪᠡᠷ ᠲᠤᠩᠭᠠᠯᠠᠭ᠂ ᠬᠥᠬᠡ ᠲᠩᠷᠢ | ᠴᠠᠭᠠᠨ ᠡᠭᠦᠯᠡ᠂ ᠬᠦᠬᠡ ᠠᠭᠤᠯᠠ ᠬᠥᠬᠡᠮᠳᠦᠭ ᠤᠰᠤ᠂ ᠠᠳᠡ ᠬᠥᠳᠡᠭᠡ ᠨᠤᠲᠤᠭ ᠤᠨ ᠢᠷᠠᠭᠤ ᠳᠠᠭᠤᠤ ᠬᠠᠩᠭᠢᠨᠠᠵᠤ | ᠂ ᠰᠦ ᠲᠠᠢ ᠴᠠᠢ ᠶᠢᠨ ᠠᠩᠬᠢᠯᠤᠮ᠎ᠠ ᠦᠨᠦᠷ ᠬᠠᠩᠬᠤᠯᠤᠨ᠎ᠠ᠃ ᠪᠠᠰᠠ ᠯᠠ ᠲᠠᠯ᠎ᠠ ᠨᠤᠲᠤᠭ ᠤᠨ ᠬᠠᠮᠤᠭ ᠤᠨ ᠰᠠᠶᠢᠬᠠᠨ | ᠤᠯᠠᠷᠢᠯ ᠪᠤᠯᠴᠢᠬᠠᠯ᠎ᠠ᠂ ᠠᠷᠠᠳ ᠤᠨ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠤ ᠠᠨᠳᠠ ᠨᠠᠷ ᠲᠤ ᠤᠷᠢᠯᠭ᠎ᠠ | ᠢᠯᠡᠭᠡᠶ᠎ᠡ᠂ ᠳᠦᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠥᠪᠥᠷ ᠮᠣᠩᠭᠤᠯ ᠤᠨ ᠲᠠᠯ᠎ᠠ ᠨᠤᠲᠤᠭ ᠲᠤ | ᠠᠶᠢᠯᠴᠢᠯᠠᠵᠤ ᠢᠷᠡᠭᠡᠷᠡᠶ᠃ | | ᠯᠢ ᠰᠢᠶᠤᠤ ᠴᠢᠦ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ | ᠭᠠᠳᠠᠭᠠᠳᠤ ᠶᠠᠪᠤᠳᠠᠯ ᠤᠨ ᠶᠠᠮᠤᠨ ᠤ ᠥᠪᠥᠷ ᠮᠣᠩᠭᠤᠯ ᠤᠨ ᠪᠥᠬᠦ ᠪᠥᠮᠪᠥᠷᠴᠡᠭ ᠤᠨ ᠲᠠᠨᠢᠯᠴᠠᠭᠤᠯᠭ᠎ᠠ ᠶᠢᠨ | ᠠᠵᠢᠯᠯᠠᠭᠠᠨ ᠳᠡᠭᠡᠷ᠎ᠡ ᠬᠡᠯᠡᠬᠦ ᠳᠤ ᠪᠠᠨ᠂ ᠥᠪᠥᠷ ᠮᠣᠩᠭᠤᠯ ᠪᠣᠯ ᠢᠷᠡᠭᠰᠡᠨ ᠪᠦᠬᠦᠨ ᠤ ᠬᠠᠶᠢᠷ᠎ᠠ ᠶᠢ ᠲᠠᠲᠠᠬᠤ ᠭᠠᠵᠠᠷ | ᠭᠡᠰᠡᠨ ᠪᠢᠯᠡ᠃ ᠤᠳᠤ ᠪᠢ ᠥᠪᠥᠷ ᠮᠣᠩᠭᠤᠯ ᠢ ᠬᠠᠶᠢᠷᠠᠯᠠᠭᠰᠠᠨ ᠰᠢᠯᠲᠠᠭᠠᠨ ᠢᠶᠠᠨ ᠳᠠᠬᠢᠨᠲᠠ ᠲᠠᠶᠢᠯᠪᠤᠷᠢᠯᠠᠬᠤ ᠶᠢᠨ | ᠬᠠᠮᠲᠤ ᠪᠦᠬᠦ ᠤᠯᠤᠰ ᠤᠨ ᠵᠢᠭᠤᠯᠴᠢᠯᠠᠭᠴᠢᠳ ᠢ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠢ ᠪᠡᠶᠡᠴᠢᠯᠡᠨ | ᠤᠶᠢᠯᠠᠭᠠᠭᠠᠷᠠᠢ ᠬᠡᠮᠡᠨ ᠤᠷᠢᠶ᠎ᠠ᠃ | | ᠤᠮᠠᠷᠠᠲᠤ ᠶᠢᠨ ᠲᠡᠦᠬᠡ ᠰᠣᠶᠣᠯ ᠲᠠᠨ ᠢ ᠤᠷᠢᠵᠤ ᠪᠠᠶᠢᠨ᠎ᠠ ᠄ | | ᠥᠪᠥᠷ ᠮᠣᠩᠭᠤᠯ ᠳᠤ 7570 ᠺᠢᠯᠣᠮᠧᠲᠷ ᠠᠳᠠᠯᠢ ᠪᠤᠰᠤ ᠴᠠᠭ ᠦᠶ᠎ᠡ ᠶᠢᠨ ᠤᠷᠲᠤ ᠴᠠᠭᠠᠨ ᠬᠡᠷᠡᠮ ᠲᠠᠢ | ᠪᠠᠶᠢᠵᠤ᠂ ᠬᠠᠲᠤᠨ ᠭᠤᠤᠯ 743 ᠺᠢᠯᠣᠮᠧᠲᠷ ᠤᠷᠤᠰᠤᠨ ᠥᠩᠭᠡᠷᠡᠨ᠎ᠡ᠃ ᠡᠨᠡ ᠪᠣᠯ ᠳᠤᠮᠳᠠᠳᠤ ᠶᠢᠨ ᠪᠣᠯᠪᠠᠰᠤᠨ ᠤ | ᠡᠭᠦᠰᠦᠭᠰᠡᠨ ᠭᠠᠵᠠᠷ ᠤᠨ ᠨᠢᠭᠡ ᠪᠣᠯᠤᠨ᠎ᠠ᠃ ᠲᠠᠯ᠎ᠠ ᠨᠤᠲᠤᠭ ᠤᠨ ᠪᠣᠯᠪᠠᠰᠤᠨ ᠪᠣᠯᠤᠨ ᠲᠠᠷᠢᠶᠠᠯᠠᠬᠤ ᠪᠣᠯᠪᠠᠰᠤᠨ ᠤ | ᠤᠶᠠᠯᠳᠤᠯ ᠢᠶᠠᠷ ᠤᠯᠠᠭᠠᠨᠬᠠᠳᠠ ᠶᠢᠨ ᠰᠣᠶᠣᠯ᠂ ᠳ᠋ᠠ ᠶᠣᠣ ᠶᠢᠨ ᠰᠣᠶᠣᠯ᠂ ᠪᠣᠷᠣ ᠲᠣᠬᠤᠶ ᠶᠢᠨ ᠰᠣᠶᠣᠯ ᠢ | ᠪᠦᠷᠢᠯᠳᠦᠭᠦᠯᠵᠡᠶ᠃ ᠤᠤᠯ ᠨᠢ ᠠᠳᠡ ᠠᠮᠢᠳᠤᠷᠠᠨ ᠰᠠᠭᠤᠷᠢᠰᠢᠵᠤ ᠪᠠᠶᠢᠭᠰᠠᠨ ᠤᠭᠰᠠᠭᠠᠲᠠᠨ ᠪᠠᠰᠠ ᠰᠢᠶᠡᠨᠪᠢ᠂ | ᠲᠦᠷᠺ᠂ ᠬᠢᠳᠠᠨ᠂ ᠵᠦᠷᠴᠢᠨ ᠵᠡᠷᠭᠡ ᠪᠠᠶᠢᠳᠠᠭ᠃ ᠰᠢᠶᠠ ᠠᠴᠠ ᠴᠢᠩ ᠬᠦᠷᠬᠦ ᠳᠤ᠂ ᠲᠡᠦᠬᠡ ᠰᠤᠯᠢᠭᠳᠠᠨ | ᠦᠨᠳᠦᠰᠦᠲᠡᠨ ᠨᠦᠭᠦᠳ ᠤᠨ ᠰᠣᠶᠣᠯ ᠠᠭᠤᠰᠤᠯᠳᠤᠨ ᠲᠡᠭᠦᠯᠳᠡᠷᠵᠢᠨ ᠬᠥᠭᠵᠢᠵᠦ᠂ ᠥᠪᠥᠷ ᠮᠣᠩᠭᠤᠯ ᠳᠤ ᠡᠯᠪᠡᠭ | ᠪᠠᠶᠠᠯᠢᠭ ᠲᠡᠦᠬᠡ ᠶᠢᠨ ᠦᠨᠡᠲᠦ ᠡᠷᠳᠡᠨᠢᠰ ᠢ ᠦᠯᠡᠳᠡᠭᠡᠵᠦ ᠥᠭᠴᠡᠢ᠃ | | | | | ᠵᠤᠨ ᠤ ᠴᠠᠭ ᠤᠨ ᠤᠯᠠᠭᠠᠨ ᠪᠤᠲᠤᠩ ᠵᠢᠷᠤᠭ ᠤᠨ ᠶᠤᠮ ᠰᠢᠭ᠋ ᠲᠠᠯ᠎ᠠ ᠨᠤᠲᠤᠭ᠃ ᠸᠠᠩ ᠾᠦᠢ | ᠰᠡᠭᠦᠳᠡᠷᠯᠡᠪᠡ | | ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠲᠠᠨ ᠢ ᠤᠷᠢᠵᠤ ᠪᠠᠶᠢᠨ᠎ᠠ ᠄ | | ᠠᠳᠡ ᠬᠥᠯᠥᠨ ᠪᠤᠶᠢᠷ᠂ ᠰᠢᠯᠢ ᠶᠢᠨ ᠭᠤᠤᠯ᠂ ᠬᠤᠷᠴᠢᠨ᠂ ᠣᠷᠳᠣᠰ᠂ ᠠᠯᠠᠱᠠ ᠵᠡᠷᠭᠡ ᠠᠳᠠᠯᠢ ᠪᠤᠰᠤ | ᠲᠥᠷᠥᠯ ᠤᠨ ᠪᠠᠶᠢᠭᠠᠯᠢ ᠶᠢᠨ ᠲᠠᠯ᠎ᠠ ᠨᠤᠲᠤᠭ ᠤᠨ ᠥᠩᠭᠡ ᠦᠵᠡᠮᠵᠢ ᠶᠢ ᠣᠶᠢᠯᠠᠭᠠᠵᠤ ᠪᠣᠯᠤᠨ᠎ᠠ᠃ ᠶᠡᠭᠡ ᠬᠢᠩᠭᠠᠨ | ᠳᠠᠪᠠᠭ᠎ᠠ ᠪᠣᠯ ᠳᠤᠮᠳᠠᠳᠤ ᠤᠯᠤᠰ ᠤᠨ ᠬᠠᠮᠤᠭ ᠤᠨ ᠶᠡᠭᠡ ᠲᠠᠯᠠᠪᠠᠢ ᠲᠠᠢ ᠡᠷᠲᠡᠨ ᠤ ᠰᠢᠭᠤᠶᠢᠲᠤ ᠤᠷᠤᠨ ᠪᠠᠶᠢᠵᠤ᠂ | 2200 ᠭᠠᠷᠤᠶ ᠲᠥᠷᠥᠯ ᠤᠨ ᠬᠡᠭᠡᠷ᠎ᠡ ᠶᠢᠨ ᠠᠮᠢᠲᠠᠨ ᠤᠷᠭᠤᠮᠠᠯ ᠲᠠᠢ᠃ ᠷᠠᠰᠢᠶᠠᠨ ᠤ ᠳᠡᠯᠡᠬᠡᠶ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠦᠵᠡᠮᠵᠢ ᠨᠢ ᠵᠢᠷᠤᠭ ᠮᠡᠲᠦ᠂ ᠠᠽᠢᠶ᠎ᠠ ᠲᠢᠪ ᠤᠨ ᠬᠠᠮᠤᠭ ᠤᠨ ᠪᠦᠷᠢᠨ ᠪᠦᠲᠦᠨ᠂ | ᠬᠠᠮᠤᠭ ᠤᠨ ᠶᠡᠭᠡ ᠲᠠᠯᠠᠪᠠᠢ ᠲᠠᠢ ᠭᠠᠯᠲᠤ ᠠᠭᠤᠯᠠ ᠨᠤᠭᠤᠳ ᠲᠠᠢ᠃ ᠬᠡᠰᠢᠭᠲᠡᠨ ᠤ ᠳᠡᠯᠡᠬᠡᠶ ᠶᠢᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠠᠮᠢ ᠠᠬᠤᠢ ᠶᠢᠨ ᠲᠥᠷᠥᠯ ᠬᠡᠯᠪᠡᠷᠢ ᠣᠯᠠᠨ ᠶᠠᠩᠵᠤ ᠶᠢᠨ ᠪᠠᠶᠢᠵᠤ᠂ | ᠮᠥᠰᠥᠲᠦᠯᠭᠡ ᠶᠢᠨ ᠴᠢᠯᠠᠭᠤᠨ ᠣᠶ᠂ ᠮᠥᠰᠥᠲᠦᠯᠭᠡ ᠶᠢᠨ ᠴᠢᠯᠠᠭᠤᠨ ᠠᠷᠠᠭ᠎ᠠ ᠨᠤᠭᠤᠳ ᠵᠡᠷᠭᠡ ᠲᠤᠩ ᠣᠯᠠᠨ | ᠳᠦᠷᠪᠡᠳᠡᠭᠴᠢ ᠭᠠᠯᠪᠠ ᠶᠢᠨ ᠮᠥᠰᠥᠲᠦᠯᠭᠡ ᠶᠢᠨ ᠦᠯᠡᠳᠡᠭᠳᠡᠯ ᠪᠠᠶᠢᠵᠤ᠂ ᠳᠤᠮᠳᠠᠳᠤ ᠤᠯᠤᠰ ᠤᠨ ᠤᠮᠠᠷᠠᠲᠤ | ᠬᠡᠰᠡᠭ ᠤᠨ ᠣᠷᠴᠢᠨ ᠲᠣᠭᠤᠷᠢᠨ ᠤ ᠬᠤᠪᠢᠷᠠᠯᠲᠠ ᠶᠢᠨ ᠪᠠᠶᠢᠭᠠᠯᠢ ᠶᠢᠨ ᠮᠦᠽᠧᠶ ᠪᠣᠯᠤᠨ᠎ᠠ᠃ ᠠᠯᠠᠱᠠ ᠶᠢᠨ ᠡᠯᠡᠰᠦᠨ | ᠴᠦᠯ ᠤᠨ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠤᠯ ᠳᠡᠯᠡᠬᠡᠶ ᠶᠢᠨ ᠴᠤᠷ ᠤᠨ ᠭᠠᠭᠴᠠ ᠡᠯᠡᠰᠦᠨ | ᠴᠥᠯ ᠢᠶᠠᠷ ᠭᠤᠤᠯ ᠴᠣᠭᠴᠠ ᠪᠣᠯᠭᠠᠭᠰᠠᠨ ᠭᠠᠵᠠᠷ ᠰᠢᠨᠵᠢᠯᠡᠭᠡᠨ ᠤ ᠴᠡᠴᠡᠷᠯᠢᠭ ᠪᠤᠯᠤᠨ᠎ᠠ᠂ ᠳᠤᠮᠳᠠᠳᠤ ᠤᠯᠤᠰ ᠤᠨ | ᠲᠠᠩ ᠤᠯᠤᠰ ᠤᠨ ᠦᠶ᠎ᠡ ᠶᠢᠨ ᠶᠡᠭᠡ ᠰᠢᠯᠦᠭᠴᠢ ᠸᠠᠩ ᠸᠧᠶ ᠶᠢᠨ ᠠᠯᠳᠠᠷᠲᠤ ᠰᠢᠯᠦᠭ ᠤᠨ《 ᠦᠷᠭᠡᠨ ᠴᠦᠯ ᠤᠨ | ᠦᠨᠦᠴᠢᠨ ᠤᠲᠤᠭ᠎ᠠ ᠡᠭᠴᠡᠬᠡᠨ᠂ ᠣᠷᠳᠣ ᠭᠤᠤᠯ ᠤᠨ ᠤᠨᠠᠬᠤ ᠨᠠᠷᠠ ᠲᠦᠭᠦᠷᠢᠭᠬᠡᠨ 》ᠭᠡᠳᠡᠭ ᠦᠭᠡ ᠨᠢ ᠳᠠᠷᠤᠶ | ᠠᠳᠡᠬᠢ ᠥᠩᠭᠡ ᠦᠵᠡᠮᠵᠢ ᠶᠢ ᠵᠢᠷᠤᠭᠯᠠᠭᠰᠠᠨ ᠶᠤᠮ᠃ ᠪᠠᠳᠠᠢ ᠶᠢᠨ ᠵᠢᠷᠠᠨ ᠤ ᠡᠯᠡᠰᠦᠨ ᠴᠦᠯ ᠤᠨ ᠭᠤᠶᠢᠳᠠ | ᠰᠠᠶᠢᠬᠠᠨ ᠠᠯᠲᠠᠨ ᠰᠢᠷᠭᠠᠯ ᠪᠣᠷᠣ ᠲᠥᠯᠥᠪ ᠢ ᠳᠤᠮᠳᠠᠳᠤ ᠤᠯᠤᠰ ᠤᠨ ᠭᠠᠵᠠᠷ ᠵᠦᠢ ᠶᠢᠨ ᠰᠡᠳᠬᠦᠯ ᠳᠤ ︽ | ᠬᠤᠷᠮᠤᠰᠲᠠ ᠶᠢᠨ ᠵᠢᠷᠤᠭᠰᠠᠨ ᠬᠤᠪᠤᠷ ᠦᠵᠡᠮᠵᠢ︾ ᠬᠡᠮᠡᠵᠡᠢ᠃ | | | | | ᠥᠩᠭᠡ ᠢᠯᠭᠠᠷᠠᠮ᠎ᠠ ᠦᠨᠳᠦᠰᠦᠲᠡᠨ ᠤ ᠬᠤᠪᠴᠠᠰᠤ ᠵᠠᠰᠠᠯ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠵᠢᠷᠤᠭ ᠢ ᠬᠠᠩᠭᠠᠪᠠ | | ᠦᠨᠳᠦᠰᠦᠲᠡᠨ ᠤ ᠵᠠᠩ ᠠᠭᠠᠯᠢ ᠲᠠᠨ ᠢ ᠤᠷᠢᠵᠤ ᠪᠠᠶᠢᠨ᠎ᠠ ᠄ | | ᠡᠨᠡ ᠪᠣᠯ ᠤᠮᠠᠷᠠᠲᠤ ᠣᠷᠣᠨ ᠤ ᠨᠡᠭᠦᠳᠡᠯ ᠰᠣᠶᠣᠯ ᠤᠨ ᠥᠯᠥᠭᠡᠶ ᠪᠣᠯᠤᠨ᠎ᠠ᠂ ᠬᠡᠳᠦᠨ ᠮᠢᠩᠭᠠᠨ ᠵᠢᠯ ᠤᠨ | ᠲᠤᠷᠰᠢ ᠠᠳᠡ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠰᠠᠶᠢᠨ ᠰᠠᠶᠢᠬᠠᠨ ᠠᠮᠢᠳᠤᠷᠠᠯ ᠤᠨ ᠭᠡᠷ ᠣᠷᠣᠨ ᠢᠶᠠᠨ | ᠬᠠᠮᠲᠤᠪᠠᠷ ᠴᠣᠭᠴᠠᠯᠠᠨ ᠪᠠᠶᠢᠭᠤᠯᠵᠤ᠂ ᠲᠠᠯ᠎ᠠ ᠨᠤᠲᠤᠭ ᠤᠨ ᠭᠡᠷᠡᠯ ᠰᠠᠴᠤᠷᠠᠩᠭᠤᠶ ᠰᠣᠶᠣᠯ ᠢ ᠡᠭᠦᠳᠦᠨ ᠪᠦᠲᠦᠭᠡᠭᠰᠡᠨ | ᠪᠠᠶᠢᠨ᠎ᠠ᠃ ︽ᠵᠠᠩᠭᠠᠷ︾᠂ ︽ᠭᠡᠰᠡᠷ︾᠂ ︽ᠮᠣᠩᠭᠤᠯ ᠤᠨ ᠨᠢᠭᠤᠴᠠ ᠲᠣᠪᠴᠢᠶᠠᠨ︾ ᠵᠡᠷᠭᠡ ᠡᠷᠲᠡᠨ ᠤ | ᠰᠣᠩᠭᠤᠳᠠᠭ ᠤᠳᠬ᠎ᠠ ᠵᠤᠬᠢᠶᠠᠯ ᠨᠢ ᠬᠥᠮᠦᠨ ᠲᠥᠷᠥᠯᠬᠢᠲᠡᠨ ᠤ ᠬᠠᠮᠲᠤ ᠶᠢᠨ ᠤᠶᠤᠨ ᠰᠠᠨᠠᠭᠠᠨ ᠤ ᠡᠳ᠋ ᠪᠠᠶᠠᠯᠢᠭ | ᠮᠥᠨ᠃ ᠳᠡᠯᠡᠬᠡᠢ ᠶᠢᠨ ᠰᠣᠶᠣᠯ ᠤᠨ ᠥᠪ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠩᠭᠡᠷᠡᠭᠰᠡᠨ ᠤ | ᠬᠦᠭᠵᠢᠯ ᠪᠠᠳᠠᠷᠠᠯ ᠢ ᠢᠲ᠋ᠠᠯᠢ ᠶᠢᠨ ᠵᠢᠭᠤᠯᠴᠢᠨ ᠮᠠᠷᠺᠤ ᠫᠤᠯᠤ ᠲᠡᠮᠲᠡᠭᠯᠡᠨ ᠪᠢᠴᠢᠭᠰᠡᠨ ᠪᠠᠶᠢᠳᠠᠭ᠃ ᠮᠣᠩᠭᠤᠯ | ᠦᠨᠳᠦᠰᠦᠲᠡᠨ ᠤ ᠤᠷᠲᠤ ᠶᠢᠨ ᠳᠠᠭᠤᠤ ᠶᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠦᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠠᠴᠠ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠭᠴᠢ ᠪᠦᠲᠦᠭᠡᠯ ᠢᠶᠠᠷ ᠦᠨᠡᠯᠡᠪᠡ᠃ | | | | | ᠬᠢᠯᠢ ᠶᠢᠨ ᠵᠢᠵᠢᠭ ᠪᠠᠯᠭᠠᠰᠤ ᠱᠢᠸᠧᠢ ᠶᠢᠨ ᠥᠩᠭᠡ ᠦᠵᠡᠮᠵᠢ ᠨᠢ ᠭᠤᠶᠣ ᠲᠠᠭᠠᠯᠠᠮᠵᠢᠲᠠᠢ᠂ ᠦᠨᠢᠷ ᠴᠡᠴᠡᠭ | ᠨᠢ ᠭᠤᠸ᠎ᠠ ᠦᠵᠡᠮᠵᠢᠲᠡᠢ᠃ ᠸᠠᠩ ᠾᠦᠢ ᠰᠡᠭᠦᠳᠡᠷᠯᠡᠪᠡ | | ᠬᠢᠯᠢ ᠬᠢᠵᠠᠭᠠᠷ ᠤᠨ ᠵᠠᠩ ᠠᠭᠠᠯᠢ ᠲᠠᠨ ᠢ ᠤᠷᠢᠵᠤ ᠪᠠᠶᠢᠨ᠎ᠠ ᠄ | | ᠳᠤᠮᠳᠠᠳᠤ ᠣᠷᠣᠰ ᠮᠣᠩᠭᠤᠯ ᠤᠨ ᠬᠢᠯᠢ ᠶᠢᠨ ᠱᠤᠭᠤᠮ ᠳᠡᠭᠡᠷ᠎ᠡ ᠮᠠᠨᠵᠤᠤᠷ᠂ ᠡᠷᠢᠶᠡᠨ ᠬᠤᠲᠠ᠂ ᠷᠠᠰᠢᠶᠠᠨ᠂ | ᠡᠷᠭᠦᠨ᠎ᠡ᠂ ᠳᠠᠷᠬᠠᠨ ᠮᠤᠤᠮᠢᠩᠭᠠᠨ ᠬᠤᠰᠢᠭᠤ ᠵᠡᠷᠭᠡ ᠬᠢᠯᠢ ᠶᠢᠨ ᠬᠡᠪ ᠨᠠᠮᠪᠠ ᠲᠠᠢ 17 ᠵᠢᠵᠢᠭ ᠪᠠᠯᠭᠠᠰᠤ ᠪᠠᠶᠢᠨ᠎ᠠ᠃ | ᠵᠡᠭᠦᠨᠲᠡᠬᠢ ᠱᠢᠸᠧᠢ ᠪᠤᠯ ᠠᠭᠤᠯᠠ ᠶᠢ ᠲᠦᠰᠢᠵᠦ ᠤᠰᠤ ᠶᠢ ᠬᠠᠪᠢᠳᠠᠨ᠂ ᠶᠡᠭᠡ ᠬᠢᠩᠭᠠᠨ ᠳᠠᠪᠠᠭᠠᠨ ᠤ ᠠᠷᠤ ᠬᠤᠷᠮᠣᠶ | ᠶᠢ ᠡᠮᠵᠢᠶᠡᠷᠯᠡᠵᠦ᠂ ᠡᠷᠭᠦᠨ᠎ᠡ ᠭᠤᠣᠯ ᠤᠨ ᠬᠥᠪᠡᠭᠡᠨ ᠠᠴᠠ ᠣᠷᠣᠰ ᠤᠨ ᠵᠢᠵᠢᠭ ᠪᠠᠯᠭᠠᠰᠤ ᠣᠯᠣᠭᠤᠴᠢ ᠲᠠᠢ ᠭᠤᠣᠯ | ᠠᠯᠤᠰᠯᠠᠨ ᠨᠢᠭᠤᠷ ᠨᠢᠭᠤᠷ ᠢᠶᠠᠨ ᠪᠠᠷᠠᠯᠠᠭᠰᠠᠨ᠂ ᠮᠠᠨ ᠤ ᠤᠯᠤᠰ ᠤᠨ ᠲᠤᠭ᠎ᠠ ᠲᠠᠢ ᠬᠡᠳᠦᠬᠡᠨ ᠣᠷᠣᠰ | ᠦᠨᠳᠦᠰᠦᠲᠡᠨ ᠤ ᠦᠨᠳᠦᠰᠦᠲᠡᠨ ᠤ ᠰᠢᠶᠠᠩ ᠪᠠᠶᠢᠳᠠᠭ᠃ ᠲᠡᠷᠡ ᠬᠦ ᠪᠤᠶᠢᠳᠠ ᠪᠥᠭᠯᠡᠭᠦᠤ ᠪᠥᠭᠡᠳ ᠥᠪᠡᠷᠮᠢᠴᠡ | ᠣᠨᠴᠠᠯᠢᠭ ᠲᠠᠢ ᠳᠤᠮᠳᠠᠳᠤ ᠣᠷᠣᠰ ᠤᠨ ᠵᠠᠩ ᠳᠠᠳᠬᠠᠯ ᠬᠠᠮᠲᠤ ᠤᠷᠤᠰᠢᠭᠰᠠᠨ ᠵᠢᠵᠢᠭ ᠪᠠᠯᠭᠠᠰᠤᠨ ᠤ ᠬᠠᠶᠢᠷ᠎ᠠ | ᠰᠡᠳᠬᠢᠯᠭᠡ ᠨᠢ ᠵᠢᠭᠤᠯᠴᠢᠯᠠᠭᠴᠢᠳ ᠲᠤ ᠲᠠᠭᠠᠰᠢᠶᠠᠭᠳᠠᠳᠠᠭ ᠶᠤᠮ᠃ | | ᠥᠪᠥᠷ ᠮᠣᠩᠭᠤᠯ ᠤᠨ ᠦᠨᠦᠷ ᠠᠮᠲᠠ ᠲᠠᠨ ᠢ ᠤᠷᠢᠵᠤ ᠪᠠᠶᠢᠨ᠎ᠠ᠄ | | ᠥᠪᠥᠷ ᠮᠣᠩᠭᠤᠯ ᠤᠨ 12 ᠠᠶᠢᠮᠠᠭ ᠬᠤᠲᠠ ᠥᠪᠡᠷ ᠥᠪᠡᠷ ᠤᠨ ᠣᠨᠴᠠᠯᠢᠭ ᠪᠦᠬᠦᠢ ᠠᠮᠲᠠᠲᠤ ᠢᠳᠡᠭᠡᠨ ᠤ | ᠵᠢᠭᠤᠯᠴᠢᠯᠠᠯ ᠤᠨ ᠪᠦᠲᠦᠭᠡᠭᠳᠡᠬᠦᠨ ᠢᠶᠠᠨ ᠭᠠᠷᠭᠠᠵᠤ᠂ ᠥᠪᠡᠷᠮᠢᠴᠡ ᠲᠠᠲᠠᠬᠤ ᠬᠦᠴᠦᠨ ᠲᠠᠢ ︽ᠥᠪᠥᠷ ᠮᠣᠩᠭᠤᠯ ᠤᠨ | ᠦᠨᠦᠷ ᠠᠮᠲᠠ︾ ᠶᠢᠨ ᠪᠦᠲᠦᠭᠡᠭᠳᠡᠬᠦᠨ ᠪᠠ ᠵᠢᠭᠤᠯᠴᠢᠯᠠᠯ ᠤᠨ ᠵᠠᠮ ᠱᠤᠭᠤᠮᠲ᠋ᠠᠢ ᠪᠣᠯᠵᠤ᠂ ᠠᠮᠲᠠᠲᠤ ᠢᠳᠡᠭᠡᠨ ᠢᠶᠠᠷ | ᠭᠤᠤᠯ ᠪᠣᠯᠭᠠᠭᠰᠠᠨ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠳᠭᠦᠨ ᠤ ᠡᠵᠡᠩᠨᠡᠯᠲᠡ ᠶᠢᠨ ᠬᠡᠯᠪᠡᠷᠢ ᠶᠢ ᠠᠩᠬ᠎ᠠ | ᠠᠯᠬᠤᠮ ᠪᠦᠷᠢᠯᠳᠦᠭᠦᠯᠵᠦ ᠪᠤᠢ᠃ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠤᠨ ᠬᠠᠭᠤᠴᠢᠨ ᠪᠠᠷᠭᠤ ᠶᠢᠨ | ᠡᠪᠦᠯ ᠤᠨ ᠨᠠᠭᠠᠳᠤᠮ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠢᠷᠤᠭ ᠢ | ᠬᠠᠩᠭᠠᠪᠠ | | ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠲᠠᠨ ᠢ ᠤᠷᠢᠵᠤ ᠪᠠᠶᠢᠨ᠎ᠠ ᠄ | | ︽ᠪᠠᠶᠢᠭᠠᠯᠢ ᠶᠢᠨ ᠶᠡᠭᠡ ᠴᠠᠰᠤ ᠮᠥᠰᠥ ᠪᠢᠯᠬᠠᠮ᠎ᠠ ᠰᠡᠳᠭᠢᠯᠲᠦ ᠥᠪᠥᠷ ᠮᠣᠩᠭᠤᠯ︾ ᠡᠪᠦᠯ ᠤᠨ | ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠪᠠ ᠵᠠᠮ ᠱᠤᠭᠤᠮ ᠴᠣ᠋ ᠰᠢᠨ᠎ᠡ ᠳᠡᠰ ᠳᠡᠪᠰᠢᠵᠦ᠂ ︽ᠮᠥᠰᠥ | ᠴᠠᠰᠤᠨ ᠤ ᠲᠩᠷᠢ ᠶᠢᠨ ᠵᠠᠮ︾ ᠤᠨ ᠵᠢᠭᠤᠯᠴᠢᠯᠠᠯ ᠤᠨ ᠣᠷᠣᠨ᠂ ᠪᠡᠭᠡᠵᠢᠩ ᠲᠢᠶᠠᠨᠵᠢᠨ ᠾᠧᠪᠧᠶ ᠶᠢ ᠲᠤᠭᠤᠷᠢᠭᠰᠠᠨ | ᠮᠥᠰᠥ ᠴᠠᠰᠤᠨ ᠤ ᠵᠢᠭᠤᠯᠴᠢᠯᠠᠯ ᠤᠨ ᠣᠷᠣᠨ᠂ ᠣᠳᠣ ᠦᠶ᠎ᠡ ᠶᠢᠨ ᠲᠠᠯ᠎ᠠ ᠨᠤᠲᠤᠭ ᠤᠨ ᠮᠥᠰᠥ ᠴᠠᠰᠤᠨ ᠤ | ᠵᠢᠭᠤᠯᠴᠢᠯᠠᠯ ᠤᠨ ᠣᠷᠣᠨ᠂ ᠰᠡᠳᠭᠢᠯ ᠳᠤ ᠲᠠᠭᠠᠯᠠᠮᠵᠢᠲᠠᠢ ᠡᠯᠡᠰᠦᠨ ᠴᠥᠯ ᠤᠨ ᠮᠥᠰᠥ ᠴᠠᠰᠤᠨ ᠤ ᠵᠢᠭᠤᠯᠴᠢᠯᠠᠯ ᠤᠨ | ᠣᠷᠣᠨ ᠢᠶᠠᠷ ᠲᠥᠯᠥᠭᠡᠯᠡᠭᠦᠯᠦᠭᠰᠡᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠣᠨᠴᠠᠯᠢᠭᠲᠤ ᠣᠷᠣᠨ ᠪᠦᠰᠡ ᠠᠩᠬ᠎ᠠ | ᠠᠯᠬᠤᠮ ᠪᠦᠷᠢᠯᠳᠦᠪᠡ᠃ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠨᠠᠭᠠᠳᠤᠮ᠂ ᠬᠥᠯᠥᠨ ᠪᠤᠶᠢᠷ ᠤᠨ | ᠠᠩᠬᠠᠨ ᠤ ᠴᠠᠰᠤᠨ ᠤ ᠨᠠᠶᠢᠷ᠂ ᠷᠠᠰᠢᠶᠠᠨ ᠤ ᠮᠥᠰᠥ ᠴᠠᠰᠤᠨ ᠤ ᠨᠠᠶᠢᠷ᠂ ᠳᠠᠭ᠎ᠠ ᠶᠢᠨ ᠨᠠᠭᠤᠷ ᠤᠨ ᠬᠠᠯᠠᠭᠤᠨ | ᠷᠠᠰᠢᠶᠠᠨ ᠤ ᠮᠦᠰᠦ ᠴᠠᠰᠤᠨ ᠤ ᠨᠠᠶᠢᠷ᠂ ᠮᠠᠨᠵᠤᠤᠷ ᠤᠨ ᠤᠯᠠᠨ ᠤᠯᠤᠰ ᠤᠨ ᠮᠥᠰᠥ ᠴᠠᠰᠤᠨ ᠤ ᠨᠠᠶᠢᠷ ᠵᠡᠷᠭᠡ | ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠪᠣᠯᠤᠨ ᠡᠪᠦᠯ ᠤᠨ ᠤᠯᠠᠷᠢᠯ ᠤᠨ ᠲᠡᠮᠡᠭᠡ ᠤᠷᠤᠯᠳᠤᠬᠤ᠂ | ᠮᠣᠷᠢ ᠤᠷᠤᠯᠳᠤᠬᠤ᠂ ᠲᠡᠮᠡᠭᠡ ᠰᠣᠨᠢᠷᠬᠠᠬᠤ᠂ ᠠᠷᠠᠳ ᠤᠨ ᠵᠠᠩ ᠦᠢᠯᠡ ᠦᠵᠡᠬᠦ ᠵᠡᠷᠭᠡ ᠰᠢᠷᠢᠰ ᠠᠵᠢᠯᠯᠠᠭ᠎ᠠ ᠨᠢ | ᠡᠪᠦᠯ ᠤᠨ ᠤᠯᠠᠷᠢᠯ ᠤᠨ ᠵᠢᠭᠤᠯᠴᠢᠯᠠᠯ ᠳᠤ ᠭᠡᠷᠡᠯ ᠭᠢᠯᠪᠠᠭ᠎ᠠ ᠨᠡᠮᠡᠷᠢᠯᠡᠵᠦ ᠪᠠᠶᠢᠳᠠᠭ᠃ | | | ᠬᠠᠷᠠᠭᠠᠯᠵᠠᠯᠲᠤ ᠲᠦᠷᠦ ᠶᠢᠨ ᠪᠤᠳᠤᠯᠭ᠎ᠠ ᠲᠠᠨ ᠢ ᠤᠷᠢᠵᠤ ᠪᠠᠶᠢᠨ᠎ᠠ᠄ ᠲᠠ ᠪᠦᠯᠬᠦᠮ ᠵᠣᠬᠢᠶᠠᠨ ᠪᠠᠶᠢᠭᠤᠯᠵᠤ | ᠥᠪᠥᠷ ᠮᠣᠩᠭᠤᠯ ᠳᠤ ᠵᠢᠭᠤᠯᠴᠢᠯᠠᠬᠤ ᠪᠠᠷ ᠢᠷᠡᠭᠡᠷᠡᠢ᠂ ᠪᠢ ᠲᠣᠭᠠᠴᠠᠭ᠎ᠠ ᠶᠢ ᠨᠢ ᠬᠢᠶ᠎ᠡ᠃ | | 7 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠵᠢᠭ ᠤᠨ ᠪᠠᠶᠢᠳᠠᠯ ᠤᠨ | ᠨᠥᠯᠥᠭᠡ ᠶᠢ ᠢᠯᠠᠨ ᠳᠠᠪᠠᠵᠤ ᠰᠡᠷᠭᠦᠭᠡᠨ ᠬᠥᠭᠵᠢᠭᠦᠯᠬᠦ ᠶᠢ ᠲᠦᠷᠭᠡᠳᠬᠡᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ | ᠳᠠᠷᠤᠮᠠᠯᠯᠠᠨ ᠲᠠᠷᠬᠠᠭᠠᠪᠠ᠃ ᠡᠨᠡ ᠵᠢᠯ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠵᠠᠰᠠᠬᠤ ᠳᠤ ᠣᠷᠣᠯᠴᠠᠭᠰᠠᠨ ᠡᠮᠨᠡᠯᠭᠡ ᠶᠢᠨ ᠠᠵᠢᠯᠲᠠᠨ ᠠᠴᠠ A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠡᠭᠦᠳᠡᠨ ᠪᠢᠯᠧᠲ ᠢ ᠴᠥᠮ ᠬᠤᠷᠢᠶᠠᠬᠤ ᠥᠬᠡᠶ︔ ᠳᠡᠭᠡᠳᠦ ᠰᠤᠷᠭᠠᠭᠤᠯᠢ ᠪᠠ ᠳᠤᠮᠳᠠᠳᠤ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠳᠤᠮᠳᠠᠳᠤ ᠰᠤᠷᠭᠠᠭᠤᠯᠢ ᠶᠢᠨ | ᠰᠣᠷᠣᠭᠴᠢ ᠠᠴᠠ ᠴᠥᠮ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠬᠤᠷᠢᠶᠠᠬᠤ | ᠦᠭᠡᠢ︔ ᠵᠢᠭᠤᠯᠴᠢᠯᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠪᠦᠯᠬᠦᠮ ᠠᠴᠠ | ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠬᠤᠷᠢᠶᠠᠬᠤ ᠦᠭᠡᠢ᠃ | ᠡᠴᠦᠰ ᠲᠤ ᠨᠢ᠂ ᠪᠦᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠢ ᠥᠪᠥᠷ ᠮᠣᠩᠭᠤᠯ ᠳᠤ ᠮᠤᠷᠢᠯᠠᠨ | ᠰᠠᠭᠠᠲᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠂ ᠮᠣᠷᠢ ᠤᠨᠤᠵᠤ ᠲᠠᠯ᠎ᠠ ᠨᠤᠲᠤᠭ ᠢᠶᠠᠷ ᠲᠣᠭᠤᠷᠢᠵᠤ᠂ | ᠳᠠᠭᠤᠤ ᠬᠦᠭᠵᠢᠮ ᠰᠣᠨᠣᠰᠴᠤ ᠦᠵᠡᠮᠵᠢ ᠰᠤᠨᠢᠷᠬᠠᠭᠠᠷᠠᠢ᠃ | |