ᠥᠪᠥᠷ ᠮᠣᠩᠭᠤᠯ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/26
     1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠸᠢᠳᠢᠤ᠋ ᠶᠢᠨ ᠬᠡᠯᠪᠡᠷᠢ ᠪᠠᠷ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠨᠠᠷ ᠤᠨ ᠬᠤᠷᠠᠯ ᠢ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠥᠪᠥᠷ ᠮᠣᠩᠭᠤᠯ ᠤᠨ ᠮᠦᠽᠧᠶ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ 6 ᠨᠢᠭᠡᠴᠢ ᠬᠤᠷᠠᠯ ᠳᠡᠭᠡᠷ᠎ᠡ ᠦᠭᠡ ᠬᠡᠯᠡᠪᠡ᠃
     ᠬᠤᠷᠠᠯ ᠳᠡᠭᠡᠷ᠎ᠡ᠂ 2021 ᠣᠨ ᠤ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠪᠠ᠃      ᠨᠢᠭᠡ ᠳᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠠᠮᠢᠶ᠎ᠠ ᠪᠥᠬᠦᠶ ᠠᠵᠢᠯᠯᠠᠭ᠎ᠠ ᠶᠢ ᠰᠠᠶᠢᠲᠤᠷ ᠬᠢᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠭᠤᠤᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠵᠤ᠂ ᠨᠠᠮ ᠪᠠᠶᠢᠭᠤᠯᠤᠭᠳᠠᠭᠰᠠᠨ 100 ᠵᠢᠯ ᠤᠨ ᠣᠶ  ᠶᠢ ᠪᠡᠯᠭᠡᠯᠡᠬᠦ ᠭᠤᠤᠯ ᠰᠡᠳᠦᠪᠲᠦ ᠦᠵᠡᠰᠬᠦᠯᠡᠩ ᠢ ᠡᠷᠭᠢᠯᠡᠵᠦ᠂ ᠪᠥᠬᠦ ᠤᠯᠤᠰ ᠤᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠰᠢᠯᠢᠳᠡᠭ ᠲᠠᠶᠢᠰᠠᠨ ᠤ ᠤᠷᠠᠯᠢᠭ ᠤᠨ ᠪᠦᠲᠦᠭᠡᠯ ᠤᠨ ᠦᠵᠡᠭᠦᠯᠦᠯᠭᠡ ᠳᠤ ᠣᠷᠣᠯᠴᠠᠨ᠎ᠠ᠃ ︽ᠤᠯᠠᠭᠠᠨᠮᠥ᠋ᠴᠢᠷ ᠤᠨ ᠲᠦᠷᠢᠮ︾   ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠨ᠂ ᠤᠯᠠᠭᠠᠨᠮᠥ᠋ᠴᠢᠷ  ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠤᠯᠠᠭᠠᠨᠮᠥ᠋ᠴᠢᠷ  ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠮᠥ᠋ᠴᠢᠷ ᠤᠨ ᠦᠶᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠤᠯᠠᠭᠠᠨᠮᠥ᠋ᠴᠢᠷ ᠤᠨ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠢ ᠡᠷᠬᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠣᠭᠤᠷᠢᠨ ᠳᠤ᠂ ᠨᠢᠭᠡ ᠪᠦᠯᠦᠭ ᠠᠬᠤᠶᠢᠴᠢ ᠰᠡᠳᠦᠪᠲᠦ᠂ ᠤᠯᠤᠰ ᠢᠶᠠᠨ ᠬᠠᠶᠢᠷᠠᠯᠠᠬᠤ ᠦᠵᠡᠯ ᠤᠨ ᠰᠡᠳᠦᠪᠲᠦ᠂ ᠴᠢᠬᠤᠯᠠ ᠶᠡᠭᠡ ᠬᠤᠪᠢᠰᠬᠠᠯ ᠪᠠ ᠲᠡᠦᠬᠡ ᠶᠢᠨ ᠰᠡᠳᠦᠪᠲᠦ ᠲᠠᠶᠢᠰᠠᠨ ᠤ ᠤᠷᠠᠯᠢᠭ ᠤᠨ ᠪᠦᠲᠦᠭᠡᠯ ᠢ ᠲᠥᠪᠯᠡᠷᠡᠭᠦᠯᠦᠨ ᠵᠣᠬᠢᠶᠠᠨ ᠪᠦᠲᠦᠭᠡᠵᠦ᠂ ᠰᠢᠨ᠎ᠡ ᠪᠠᠷ ᠡᠭᠦᠳᠦᠭᠰᠡᠨ ᠳᠠᠭᠤᠷᠢ ︽ᠵᠠᠩᠭᠠᠷ︾᠂ ᠶᠠᠷᠢᠶᠠᠲᠤ ᠵᠦᠴᠦᠭᠡ ︽ᠪᠣᠯᠣᠳ ᠬᠡᠷᠬᠢᠨ ᠬᠠᠲᠠᠭᠠᠭᠳᠠᠭᠰᠠᠨ ᠪᠣᠶ︾᠂ ᠪᠥᠵᠢᠭᠲᠦ ᠵᠦᠴᠦᠭᠡ ︽ᠮᠣᠷᠢᠲᠤ ᠴᠡᠷᠢᠭ︾ ᠵᠢᠴᠢ ᠳᠠᠬᠢᠨ ᠰᠡᠷᠭᠦᠭᠡᠨ ᠲᠤᠭᠯᠠᠭᠰᠠᠨ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠬᠤᠶᠠᠷ︾ ᠵᠡᠷᠭᠡ ᠭᠤᠤᠯᠳᠠᠯᠭ᠎ᠠ ᠲᠠᠢ ᠵᠦᠴᠦᠭᠡ ᠶᠢᠨ ᠵᠣᠬᠢᠶᠠᠨ ᠪᠦᠲᠦᠭᠡᠯᠭᠡ ᠶᠢ ᠳᠡᠭᠡᠭᠰᠢᠯᠡᠭᠦᠯᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ︽ᠳᠤᠮᠳᠠᠳᠤ ᠤᠯᠤᠰ ᠤᠨ ᠰᠢ ᠳᠠᠭᠤᠷᠢᠯᠢᠭ ᠵᠦᠴᠦᠭᠡ ᠶᠢᠨ ᠲᠥᠷᠥᠯ ᠤᠨ ᠪᠦᠷᠢᠨ ᠲᠡᠭᠦᠪᠦᠷᠢ︾ ᠶᠢᠨ ᠥᠪᠥᠷ ᠮᠣᠩᠭᠤᠯ ᠤᠨ ᠣᠷᠣᠨ ᠨᠤᠲᠤᠭ ᠤᠨ ᠰᠢ ᠳᠠᠭᠤᠷᠢᠯᠢᠭ ᠵᠦᠴᠦᠭᠡ ᠶᠢᠨ ᠲᠥᠷᠥᠯ ᠤᠨ ᠨᠠᠶᠢᠷᠠᠭᠤᠯᠤᠨ ᠪᠢᠴᠢᠵᠦ ᠬᠡᠪᠯᠡᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ︽ᠥᠪᠥᠷ ᠮᠣᠩᠭᠤᠯ ᠤᠨ ᠤᠯᠠᠮᠵᠢᠯᠠᠯᠲᠤ ᠪᠥᠵᠢᠭ ᠤᠨ ᠰᠣᠳᠣᠨ ᠪᠦᠲᠦᠭᠡᠯ ᠤᠨ ᠡᠮᠬᠢᠳᠬᠡᠯ︾   ᠢ ᠨᠠᠶᠢᠷᠠᠭᠤᠯᠤᠨ ᠬᠡᠪᠯᠡᠭᠦᠯᠵᠦ᠂ ᠵᠠᠭᠤᠨ ᠠᠬᠠᠮᠠᠳ ᠤᠷᠠᠯᠢᠭᠴᠢᠨ ᠤ ᠶᠠᠷᠢᠭᠰᠠᠨ ᠲᠡᠦᠬᠡ ᠶᠢ ᠰᠤᠷᠪᠤᠯᠵᠢᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠷᠠᠯᠢᠭ  ᠤᠨ ᠳᠠᠩᠰᠠ ᠡᠪᠬᠡᠮᠡᠯ ᠤᠨ ᠣᠷᠳᠣᠨ ᠤ ᠳᠠᠩᠰᠠ ᠡᠪᠬᠡᠮᠡᠯ ᠢᠶᠠᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠠᠩ ᠤᠨ ᠬᠠᠳᠠᠭᠠᠯᠠᠯᠲᠠ ᠶᠢᠨ ᠳᠠᠩᠰᠠ ᠡᠪᠬᠡᠮᠡᠯ ᠤᠨ ᠲᠣᠭᠠᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃      ᠬᠤᠶᠠᠷ ᠲᠤ᠂ ᠤᠷᠲᠤ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠯᠤᠰ ᠤᠨ ᠲᠠᠰ ᠤᠨ ᠤᠷᠲᠤ ᠴᠠᠭᠠᠨ ᠬᠡᠷᠡᠮ ᠤᠨ ᠴᠢᠬᠤᠯᠠ ᠬᠡᠰᠡᠭ ᠢᠶᠠᠷ ᠭᠤᠣᠯ ᠪᠣᠯᠭᠠᠨ᠂ ᠤᠷᠲᠤ ᠴᠠᠭᠠᠨ ᠬᠡᠷᠡᠮ᠂ ᠬᠠᠲᠤᠨ ᠭᠤᠣᠯ ᠤᠨ ᠰᠣᠶᠣᠯ ᠤᠨ ᠥᠪ ᠬᠢᠭᠡᠳ ᠡᠷᠭᠢᠨ ᠲᠣᠭᠤᠷᠢᠨ ᠤ ᠣᠷᠴᠢᠨ ᠲᠣᠭᠤᠷᠢᠨ ᠤ ᠥᠩᠭᠡ ᠦᠵᠡᠮᠵᠢ᠂ ᠰᠣᠶᠣᠯ ᠤᠨ ᠠᠮᠢ ᠠᠬᠤᠶ ᠶᠢᠨ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠶᠢ ᠴᠢᠩᠭᠠᠳᠬᠠᠵᠤ᠂ ᠤᠷᠲᠤ ᠴᠠᠭᠠᠨ ᠬᠡᠷᠡᠮ᠂ ᠬᠠᠲᠤᠨ ᠭᠤᠣᠯ ᠳᠠᠭᠠᠤ ᠶᠢᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠦᠨ ᠂ ᠤᠷᠲᠤ ᠴᠠᠭᠠᠨ ᠬᠡᠷᠡᠮ᠂ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠪᠣᠶᠢᠵᠢᠭᠤᠯᠵᠤ᠂ ᠤᠷᠲᠤ ᠴᠠᠭᠠᠨ ᠬᠡᠷᠡᠮ᠂ ᠬᠠᠲᠤᠨ ᠭᠤᠣᠯ ᠳᠠᠭᠠᠤ ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃      ᠭᠤᠷᠪᠠ ᠳᠤ᠂ ᠡᠦ ᠠᠨ ᠵᠧᠦ ᠶᠢᠨ ᠯᠢᠶᠣᠤ ᠶᠢᠨ ᠰᠤᠪᠤᠷᠭ᠎ᠠ᠂ ᠠᠷᠵᠠᠶ ᠶᠢᠨ ᠴᠢᠯᠠᠭᠤᠨ ᠠᠭᠤᠶ᠂ ᠵᠢᠤᠢ ᠶᠠᠨ  ᠤ ᠪᠠᠭᠤᠷᠢ ᠵᠡᠷᠭᠡ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠪᠠᠭᠤᠷᠢ ᠶᠢ ᠬᠠᠮᠠᠭᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠯᠢᠶᠣᠤ ᠶᠢᠨ ᠳᠡᠭᠡᠳᠦ ᠨᠡᠶᠢᠰᠯᠡᠯ᠂ ᠰᠢᠷᠬᠤᠰᠤᠨ᠂ ᠬᠤᠷᠢᠨᠭᠡᠷ ᠤᠨ ᠲᠤ ᠴᠧᠩ ᠽᠢ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ  ᠶᠢ ᠢᠳᠡᠪᠬᠢᠲᠠᠢ ᠠᠬᠢᠭᠤᠯᠵᠤ᠂ ᠯᠢᠶᠣᠤ ᠤᠯᠤᠰ ᠤᠨ ᠳᠡᠭᠡᠳᠦ ᠨᠡᠶᠢᠰᠯᠡᠯ ᠪᠠ ᠳᠡᠭᠡᠳᠦᠰ ᠤᠨ ᠣᠩᠭᠤᠨ᠂ ᠬᠤᠩ ᠱᠠᠨ  ᠰᠣᠶᠣᠯ᠂ ᠮᠤᠨᠢ ᠠᠭᠤᠯᠠ ᠶᠢᠨ ᠬᠠᠳᠠᠨ ᠰᠡᠶᠢᠯᠦᠮᠡᠯ ᠪᠠ ᠲᠦᠮᠡᠨ ᠭᠠᠵᠠᠷ ᠤᠨ ᠴᠠᠢ ᠶᠢᠨ ᠵᠠᠮ ᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂《 ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ ( ᠥᠪᠥᠷ ᠮᠣᠩᠭᠤᠯ ᠤᠨ ᠬᠠᠭᠤᠳᠠᠰᠤ ) 》 ᠢ ᠬᠡᠷᠡᠭᠵᠢᠭᠦᠯᠵᠦ᠂《 ᠬᠠᠭᠤᠴᠢ ᠰᠤᠳᠤᠯᠤᠯ ᠤᠨ ᠳᠤᠮᠳᠠᠳᠤ ᠤᠯᠤᠰ · ᠪᠣᠷᠣᠲᠣᠬᠤᠶ ᠶᠢᠨ ᠭᠠᠵᠠᠷ ᠣᠷᠣᠨ ᠤ ᠬᠥᠮᠦᠨ ᠲᠥᠷᠥᠯᠬᠢᠲᠡᠨ ᠤ ᠰᠠᠭᠤᠷᠢᠰᠢᠯ ᠪᠠ ᠨᠡᠶᠢᠭᠡᠮ 》᠂ ᠢᠦᠢ ᠮᠢᠨ ᠰᠣᠶᠣᠯ᠂ ᠳ᠋ᠠ ᠶᠣᠣ ᠶᠢᠨ ᠰᠣᠶᠣᠯ᠂ ᠯᠢᠶᠣᠤ ᠶᠢᠨ ᠨᠡᠶᠢᠰᠯᠡᠯ ᠵᠢᠴᠢ ᠯᠢᠶᠣᠤ ᠶᠢᠨ ᠬᠠᠭᠠᠨ ᠤ ᠣᠩᠭᠤᠨ ᠵᠡᠷᠭᠡ ᠴᠢᠬᠤᠯᠠ ᠶᠡᠭᠡ ᠬᠠᠭᠤᠴᠢ ᠰᠤᠳᠤᠯᠤᠯ ᠤᠨ ᠲᠥᠷᠥᠯ ᠵᠦᠶᠯ ᠢ ᠦᠷᠭᠦᠯᠵᠢᠯᠡᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠪᠠᠶᠢᠴᠠᠭᠠᠯᠲᠠ᠂ ᠠᠭᠤᠳᠠᠯᠬᠤ ᠪᠠ ᠰᠤᠳᠤᠯᠬᠤ ᠠᠵᠢᠯ ᠢ ᠦᠷᠨᠢᠭᠦᠯᠵᠦ᠂ ᠳᠤᠮᠳᠠᠳᠤ ᠤᠯᠤᠰ ᠤᠨ ᠰᠣᠶᠣᠯ ᠤᠨ ᠭᠧᠨ ᠤ ᠣᠶᠢᠯᠠᠭᠠᠭᠳᠠᠬᠤᠨ ᠤ ᠰᠤᠳᠤᠯᠭᠠᠨ ᠤ ᠡᠷᠴᠢᠮ ᠢ ᠴᠢᠩᠭᠠᠷᠠᠭᠤᠯᠵᠤ᠂ ᠳᠤᠮᠳᠠᠳᠤ  ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠬᠥᠭᠵᠢᠯᠲᠡ ᠳᠤ ᠬᠠᠭᠤᠴᠢ ᠰᠤᠳᠤᠯᠤᠯ ᠤᠨ ᠭᠡᠷᠡᠴᠢ ᠬᠠᠩᠭᠠᠨ᠎ᠠ᠃      ᠳᠥᠷᠪᠡ ᠳᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠬᠡᠰᠢᠭᠲᠡᠨ ᠬᠤᠰᠢᠭᠤ᠂ ᠳ᠋ᠦᠩᠱᠧᠩ ᠲᠣᠭᠤᠷᠢᠭ᠂ ᠷᠠᠰᠢᠶᠠᠨ ᠬᠤᠲᠠ᠂ ᠠᠯᠠᠱᠠ ᠵᠡᠭᠦᠨ ᠬᠤᠰᠢᠭᠤ ᠶᠢ ᠵᠢᠯᠤᠭᠤᠳᠤᠨ ᠰᠢᠶᠠᠨ ᠤ ᠱᠠᠲᠤᠨ ᠤ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠣᠷᠳᠣᠰ ᠬᠤᠲᠠ᠂ ᠠᠯᠠᠱᠠ ᠠᠶᠢᠮᠠᠭ ᠢ ᠲᠦᠯᠬᠢᠨ ᠠᠬᠢᠭᠤᠯᠵᠤ ᠲᠤᠰᠬᠠᠶ ᠣᠷᠣᠨ ᠤ ᠲᠠᠰ ᠤᠨ ᠬᠤᠲᠠ ᠶᠢᠨ ᠤᠯᠤᠰ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠮᠥᠩᠭᠦᠨ ᠭᠦᠶᠯᠭᠡᠭᠡᠨ ᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠪᠥᠬᠦ ᠤᠯᠤᠰ  ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠤ ᠬᠡᠪᠴᠢᠶᠡᠨ ᠳᠤ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠮᠢ ᠠᠬᠤᠶ ᠬᠢᠭᠡᠳ ᠤᠯᠠᠮᠵᠢᠯᠠᠯᠲᠤ ᠰᠣᠶᠣᠯ ᠢ ᠬᠠᠮᠠᠭᠠᠯᠠᠬᠤ᠂ ᠣᠯᠠᠨ ᠨᠡᠶᠢᠲᠡ ᠶᠢᠨ ᠦᠶᠯᠡᠴᠢᠯᠡᠭᠡ ᠬᠢᠭᠡᠳ ᠵᠢᠭᠤᠯᠴᠢᠯᠠᠯ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠳᠬᠠᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ  ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ᠂ 5 ᠣᠳᠣᠨ ᠲᠠᠰ ᠤᠨ ᠬᠥᠳᠡᠭᠡ ᠲᠣᠰᠬᠤᠨ ( ᠮᠠᠯᠵᠢᠬᠤ ᠣᠷᠣᠨ )   ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ ᠵᠢᠯᠤᠭᠤᠳᠤᠨ ᠡᠭᠦᠳᠦᠨ ᠪᠠᠶᠢᠭᠤᠯᠤᠨ᠎ᠠ᠃      ᠬᠤᠷᠠᠯ ᠠᠴᠠ᠄《 ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ 》 ᠶᠢᠨ ᠬᠤᠭᠤᠴᠠᠭᠠᠨ ᠳᠤ ᠪᠥᠬᠦ ᠣᠷᠣᠨ ᠢᠶᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ ᠨᠡᠶᠢᠲᠡ 66510 . 63 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 17224 . 41 ᠳ᠋ᠦᠩᠰᠢᠭᠤᠷ ᠲᠥᠭᠦᠷᠢᠭ ᠪᠡᠶᠡᠯᠡᠭᠦᠯᠵᠦ᠂《 ᠠᠷᠪᠠᠨ ᠬᠤᠶᠠᠳᠤᠭᠠᠷ ᠲᠠᠪᠤᠨ ᠵᠢᠯ  ᠤᠨ ᠲᠦᠯᠦᠪᠵᠢᠭᠦᠯᠭᠡ 》 ᠶᠢᠨ ᠠᠳᠠᠯᠢ ᠬᠤᠭᠤᠴᠠᠭᠠᠨ ᠤ 1 . 94 ᠳᠠᠬᠢᠨ ᠪᠠ 2 . 30 ᠳᠠᠬᠢᠨ ᠪᠣᠯᠪᠠ ᠭᠡᠵᠦ ᠨᠡᠶᠢᠲᠡᠯᠡᠪᠡ᠃ ᠨᠢᠳᠤᠨᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 1 . 25 ᠳ᠋ᠦᠩᠰᠢᠭᠤᠷ ᠬᠥᠮᠦᠨ ᠤᠳᠠᠭ᠎ᠠ ᠬᠦᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 2404 . 06 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠲᠤᠰ ᠨᠢᠳᠤᠨᠤᠨ ᠤ ᠠᠳᠠᠯᠢ ᠬᠤᠭᠤᠴᠠᠭᠠᠨ ᠤ 64 . 68 % ᠪᠠ 52 . 74 % ᠪᠣᠯᠲᠠᠯ᠎ᠠ ᠰᠡᠷᠭᠦᠪᠡ᠃ (  ᠵᠤᠬᠢᠶᠠᠯ᠄ ᠠᠯᠳᠠᠷᠲᠤ  / ᠵᠢᠷᠤᠭ᠄ ᠸᠠᠩ ᠮᠧᠩ  )
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号