ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠤᠷᠭᠠᠨ | ᠤ ᠵᠢᠯᠣᠭᠤᠳᠣᠯᠭ᠎ᠠ ᠲᠤᠤᠷ᠎ᠠ᠂ ᠡᠯ᠎ᠡ ᠮᠤᠵᠢ ( ᠣᠷᠣᠨ᠂ ᠬᠤᠲᠠ ) ᠶᠢᠨ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠲᠠᠨᠢᠯᠴᠠᠭᠤᠯᠭ᠎ᠠ ᠪᠠᠷ᠂ ᠳᠤᠮᠳᠠᠳᠤ ᠤᠯᠤᠰ ᠤᠨ ᠵᠢᠭᠤᠯᠴᠢᠯᠠᠯ ᠤᠨ ᠲᠡᠷᠭᠡ | ᠣᠩᠭᠤᠴᠠ ᠶᠢᠨ ᠨᠡᠶᠢᠭᠡᠮᠯᠢᠭ ᠨᠢ ᠪᠥᠬᠦ ᠤᠯᠤᠰ ᠤᠨ ᠬᠡᠪᠴᠢᠶᠡᠨ ᠳᠤ ᠠᠩᠬᠠᠳᠠᠭᠴᠢ ᠪᠦᠯᠦᠭ 15 ᠥᠪᠡᠷ ᠢᠶᠠᠨ | ᠮᠠᠰᠢᠨ ᠵᠢᠯᠣᠭᠤᠳᠴᠤ ᠬᠡᠭᠡᠷᠡᠯᠡᠬᠦ ᠭᠠᠵᠠᠷ ᠢ ᠮᠠᠭᠠᠳᠯᠠᠨ ᠲᠣᠭᠲᠠᠭᠠᠪᠠ᠃ ᠮᠠᠨ ᠤ ᠣᠷᠣᠨ ᠤ ᠲᠦᠩᠯᠢᠶᠣᠤ ᠬᠤᠲᠠ | ᠶᠢᠨ ᠨᠠᠶᠮᠠᠨ ᠬᠤᠰᠢᠭᠤᠨ ᠤ ᠴᠢᠩ ᠯᠦᠩ ᠱᠠᠨ ᠤ ᠲᠡᠷᠭᠡ ᠪᠠᠷᠢᠵᠤ ᠵᠤᠭᠠᠴᠠᠭᠴᠢ ᠶᠢᠨ ᠬᠡᠭᠡᠷ᠎ᠡ ᠪᠠᠭᠤᠳᠠᠯᠯᠠᠬᠤ ᠭᠠᠵᠠᠷ | ᠪᠥᠬᠦ ᠤᠯᠤᠰ ᠤᠨ 4 C ᠲᠠᠰ ᠤᠨ ᠥᠪᠡᠷ ᠢᠶᠠᠨ ᠮᠠᠰᠢᠨ ᠵᠢᠯᠣᠭᠤᠳᠴᠤ ᠬᠡᠭᠡᠷᠡᠯᠡᠬᠦ ᠭᠠᠵᠠᠷ ᠤᠨ ᠴᠣᠯᠠ ᠶᠢ | ᠭᠥᠷᠳᠡᠪᠡ᠃ | | | | | ᠪᠥᠬᠦ ᠤᠯᠤᠰ ᠤᠨ ᠥᠪᠡᠷ ᠢᠶᠠᠨ ᠮᠠᠰᠢᠨ ᠵᠢᠯᠣᠭᠤᠳᠴᠤ ᠬᠡᠭᠡᠷᠡᠯᠡᠬᠦ ᠭᠠᠵᠠᠷ ᠤᠨ ᠲᠠᠰ ᠢ ᠨᠡᠶᠢᠲᠡ 3 C᠂ | 4 C᠂ 5 C ᠭᠤᠷᠪᠠᠨ ᠳᠡᠰ ᠬᠤᠪᠢᠶᠠᠵᠤ᠂ 5 C ᠲᠠᠰ ᠢᠶᠠᠷ ᠬᠠᠮᠤᠭ ᠤᠨ ᠥᠨᠳᠥᠷ ᠪᠠᠶᠢᠵᠤ᠂ ᠲᠣᠰ ᠤᠳᠠᠭᠠᠨ | ᠤ ᠦᠨᠡᠯᠡᠨ ᠲᠣᠭᠲᠠᠭᠠᠯᠲᠠ ᠳᠤ ᠪᠥᠬᠦ ᠤᠯᠤᠰ ᠲᠤ ᠨᠡᠶᠢᠲᠡ 5 C ᠲᠠᠰ ᠤᠨ ᠪᠠᠭᠤᠳᠠᠯᠯᠠᠬᠤ ᠭᠠᠵᠠᠷ 6᠂ 4 C | ᠲᠠᠰ ᠤᠨ ᠪᠠᠭᠤᠳᠠᠯᠯᠠᠬᠤ ᠭᠠᠵᠠᠷ 9 ᠶᠢ ᠲᠤᠭᠳᠠᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠪᠥᠬᠦ | ᠣᠷᠣᠨ ᠤ ᠬᠤᠪᠢ ᠶᠢᠨ ᠮᠠᠰᠢᠨ ᠲᠡᠷᠭᠡ᠂ ᠵᠢᠭᠤᠯᠴᠢᠯᠠᠯ ᠤᠨ ᠲᠡᠷᠭᠡ ᠶᠢᠨ ᠪᠠᠭᠤᠳᠠᠯᠯᠠᠬᠤ ᠭᠠᠵᠠᠷ ᠤᠨ | ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠨ ᠤ ᠣᠷᠣᠨ ᠤ | ᠦᠪᠡᠷᠲᠡᠭᠡᠨ ᠲᠡᠷᠭᠡ ᠵᠢᠯᠤᠭᠤᠳᠴᠤ ᠵᠢᠭᠤᠯᠴᠢᠯᠠᠬᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠴᠢᠨᠠᠷ ᠰᠠᠶᠢᠲᠠᠶ ᠰᠡᠯᠡᠭᠦᠴᠡᠯ ᠠᠮᠠᠷᠠᠯᠲᠠ ᠵᠢᠭᠤᠯᠴᠢᠯᠠᠯ ᠤᠨ ᠦᠶᠯᠡᠳᠬᠦᠨ ᠤ ᠬᠠᠩᠭᠠᠯᠭ᠎ᠠ ᠶᠢ | ᠴᠢᠩᠭᠠᠳᠬᠠᠨ᠎ᠠ᠃ |