ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠵᠣ᠂ ᠠᠷᠠᠳ ᠣᠯᠠᠨ ᠳᠤ ᠰᠣᠶᠣᠯ ᠵᠢᠭᠤᠯᠴᠢᠯᠠᠯ ‍ᠤᠨ‌ᠠᠮᠤᠷ ᠲᠦᠪᠰᠢᠨ ᠡᠷᠡᠭᠦᠯ ᠮᠡᠨᠳᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/1/19
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ 1 ᠳ᠋ᠣᠭᠡᠷ ᠰᠠᠷ᠎ᠠ ᠶᠢᠨ 16   ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠨᠥᠬᠦᠷ ᠳᠠᠯᠳᠠᠭᠤᠷ ᠰᠤᠷᠪᠤᠯᠵᠢᠯᠠᠬᠤ ᠪᠠᠶᠢᠴᠠᠭᠠᠬᠤ ᠳᠤᠭᠤᠶᠢᠯᠠᠩ ᠢ ᠳᠠᠭᠠᠭᠤᠯᠵᠤ᠂《 ᠳᠥᠷᠪᠡᠨ ᠥᠬᠡᠶ ᠬᠤᠶᠠᠷ ᠰᠢᠭᠤᠳ 》 ᠠᠷᠭ᠎ᠠ  ᠮᠠᠶ᠋ᠢᠭ ᠢᠶᠠᠷ ᠬᠥᠬᠡᠬᠤᠲᠠ ᠣᠷᠣᠨ ᠳᠤ ᠭᠦᠨᠵᠡᠭᠡᠶᠢᠷᠡᠨ ᠰᠣᠶᠣᠯ ᠤᠨ ᠦᠵᠡᠰᠬᠦᠯᠡᠩ ᠤᠨ ᠣᠷᠳᠣᠨ᠂ ᠵᠤᠭ᠎ᠠ ᠴᠡᠩᠭᠡᠯ ᠪᠠ ᠰᠦᠯᠵᠢᠶᠡᠨ ᠳᠤ ᠭᠠᠷᠬᠤ ᠦᠶᠯᠡᠴᠢᠯᠡᠭᠡᠨ ᠤ ᠪᠠᠶᠢᠭᠤᠯᠤᠮᠵᠢ ᠵᠡᠷᠭᠡ ᠬᠤᠯᠪᠣᠭᠳᠠᠯ ᠪᠦᠬᠦᠢ ᠰᠣᠶᠣᠯ ᠪᠠ ᠵᠢᠭᠤᠯᠴᠢᠯᠠᠯ ᠤᠨ ᠲᠠᠯᠠᠪᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢᠨ ᠨᠠᠶᠢᠳᠠᠪᠦᠷᠢᠵᠢᠭᠤᠯᠣᠯᠲᠠ᠂ ᠰᠣᠶᠣᠯ ᠪᠠ ᠵᠢᠭᠤᠯᠴᠢᠯᠠᠯ ᠤᠨ ᠦᠶᠯᠡᠴᠢᠯᠡᠭᠡ ᠵᠡᠷᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ   ᠲᠤ ᠨᠢ ᠳᠠᠯᠳᠠᠭᠤᠷ ᠰᠤᠷᠪᠤᠯᠵᠢᠯᠠᠨ ᠪᠠᠶᠢᠴᠠᠭᠠᠪᠠ᠂ ᠲᠡᠭᠡᠬᠦ ᠮᠥᠷᠲᠡᠭᠡᠨ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠲᠠᠢ ᠰᠠᠨᠠᠯ ᠢᠶᠠᠨ  ᠰᠣᠯᠢᠯᠴᠠᠨ᠂ ᠲᠡᠳᠡᠨ ᠤ ᠰᠣᠶᠣᠯ ᠤᠨ ᠦᠶᠯᠡᠴᠢᠯᠡᠭᠡ   ᠶᠢ ᠬᠡᠷᠬᠢᠨ ᠬᠦᠷᠲᠡᠵᠣ ᠪᠠᠶᠢᠭ᠎ᠠ ᠪᠠᠶᠢᠳᠠᠯ ᠢ ᠨᠠᠷᠢᠨ  ᠠᠰᠠᠭᠤᠵᠣ᠂ ᠲᠡᠳᠡᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠣᠬᠠᠢ ᠪᠡᠶᠡᠳᠦ ᠦᠢᠯᠡᠳᠦᠯᠭᠡ ᠶᠢᠨ ᠦᠨᠡᠨ ᠪᠣᠳᠠᠲᠠᠶ ᠲᠥᠷᠥᠭᠳᠡᠯ ᠢ ᠣᠶᠢᠯᠠᠭᠠᠬᠤ ᠶᠢᠨ ᠬᠠᠮᠲᠤ᠂ ᠪᠠᠶᠢᠴᠠᠭᠠᠬᠤ ᠶᠠᠪᠤᠴᠠ ᠳᠤ ᠪᠠᠨ ᠣᠯᠵᠤ ᠮᠡᠳᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠴᠢᠩᠭ᠎ᠠ ᠪᠤᠰᠤ᠂ ᠪᠣᠳᠠᠲᠠᠶ ᠪᠤᠰᠤ᠂ ᠨᠠᠷᠢᠯᠢᠭ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤ ᠨᠢ ᠵᠠᠯᠠᠷᠠᠭᠤᠯᠣᠯᠲᠠ ᠬᠢᠵᠣ᠂ ᠲᠤᠬᠠᠶ ᠶᠢᠨ ᠭᠠᠵᠠᠷ   ᠲᠤ ᠨᠢ ᠴᠡᠭᠴᠡᠯᠡᠨ ᠰᠠᠶᠢᠵᠢᠷᠠᠭᠤᠯᠪᠠ᠃  
     ᠵᠧᠩ ᠳ᠋ᠦᠩ ᠪᠥᠸᠧ᠂ ᠣᠳᠣᠬᠠᠨ ᠳᠤ ᠭᠠᠳᠠᠭᠠᠳᠤ ᠶᠢᠨ ᠬᠢᠵᠢᠭ ᠤᠨ ᠪᠠᠶᠢᠳᠠᠯ ᠮᠥᠨ ᠬᠦ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠬᠡᠰᠡᠭ ᠭᠠᠵᠠᠷ ᠲᠤ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠵᠠᠯᠭᠠᠭ᠎ᠠ ᠪᠠᠷ ᠡᠭᠦᠰᠴᠦ᠂ ᠡᠭᠦᠨ ᠤ ᠳᠡᠭᠡᠷ᠎ᠡ ᠴᠠᠭᠠᠨ ᠰᠠᠷ᠎ᠠ ᠶᠢᠨ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ  ᠤᠨ ᠬᠥᠮᠦᠰ ᠤᠨ ᠨᠡᠭᠦᠳᠡᠯᠯᠡᠯ ᠢᠯᠡᠳᠲᠡ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠠᠭᠤᠳᠠᠯ ᠲᠤᠶᠢᠯ ᠤᠨ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠪᠠᠶᠢᠨ᠎ᠠ᠃ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠡᠯ᠎ᠡ ᠲᠥᠷᠥᠯ ᠤᠨ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠶᠡᠷᠦᠩᠬᠡᠶ ᠱᠦᠵᠢ ᠰᠢ  ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠨ ᠲᠤᠭᠤᠰᠢᠲᠠᠶ ᠠᠳᠬᠤᠵᠤ᠂ ᠠᠷᠠᠳ ᠣᠯᠠᠨ ᠳᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠠᠮᠤᠷ ᠲᠦᠪᠰᠢᠨ ᠡᠷᠡᠭᠦᠯ ᠰᠠᠷᠠᠭᠤᠯ ᠣᠷᠴᠢᠨ ᠲᠣᠭᠤᠷᠢᠨ ᠢ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
     ᠵᠧᠩ ᠳ᠋ᠦᠩ ᠪᠥᠸᠧ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠪᠣᠯᠤᠨ ᠰᠢᠢᠳᠪᠦᠷᠢᠯᠡᠬᠦ ᠶᠠᠪᠤᠴᠠ ᠶᠢ ᠲᠣᠳᠣᠷᠬᠠᠶᠢᠯᠠᠵᠤ᠂ ᠬᠡᠷᠡᠭᠯᠡᠬᠦ ᠦᠭᠡᠢ ᠴᠤ ᠭᠡᠰᠡᠨ ᠪᠡᠯᠡᠳᠬᠡᠯ ᠲᠠᠢ ᠪᠠᠶᠢᠬᠤ ᠠᠴᠠ ᠪᠢᠰᠢ ᠬᠡᠷᠡᠭᠯᠡᠬᠦ ᠦᠭᠡᠢ ᠭᠡᠳ ᠪᠡᠯᠡᠳᠭᠡᠯ ᠦᠭᠡᠢ ᠪᠠᠶᠢᠵᠣ ᠪᠣᠯᠬᠤ ᠦᠭᠡᠢ ᠭᠡᠵᠣ ᠴᠢᠬᠤᠯᠠᠴᠢᠯᠠᠪᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠂ ᠬᠢᠵᠢᠭ  ᠤᠨ ᠪᠠᠶᠢᠳᠠᠯ ᠢ ᠣᠯᠵᠤ ᠮᠡᠳᠡᠪᠡᠯ᠂ ᠦᠳᠲᠡᠷ ᠲᠦᠷᠭᠡᠨ ᠡᠬᠢᠯᠡᠭᠦᠯᠵᠦ᠂ ᠥᠨᠳᠥᠷ ᠪᠦᠲᠦᠮᠵᠢᠲᠡᠶ ᠰᠢᠢᠳᠪᠦᠷᠢᠯᠡᠨ᠂ ᠬᠢᠵᠢᠭ ᠤᠨ ᠪᠠᠶᠢᠳᠠᠯ ᠢ ᠰᠢᠶᠳᠪᠦᠷᠢᠯᠡᠬᠦ ᠶᠠᠪᠤᠳᠠᠯ ᠢ ᠵᠦᠶ ᠵᠣᠬᠢᠰᠲᠠᠶ ᠬᠡᠪᠴᠢᠶᠡᠨ ᠳᠤ ᠬᠢᠵᠠᠭᠠᠷᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠡᠮᠦᠨᠡᠰᠢᠯᠡᠭᠦᠯᠵᠦ᠂ ᠠᠵᠢᠯ ᠳᠤ ᠪᠠᠨ ᠣᠷᠤᠬᠤ ᠠᠵᠢᠯ  ᠤᠨ ᠵᠢᠷᠤᠮᠵᠢᠯ ᠢ ᠴᠢᠩᠳᠠᠯᠠᠨ᠂ ᠬᠥᠮᠦᠰ ᠤᠨ ᠡᠷᠡᠭᠦᠯ ᠮᠡᠨᠳᠤ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠯᠠᠪᠤᠷ ᠭᠠᠵᠠᠷ ᠲᠤ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ ᠴᠡᠪᠡᠷᠯᠡᠵᠦ ᠠᠷᠢᠭᠤᠳᠬᠠᠬᠤ᠂ ᠬᠥᠮᠦᠨ ᠤ ᠤᠷᠤᠰᠬᠠᠯ ᠢ ᠬᠢᠵᠠᠭᠠᠷᠯᠠᠬᠤ᠂ ᠤᠷᠬᠢᠯ ᠤᠨ ᠬᠤᠭᠤᠴᠠᠭ᠎ᠠ ᠶᠢ ᠵᠥᠷᠢᠭᠦᠯᠦᠨ ᠲᠣᠭᠤᠷᠢᠨ ᠦᠵᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠠᠴᠠ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠬᠥᠮᠦᠰ ᠢ ᠣᠯᠵᠤ ᠮᠡᠳᠡᠪᠡᠯ᠂ ᠳᠠᠷᠤᠶᠢᠬᠠᠨ ᠲᠦᠷ ᠴᠠᠭ ᠲᠤᠰᠠᠭᠠᠷᠯᠠᠭᠤᠯᠬᠤ ᠶᠢᠨ ᠬᠠᠮᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠦᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ ᠰᠢᠶᠳᠪᠦᠷᠢᠯᠡᠬᠦ ᠬᠡᠷᠡᠭᠲᠡᠶ᠃
     ᠵᠧᠩ ᠳ᠋ᠦᠩ ᠪᠥᠸᠧ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠡᠯ᠎ᠡ ᠲᠥᠷᠥᠯ  ᠤᠨ ᠰᠣᠶᠣᠯ ᠪᠠ ᠵᠢᠭᠤᠯᠴᠢᠯᠠᠯ ᠤᠨ ᠭᠠᠵᠠᠷ ᠥᠩᠭᠡᠷᠡᠭᠰᠡᠨ ᠨᠢᠭᠡ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠲᠤᠷᠰᠢᠯᠭ᠎ᠠ ᠬᠢᠭᠡᠳ ᠠᠷᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠶᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠢ ᠨᠡᠩ ᠴᠢᠨᠠᠭᠰᠢᠳᠠ ᠴᠢᠩᠭᠠᠳᠬᠠᠵᠤ᠂ ᠬᠠᠮᠢᠶ᠎ᠠ ᠪᠦᠬᠦᠢ ᠬᠥᠮᠦᠰ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠢᠮ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ ᠤᠨ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠮᠰᠢᠨ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠤᠨ ᠪᠠᠶᠢᠷᠢ᠂ ᠡᠯ᠎ᠡ ᠭᠤᠭᠴᠤᠭ᠎ᠠ ᠳᠤ ᠵᠢᠷᠤᠮᠵᠢᠯ ᠲᠠᠢ ᠠᠵᠢᠯᠯᠠᠬᠤ ᠶᠢ ᠴᠢᠩᠭ᠎ᠠ ᠱᠠᠭᠠᠷᠳᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠱᠠᠭᠠᠷᠳᠠᠯᠭ᠎ᠠ ᠳᠤ ᠬᠦᠷᠦᠭᠰᠡᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠫᠤᠷᠲ᠋ᠧᠯ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠲᠠᠪᠴᠠᠩ ᠪᠣᠯᠤᠨ ᠰᠠᠨᠠᠭᠤᠯᠤᠮᠵᠢ ᠶᠢᠨ ᠫᠠᠶᠢᠰᠠ᠂ ᠰᠠᠨᠠᠭᠤᠯᠤᠮᠵᠢ ᠶᠢᠨ ᠷᠠᠳᠢᠣ᠋ ᠨᠡᠪᠲᠡᠷᠡᠭᠦᠯᠭᠡ᠂ ᠡᠯᠧᠺᠲᠷᠣᠨ ᠳᠡᠯᠭᠡᠴᠡ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠨ᠂ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠡᠵᠡᠮᠰᠢᠭᠦᠯᠵᠦ ᠂ ᠠᠮᠤᠷ ᠲᠦᠪᠰᠢᠨ ᠤ ᠰᠡᠷᠡᠮᠵᠢᠯᠡᠭᠦᠯᠦᠯ ᠲᠣᠭᠲᠠᠭᠠᠯ ᠢ ᠵᠢᠷᠤᠮᠯᠠᠭᠤᠯᠤᠨ ᠰᠠᠬᠢᠭᠤᠯᠵᠤ᠂ ᠰᠡᠷᠭᠡᠶᠢᠯᠡᠨ ᠡᠵᠡᠮᠳᠡᠬᠦ ᠠᠵᠢᠯ  ᠳᠤ ᠢᠳᠡᠪᠬᠢᠲᠡᠶ ᠬᠠᠮᠵᠢᠯᠴᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ  ᠶᠢ ᠪᠥᠬᠦ ᠲᠠᠯ᠎ᠠ ᠪᠠᠷ ᠴᠢᠩᠭ᠎ᠠ ᠨᠢᠮᠪᠠᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠶᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠤ ᠰᠣᠶᠣᠯ ᠪᠠ ᠵᠢᠭᠤᠯᠴᠢᠯᠠᠯ ᠤᠨ ᠰᠠᠶᠢᠬᠠᠨ ᠥᠩᠭᠡᠷᠡᠯᠲᠡ ᠶᠢ ᠨᠢ ᠨᠠᠩ ᠰᠠᠶᠢᠲᠤᠷ ᠬᠠᠩᠭᠠᠵᠤ᠂ ᠰᠣᠶᠣᠯ ᠪᠠ ᠵᠢᠭᠤᠯᠴᠢᠯᠠᠯ ᠤᠨ ᠬᠦᠷᠲᠡᠮᠵᠢᠲᠦ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠠᠷᠬᠠᠭᠠᠭᠰᠠᠨ ᠮᠡᠳᠡᠭᠳᠡᠯ ᠳᠤ ᠪᠠᠨ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠯ᠎ᠡ ᠭᠠᠵᠠᠷ ᠤᠨ ᠬᠢᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ   ᠴᠢᠩᠭᠠᠳᠬᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠥᠬᠡᠶ ᠦᠶᠯᠡᠳᠪᠦᠷᠢᠯᠡᠯ ᠤᠨ ᠰᠣᠯᠪᠢᠴᠠᠯ ᠪᠠᠶᠢᠴᠠᠭᠠᠯᠲᠠ ᠶᠢ  ᠦᠷᠨᠢᠭᠦᠯᠦᠨ᠂ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ ᠪᠠᠷ᠂ ᠡᠮᠬᠢ ᠳᠠᠷᠠᠭ᠎ᠠ ᠲᠠᠢ ᠪᠠᠷ᠂ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ  ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号