ᠯᠢ ᠯᠢ ᠪᠡᠭᠡᠵᠢᠩ ᠤᠨ ᠲᠣᠭᠯᠠᠯᠲᠠ ᠶᠢᠨ ᠤᠷᠠᠯᠢᠭ ᠤᠨ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/1/12
     1 ᠳ᠋ᠦ᠋ᠭᠡᠷ ᠰᠠᠷ᠎ᠠ ᠶᠢᠨ 5   ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ  ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ ᠨᠡᠷ ᠪᠡᠭᠡᠵᠢᠩ ᠤᠨ ᠲᠣᠭᠯᠠᠯᠲᠠ ᠶᠢᠨ ᠤᠷᠠᠯᠢᠭ ᠤᠨ ᠪᠦᠯᠦᠭᠯᠡᠯ ᠳᠤ ᠬᠦᠷᠴᠤ ᠪᠠᠶᠢᠴᠠᠭᠠᠨ ᠰᠤᠳᠤᠯᠤᠯᠲᠠ ᠬᠢᠪᠠ᠃ ᠪᠡᠭᠡᠵᠢᠩ ᠤᠨ ᠲᠣᠭᠯᠠᠯᠲᠠ ᠶᠢᠨ ᠤᠷᠠᠯᠢᠭ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠤᠤ ᠵᠢᠶᠠ ᠴᠧᠨ ᠪᠠᠷ᠎ᠠ ᠪᠤᠯᠵᠦ ᠬᠡᠯᠡᠯᠴᠡᠭᠡ ᠬᠢᠵᠦ᠂ ᠶᠠᠷᠢᠯᠴᠠᠬᠤ ᠬᠤᠷᠠᠯ ᠢ ᠪᠡᠭᠡᠵᠢᠩ  ᠤᠨ ᠲᠣᠭᠯᠠᠯᠲᠠ ᠶᠢᠨ ᠤᠷᠠᠯᠢᠭ ᠤᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠳ᠋ᠦᠩ ᠨᠢᠩ ᠡᠷᠬᠢᠯᠡᠪᠡ᠃
     ᠬᠤᠶᠠᠷ ᠲᠠᠯ᠎ᠠ ᠪᠠᠷ ᠢᠶᠠᠨ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ᠂ ᠬᠦᠷᠢᠶᠡᠯᠡᠩ ᠪᠦᠯᠬᠦᠮ ᠤᠨ ᠬᠠᠮᠢᠶᠠᠷᠤᠯᠲᠠ᠂ ᠤᠷᠠᠯᠢᠭ ᠤᠨ ᠵᠣᠬᠢᠶᠠᠨ ᠪᠦᠲᠦᠭᠡᠯᠭᠡ᠂ ᠠᠷᠠᠳ ᠤᠨ ᠲᠥᠯᠥᠭᠡ ᠲᠣᠭᠯᠠᠯᠲᠠ ᠭᠠᠷᠭᠠᠬᠤ᠂ ᠴᠢᠳᠠᠪᠤᠷᠢᠲᠠᠨ ᠤ ᠪᠠᠶᠢᠭᠤᠯᠤᠯᠲᠠ ᠪᠣᠯᠤᠨ ᠲᠦᠷᠢᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠶᠠᠷᠢᠯᠴᠠᠨ ᠰᠠᠨᠠᠯ ᠢᠶᠠᠨ ᠰᠣᠯᠢᠯᠴᠠᠪᠠ᠃      ᠯᠢ ᠯᠢ᠂ ᠬᠤᠶᠠᠷ ᠨᠢᠭᠡᠴᠢ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠥᠭᠡᠷᠡᠴᠢᠯᠡᠯᠲᠡ ᠶᠢᠨ ᠰᠡᠳᠬᠢᠮᠵᠢ  ᠶᠢᠨ ᠲᠠᠯ᠎ᠠ ᠪᠠᠷ ᠮᠠᠰᠢ ᠣᠯᠠᠨ ᠠᠳᠠᠯᠢᠪᠲᠤᠷ ᠲᠠᠯ᠎ᠠ ᠲᠠᠢ᠂ ᠲᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠪᠠᠷ ᠢᠶᠠᠨ ᠵᠦᠴᠦᠭᠡ ᠶᠢᠨ ᠪᠦᠲᠦᠭᠡᠯ  ᠵᠣᠬᠢᠶᠠᠨ ᠪᠦᠲᠦᠭᠡᠬᠦ᠂ ᠲᠣᠭᠯᠠᠯᠲᠠ ᠶᠢᠨ ᠲᠡᠯᠭᠡᠷᠡᠭᠦᠯᠦᠯᠲᠡ᠂ ᠵᠦᠴᠦᠭᠡ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠲᠠᠯ᠎ᠠ ᠪᠠᠷ ᠭᠦᠨᠵᠡᠭᠡᠶ ᠬᠠᠮᠲᠤᠷᠠᠯᠴᠠᠬᠤ ᠶᠢ ᠬᠦᠰᠡᠵᠦ ᠪᠠᠶᠢᠨ᠎ᠠ ᠭᠡᠵᠦ ᠢᠯᠡᠷᠭᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号