ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2021/1/12
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠣᠰᠣᠭᠠᠷ᠂ 2020 ᠣᠨ ᠤ 12 ᠳ᠋ᠤᠭᠠᠷ ᠰᠠᠷ᠎ᠠ ᠶᠢᠨ 30  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠶᠤᠸᠠᠨ ᠿᠦᠢ ᠰᠢᠶᠠᠨ ᠨᠥᠬᠦᠷ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠩ ᠳ᠋ᠦᠩ ᠪᠥᠸᠧ ᠳᠤ ᠬᠠᠷᠢᠭᠤ ᠲᠤᠰᠬᠠᠬᠤ ᠬᠤᠷᠠᠯ ᠢ ᠡᠷᠬᠢᠯᠡᠵᠦ ᠬᠤᠷᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ  ᠤᠨ ᠨᠠᠮ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠳᠤ ᠣᠷᠣᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠪᠠ᠃ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠨᠥᠬᠦᠷ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠨ ᠵᠢᠶᠠᠨ ᠵᠢᠶᠦ᠋ᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠡᠮᠦᠨ᠎ᠡ ᠠᠴᠠ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠧᠩ ᠳ᠋ᠦᠩ ᠪᠥᠸᠧ ᠤᠳᠤᠷᠢᠳᠬᠤ ᠪᠠᠭ  ᠲᠤ ᠬᠠᠷᠢᠭᠤ ᠲᠤᠰᠬᠠᠬᠤ ᠬᠤᠷᠠᠯ ᠢ ᠡᠷᠬᠢᠯᠡᠭᠰᠡᠨ ᠪᠥᠭᠡᠳ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠪᠡ᠃
    ᠯᠢᠨ ᠵᠢᠶᠠᠨ ᠵᠢᠶᠦ᠋ᠨ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠳᠤ ᠪᠠᠨ᠂ ᠣᠶᠢᠷ᠎ᠠ  ᠶᠢᠨ ᠵᠢᠯ ᠠᠴᠠ ᠨᠠᠭᠠᠰᠢ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠠᠨ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠣᠪᠣᠷ ᠨᠠᠩ ᠢᠳᠡᠪᠬᠢᠵᠢᠵᠦ᠂ ᠪᠥᠬᠦ ᠣᠷᠣᠨ ᠤ ᠰᠣᠶᠣᠯ ᠤᠨ ᠦᠶᠯᠡᠰ᠂ ᠰᠣᠶᠣᠯ ᠤᠨ ᠠᠵᠤ ᠦᠶᠯᠡᠰ ᠪᠠ ᠵᠢᠭᠤᠯᠴᠢᠯᠠᠯ ᠤᠨ ᠦᠶᠯᠡᠰ ᠠᠭᠤᠰᠤᠯᠴᠠᠨ ᠬᠥᠭᠵᠢᠬᠦ ᠶᠢ ᠠᠬᠢᠭᠤᠯᠬᠤ ᠭᠤᠤᠯ ᠡᠭᠦᠷᠭᠡ ᠴᠢᠳᠠᠪᠬᠢ ᠪᠠᠨ ᠦᠨᠡᠨᠴᠢ ᠪᠠᠷ ᠭᠦᠢᠴᠡᠳᠭᠡᠨ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭᠠᠲᠤ ᠤᠬᠠᠮᠰᠠᠷ ᠢᠶᠠᠨ ᠪᠦᠬᠦᠯᠢ ᠴᠣᠭᠴᠠ ᠪᠠᠷ ᠳᠡᠭᠡᠭᠰᠢᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠥᠭᠡᠳᠡᠯᠡᠨ ᠰᠠᠶᠢᠵᠢᠷᠠᠬᠤ ᠬᠠᠨᠳᠤᠰᠢ  ᠢᠯᠡᠷᠡᠨ᠂ ᠪᠠᠶᠢᠭᠤᠯᠭ᠎ᠠ  ᠶᠢᠨ ᠬᠡᠪ ᠰᠤᠷᠲᠠᠯ ᠪᠠ ᠠᠵᠢᠯ ᠤᠨ ᠠᠭᠤᠷ ᠠᠮᠢᠰᠬᠤᠯ ᠦᠷᠭᠦᠯᠵᠢᠯᠡᠨ ᠰᠠᠶᠢᠵᠢᠷᠠᠵᠤ᠂ ᠡᠯ᠎ᠡ ᠵᠦᠶᠯ ᠤᠨ ᠠᠵᠢᠯ ᠨᠢ ᠰᠢᠨ᠎ᠡ ᠢᠳᠡᠪᠬᠢᠲᠦ ᠠᠬᠢᠴᠠ ᠲᠠᠢ ᠪᠣᠯᠤᠭᠰᠠᠨ ᠪᠠᠶᠢᠨ᠎ᠠ᠃ ᠭᠡᠪᠡᠴᠦ ᠲᠣᠭᠤᠷᠢᠨ ᠪᠠᠶᠢᠴᠠᠭᠠᠯᠲᠠ ᠠᠴᠠ ᠦᠵᠡᠪᠡᠯ ᠪᠠᠰᠠ ᠨᠡᠯᠢᠶᠡᠳ ᠲᠤᠪᠤᠶᠢᠮ᠎ᠠ ᠠᠰᠠᠭᠤᠳᠠᠯ ᠤᠳ ᠣᠷᠣᠰᠢᠵᠤ ᠪᠠᠶᠢᠨ᠎ᠠ᠃ ᠭᠤᠤᠯᠳᠠᠭᠤ᠄ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠦᠶᠯᠡᠰ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠵᠥᠷᠢᠶ᠎ᠡ ᠲᠠᠢ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠳᠤ ᠳᠤᠲᠠᠭᠤᠳᠠᠯ ᠲᠠᠢ᠂ ᠤᠯᠠᠭᠠᠨᠮᠥ᠋ᠴᠢᠷ ᠤᠨ ᠦᠶᠯᠡᠰ ᠤᠨ ᠬᠥᠭᠵᠢᠯᠲᠡ ᠨᠢ ᠪᠠᠭᠤᠷᠠᠶ ᠲᠠᠯ᠎ᠠ ᠲᠠᠢ︔ ᠭᠤᠣᠯᠯᠠᠭᠴᠢ ᠡᠭᠦᠷᠭᠡ ᠴᠢᠳᠠᠪᠬᠢ ᠪᠠᠨ ᠭᠦᠢᠴᠡᠳᠬᠡᠭᠰᠡᠨ ᠨᠢ ᠠᠨᠠᠢ᠂ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠴᠥᠭᠡᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠨᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠨ᠎ᠠ︔ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠨᠢ ᠤᠳᠠᠭᠠᠨ᠂《ᠲᠠᠯᠪᠢᠬᠤ ᠬᠠᠮᠢᠶᠠᠷᠬᠤ ᠦᠶᠯᠡᠴᠢᠯᠡᠬᠦ 》 ᠶᠢ ᠬᠡᠷᠡᠭᠵᠢᠭᠦᠯᠦᠭᠰᠡᠨ ᠬᠦᠴᠦ ᠨᠢ ᠮᠠᠭᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠴᠢᠳᠠᠪᠬᠢ ᠶᠢᠨ ᠠᠭᠤᠰᠤᠯᠴᠠᠯ ᠨᠢ ᠱᠠᠭᠠᠷᠳᠠᠯᠭ᠎ᠠ ᠳᠤ ᠬᠦᠷᠦᠭᠰᠡᠨ ᠥᠬᠡᠶ︔ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠪᠠᠭᠤᠷᠠᠢ᠂ ᠭᠤᠣᠯᠳᠠᠯᠭ᠎ᠠ ᠲᠠᠢ ᠬᠦᠷᠢᠶᠡᠨ ᠳᠤ ᠬᠢ ᠬᠠᠮᠢᠶᠠᠷᠤᠯᠲᠠ ᠬᠢᠨᠠᠯᠲᠠ ᠰᠤᠯᠠ ᠬᠤᠭᠤᠰᠤᠨ᠂ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠲᠠ ᠳᠤ ᠳᠤᠲᠠᠭᠳᠠᠯ ᠰᠣᠭᠤᠭ ᠣᠷᠣᠰᠢᠵᠤ ᠪᠠᠶᠢᠨ᠎ᠠ︔ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ  ᠨᠠᠶᠢᠳᠠᠪᠤᠷᠢᠵᠢᠭᠤᠯᠤᠭᠰᠠᠨ ᠢᠶᠠᠷ ᠵᠦᠷᠢᠶᠡᠨ ᠲᠠᠢ᠂ ᠺᠠᠳ᠋ᠷ ᠤᠨ ᠰᠤᠩᠭᠤᠯᠲᠠ ᠲᠣᠮᠢᠯᠠᠯᠲᠠ ᠪᠠ ᠡᠩᠨᠡᠭᠡᠨ ᠤ ᠪᠠᠶᠢᠭᠤᠯᠤᠯᠲᠠ ᠳᠤ ᠳᠤᠲᠠᠭᠤᠳᠠᠯ ᠪᠤᠢ᠂ ᠨᠠᠮ ᠤᠨ ᠪᠠᠶᠢᠭᠤᠯᠤᠯᠲᠠ ᠶᠢᠨ ᠠᠵᠢᠯ ᠳᠤ ᠡᠮᠵᠡᠭ ᠲᠠᠢ ᠲᠠᠯ᠎ᠠ ᠪᠠᠶᠢᠨ᠎ᠠ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠳᠤᠭᠤᠶᠢᠯᠠᠩ ᠪᠠᠰᠠ ᠵᠠᠷᠢᠮ ᠤᠳᠤᠷᠢᠳᠬᠤ ᠺᠠᠳ᠋ᠷ ᠤᠨ ᠲᠤᠬᠠᠢ ᠲᠤᠰᠬᠠᠭᠰᠠᠨ ᠠᠰᠠᠭᠤᠳᠠᠯ ᠤᠨ ᠰᠦᠪᠡᠭᠴᠢ ᠶᠢ ᠣᠯᠤᠭᠠᠳ ᠨᠢᠭᠡᠨᠲᠡ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠡᠲᠡᠭᠡᠳ ᠲᠤ ᠰᠢᠢᠳᠪᠦᠷᠢᠯᠡᠲᠦᠭᠡᠢ ᠭᠡᠵᠦ ᠰᠢᠯᠵᠢᠭᠦᠯᠪᠡ᠃ ᠲᠣᠭᠤᠷᠢᠨ ᠪᠠᠶᠢᠴᠠᠭᠠᠳ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠳᠤᠭᠤᠶᠢᠯᠠᠩ ᠤᠨ ᠳᠠᠷᠤᠭ᠎ᠠ ᠯᠢᠨ ᠵᠢᠶᠠᠨ ᠵᠢᠶᠦ᠋ᠨ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃
     ᠶᠤᠸᠠᠨ ᠷᠦᠢ ᠰᠢᠶᠠᠨ ᠨᠥᠬᠦᠷ ᠶᠠᠷᠢᠶᠠᠨ ᠳᠤ ᠪᠠᠨ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠪᠠᠲᠤ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦᠴᠢ ᠴᠢᠨᠠᠷ ᠪᠠ ᠪᠦᠳᠦᠮᠵᠢᠳᠦ ᠴᠢᠨᠠᠷ ᠢᠶᠠᠨ ᠦᠨᠡᠨ ᠬᠦ ᠳᠡᠭᠡᠭᠰᠢᠯᠡᠭᠦᠯᠵᠦ᠂ ᠪᠦᠬᠦ ᠣᠷᠣᠨ ᠤ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠰᠢᠢᠳᠪᠦᠷᠢᠲᠦ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠡᠭᠦᠷᠭᠡ ᠴᠢᠳᠠᠪᠬᠢ᠂ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠠᠲᠤᠯᠠᠭ᠎ᠠ ᠳᠡᠭᠡᠷ᠎ᠡ ᠬᠦᠴᠦ ᠲᠠᠯᠪᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠡᠭᠡᠷ᠎ᠡ ᠰᠢᠪᠲᠤᠯᠤᠯᠲᠠ ᠭᠠᠷᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠠᠷᠢᠮᠲᠠᠯᠠᠬᠤ ᠳᠡᠭᠡᠷ᠎ᠡ ᠪᠣᠳᠠᠲᠤ ᠦᠷ᠎ᠡ ᠪᠦᠲᠦᠮᠵᠢ ᠭᠠᠷᠭᠠᠵᠤ᠂ ᠲᠤᠰ ᠨᠢᠭᠡᠴᠢ ᠲᠤᠰ ᠰᠢᠰᠲ᠋ᠧᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ  ᠶᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠪᠠ ᠳᠠᠷᠤᠢ ᠲᠦᠷᠭᠡᠨ ᠬᠡᠷᠡᠭᠵᠢᠭᠦᠯᠵᠦ ᠳᠠᠷᠤᠢ ᠲᠦᠷᠭᠡᠨ ᠰᠠᠶᠢᠵᠢᠷᠠᠭᠤᠯᠬᠤ ᠶᠢ ᠨᠢᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠳᠦᠷ ᠲᠤᠳᠤᠮ  ᠤᠨ ᠬᠢᠨᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠦᠬᠦᠨ ᠢ ᠦᠨᠡᠨ ᠬᠦ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠲᠤᠭᠤᠰᠢᠲᠠᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃
     ᠵᠧᠩ ᠳ᠋ᠦᠩ ᠪᠥᠸᠧ ᠣᠪᠣᠷ ᠢᠶᠠᠨ ᠢᠯᠡᠳᠬᠡᠬᠦ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ  ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠮᠠᠰᠢ ᠣᠨᠣᠪᠴᠢᠲᠠᠶ᠂ ᠭᠦᠨᠵᠡᠭᠡᠶ ᠮᠥᠷᠲᠡᠭᠡᠨ ᠵᠦᠢ ᠲᠠᠢ ᠪᠠᠶᠢᠵᠤ᠂  ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ  ᠨᠢ ᠪᠥᠬᠦ ᠲᠠᠯ᠎ᠠ ᠶᠢᠨ ᠪᠥᠭᠡᠳ ᠪᠤᠰᠤᠳᠴᠢ᠂ ᠲᠣᠳᠣᠷᠬᠠᠶ ᠪᠥᠭᠡᠳ ᠪᠣᠳᠠᠲᠠᠶ ᠪᠠᠶᠢᠵᠤ᠂ ᠰᠣᠶᠣᠯ ᠪᠠ ᠵᠢᠭᠤᠯᠴᠢᠯᠠᠯ  ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠪᠦᠬᠦᠨ ᠢ ᠦᠨᠡᠨᠴᠢ ᠪᠡᠷ‌‍ᠭᠥ᠋ᠯᠢᠶᠡᠨ ᠠᠪᠴᠤ᠂  ᠳᠠᠷᠤᠢ ᠲᠦᠷᠭᠡᠨ ᠬᠡᠷᠡᠭᠵᠢᠭᠦᠯᠵᠦ ᠳᠠᠷᠤᠢ ᠲᠦᠷᠭᠡᠨ ᠰᠠᠶᠢᠵᠢᠷᠠᠭᠤᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠤᠨ᠎ᠠ︔ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠨᠢᠭᠡᠳᠬᠡᠵᠦ᠂ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠵᠦᠶᠯ ᠵᠤᠷᠪᠤᠰ ᠳᠠᠷᠠᠭᠠᠯᠠᠨ ᠵᠠᠳᠠᠯᠤᠨ ᠰᠤᠳᠤᠯᠵᠤ᠂ ᠵᠠᠳᠠᠯᠤᠨ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠬᠦᠯᠦᠨ᠎ᠡ︔ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠢ ᠤᠶᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠪᠣᠯᠤᠨ 2021 ᠣᠨ ᠤ ᠰᠣᠶᠣᠯ ᠪᠠ ᠵᠢᠭᠤᠯᠴᠢᠯᠠᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠬᠢᠵᠢᠭᠦᠯᠵᠦ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠤᠭᠰᠠᠨ ᠬᠢᠷᠢ ᠪᠦᠲᠦᠮᠵᠢ ᠪᠣᠯᠤᠨ ᠬᠥᠭᠵᠢᠯᠲᠡ  ᠶᠢᠨ ᠠᠮᠵᠢᠯᠲᠠ ᠪᠦᠲᠦᠮᠵᠢ ᠶᠢ ᠴᠢᠷᠮᠠᠶᠢᠨ ᠲᠤᠰᠢᠶᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠰᠢᠯᠢᠳᠡᠭ ᠠᠮᠵᠢᠯᠲᠠ ᠪᠠᠷ  ᠢᠶᠠᠨ ᠤᠭᠲᠤᠬᠤ ᠪᠠᠷ ᠴᠢᠷᠮᠠᠶᠢᠨ᠎ᠠ ᠭᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ᠂ ᠬᠤᠯᠪᠣᠭᠠᠴᠢᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠣᠲᠣᠭᠠᠳᠤ ᠪᠠᠶᠢᠭᠤᠯᠤᠮᠵᠢ ᠵᠢᠴᠢ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠭᠠᠵᠠᠷ ᠤᠨ ᠳᠡᠰ ᠠᠴᠠ ᠳᠡᠭᠡᠭᠰᠢᠬᠢ ᠺᠠᠳ᠋ᠷ ᠂ ᠬᠤᠯᠪᠣᠭᠳᠠᠯ ᠪᠦᠬᠦᠢ ᠭᠠᠵᠠᠷ ᠲᠠᠰᠤᠭ ᠤᠨ ᠪᠦᠬᠦ ᠠᠵᠢᠯ ᠳᠤ ᠪᠠᠶᠢᠭ᠎ᠠ ᠬᠥᠮᠦᠰ ᠬᠤᠷᠠᠯ ᠳᠤ ᠣᠷᠣᠯᠴᠠᠵᠤ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠯᠲᠠ ᠶᠢ ᠬᠢᠨᠠᠨ ᠪᠠᠶᠢᠴᠠᠭᠠᠬᠤ ᠳᠤᠭᠤᠶᠢᠯᠠᠩ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号