ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 2020 ᠣᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/5
     12 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 2020 ᠣᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠰᠤᠷᠤᠯᠴᠠᠵᠤ᠂ 2021 ᠣᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠪᠦᠬᠦ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠪᠠ᠃
     ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠤᠨ ᠪᠠᠶᠢᠳᠠᠯ ᠢ ᠲᠣᠭᠤᠷᠢᠨ ᠪᠠᠶᠢᠴᠠᠭᠠᠭᠰᠠᠨ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠲᠣᠭᠤᠷᠢᠨ ᠪᠠᠶᠢᠴᠠᠭᠠᠯᠲᠠ ᠳᠤᠮᠳᠠ ᠳᠤᠷᠠᠳᠤᠭᠰᠠᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠣᠭᠲᠠᠭᠠᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ  ᠶᠢ ᠠᠬᠢᠭᠤᠯᠪᠠ᠃      ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ 2021 ᠣᠨ ᠤ ᠰᠢᠨ᠎ᠡ ᠵᠢᠯ ᠴᠠᠭᠠᠨ ᠰᠠᠷ᠎ᠠ ᠳᠤ ᠴᠢᠭᠯᠡᠭᠦᠯᠦᠨ᠂ ᠬᠤᠷᠠᠯ ᠳᠡᠭᠡᠷ᠎ᠡ ᠡᠯ᠎ᠡ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠢ ᠰᠠᠬᠢᠯᠭ᠎ᠠ ᠪᠠᠲᠤ ᠪᠠᠶᠢᠴᠠᠭᠠᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠪᠠᠶᠠᠷ ᠤᠨ ᠡᠳᠦᠷ ᠤᠨ ︽ᠳᠥᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠠᠩᠬᠠᠷᠴᠤ᠂ ᠣᠷᠣᠨ ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ ᠤᠨ ᠰᠢᠰᠲ᠋ᠧᠮ ᠳᠤ ᠬᠢ ᠬᠢᠨᠠᠨ ᠪᠠᠶᠢᠴᠠᠭᠠᠯᠲᠠ  ᠪᠠᠨ ᠴᠢᠩᠭᠠᠳᠬᠠᠵᠤ᠂ ᠲᠥᠪ ᠤᠨ ᠨᠠᠶᠮᠠᠨ ᠵᠤᠷᠪᠤᠰ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠤ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ  ᠲᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠥᠷ ᠮᠤᠩᠭᠤᠯ  ᠤᠨ ᠥᠪᠡᠷᠲᠡᠭᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠥᠪᠯᠡᠯ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠵᠢᠷᠭᠤᠭᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠨᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠠᠷᠭ᠎ᠠ ᠪᠠᠷᠢᠯ ᠢᠶᠠᠨ ᠬᠤᠪᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠰᠠᠨᠠᠯ︾  ᠢ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠣᠨ  ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ︾ ᠶᠢ ᠵᠠᠷᠯᠠᠨ ᠨᠡᠶᠢᠲᠡᠯᠡᠪᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ 2020 ᠣᠨ ᠤ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2021 ᠣᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠪᠠᠶᠢᠷᠢᠯᠠᠭᠤᠯᠵᠤ᠂ ᠰᠤᠷᠲᠠᠯ  ᠤᠨ ᠴᠡᠭᠴᠡᠯᠡᠯ ᠰᠠᠬᠢᠯᠭ᠎ᠠ ᠪᠠᠲᠤ  ᠶᠢᠨ ᠴᠢᠩᠳᠠᠯᠠᠯ ᠢ ᠴᠥᠬᠦᠷᠡᠰᠢ ᠥᠬᠡᠶ ᠠᠬᠢᠭᠤᠯᠬᠤ  ᠪᠠᠷ ᠵᠤᠷᠢᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号