2020 ᠣᠨ ᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠷᠪᠠᠨ ᠶᠡᠭᠡ ᠰᠣᠨᠢᠨ ᠮᠡᠳᠡᠭᠡᠨ ᠤ ᠬᠡᠷᠡᠭ ᠤᠨ ᠲᠣᠶᠢᠮᠣ
ᠨᠡᠶᠢᠲᠡᠯᠡᠭᠰᠡᠨ ᠴᠠᠭ᠄
2021/1/7
ᠨᠠᠶᠢᠷᠠᠭᠤᠯᠤᠭᠴᠢ ᠶᠢᠨ ᠦᠭᠡ᠄      ︽ᠬᠠᠪᠤᠷ ᠢᠷᠡᠵᠦ ᠬᠠᠮᠤᠭ ᠪᠤᠳᠠᠰ ᠠᠮᠢᠯᠠᠨ᠎ᠠ︾᠃ ᠥᠩᠭᠡᠷᠡᠭᠰᠡᠨ ᠨᠢᠭᠡ ᠵᠢᠯ ᠢ ᠡᠷᠬᠢᠴᠡᠬᠦᠯᠬᠦ ᠳᠤ ᠪᠢᠳᠡ ᠤᠷᠮ᠎ᠠ ᠵᠤᠷᠢᠭ ᠪᠠᠳᠠᠷᠠᠮ᠎ᠠ᠂ ᠢᠷᠡᠬᠦ ᠨᠢᠭᠡᠨ ᠵᠢᠯ ᠢ ᠪᠠᠷᠠᠯᠠᠬᠤ ᠳᠤ ᠪᠢᠳᠡ ᠢᠲᠡᠭᠡᠯ ᠵᠣᠷᠢᠭ ᠲᠡᠭᠦᠯᠳᠡᠷ᠃     ᠦᠩᠭᠡᠷᠡᠭᠰᠡᠨ ᠨᠢᠭᠡ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠥᠬᠦ ᠠᠵᠢᠯᠲᠠᠳ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ ᠂ ᠲᠡᠮᠡᠴᠡᠯ ᠢᠶᠠᠷ ᠥᠷᠢᠰᠥᠯᠳᠦᠭᠡᠨ ᠢ ᠤᠭᠲᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠨᠢᠭᠡᠳᠦᠯᠲᠡᠢ ᠲᠥᠯᠥᠪᠯᠡᠨ ᠠᠬᠢᠭᠤᠯᠬᠤ ᠲᠠᠢ ᠨᠢᠭᠲᠠ ᠤᠶᠠᠯᠳᠤᠭᠤᠯᠵᠤ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠣᠶᠣᠯ ᠪᠠ ᠵᠢᠭᠤᠯᠴᠢᠯᠠᠯ ᠤᠨ ᠪᠠᠶᠢᠭᠤᠯᠤᠯᠲᠠ ᠶᠢᠨ ᠬᠥᠭᠵᠢᠯᠲᠡ ᠶᠢᠨ ᠲᠤᠬᠠᠶ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢ ᠭᠦᠨᠵᠡᠭᠡᠶ  ᠲᠤᠭᠤᠰᠢᠯᠠᠭᠤᠯᠵᠤ᠂ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠵᠢᠯ ᠡᠯ᠎ᠡ ᠬᠦᠷᠢᠶᠡᠨ ᠳᠤ ᠴᠥᠮ ᠰᠢᠨ᠎ᠡ ᠣᠯᠤᠯᠲᠠ ᠪᠠ ᠰᠢᠨ᠎ᠡ ᠰᠢᠪᠲᠤᠯᠤᠯᠲᠠ ᠲᠠᠢ ᠪᠣᠯᠪᠠ᠂ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠢᠨ᠎ᠡ ᠬᠢᠷᠢ ᠪᠦᠲᠦᠮᠵᠢ᠂ ᠰᠢᠨ᠎ᠡ ᠠᠮᠵᠢᠯᠲᠠ ᠣᠯᠵᠠᠶ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠨᠢᠭᠡ ᠵᠢᠯ ᠤᠨ ᠲᠤᠷᠰᠢᠬᠢ ᠠᠵᠢᠯ ᠤᠨ ᠠᠮᠵᠢᠯᠲᠠ ᠪᠦᠲᠦᠮᠵᠢ ᠪᠠ ᠬᠢᠯᠠᠰ ᠴᠡᠭ ᠢ ᠳᠠᠬᠢᠨ ᠢᠯᠡᠷᠡᠭᠦᠯᠬᠦ ᠪᠠ ᠳ᠋ᠦᠩᠨᠡᠬᠦ ᠶᠢᠨ ᠲᠥᠯᠥᠭᠡ᠂ ᠬᠠᠭᠤᠴᠢᠨ ᠵᠢᠯ ᠤᠨ ᠰᠡᠭᠦᠯᠴᠢ ᠰᠢᠨ᠎ᠡ ᠵᠢᠯ ᠤᠨ ᠡᠬᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠬᠡᠷ 2020 ᠣᠨ ᠤ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠷᠪᠠᠨ ᠶᠡᠭᠡ ᠰᠣᠨᠢᠨ ᠮᠡᠳᠡᠭᠡᠨ ᠤ ᠬᠡᠷᠡᠭ ᠢ ᠰᠢᠯᠢᠨ ᠰᠣᠩᠭᠤᠵᠤ᠂ ᠦᠰᠦᠭ ᠵᠢᠷᠤᠭ ᠢ ᠬᠠᠪᠰᠤᠷᠭᠠᠨ᠂ ᠤᠩᠰᠢᠭᠴᠢᠳ ᠲᠤ ᠵᠣᠷᠢᠭᠤᠯᠪᠠ᠃     ᠨᠢᠭᠡ᠂ ᠪᠦᠵᠢᠭᠲᠦ ᠵᠦᠴᠦᠭᠡ ︽ᠮᠤᠷᠢᠲᠤ ᠴᠡᠷᠢᠭ︾ ᠳᠤᠮᠲᠠᠲᠤ ᠤᠯᠤᠰ ᠤᠨ ᠪᠦᠵᠢᠭ ᠤᠨ ︽ᠪᠠᠳᠮ᠎ᠠ ᠱᠠᠩᠨᠠᠯ︾ ᠢ ᠬᠦᠷᠲᠡᠪᠡ
    10 ᠳ᠋ᠤᠭᠠᠷ ᠰᠠᠷ᠎ᠠ ᠶᠢᠨ 6 ᠤ ᠡᠳᠦᠷ᠂ 5 ᠡᠳᠦᠷ ᠤᠨ ᠢᠯᠡ ᠨᠡᠶᠢᠲᠡᠯᠡᠬᠦ ᠬᠤᠭᠤᠴᠠᠭ᠎ᠠ ᠶᠢ ᠥᠩᠭᠡᠷᠡᠭᠡᠭᠡᠳ᠂ ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠵᠣᠬᠢᠶᠠᠨ ᠪᠦᠲᠦᠭᠡᠭᠰᠡᠨ ᠪᠥᠵᠢᠭᠲᠦ ᠵᠦᠴᠦᠭᠡ ︽ᠮᠣᠷᠢᠲᠤ ᠴᠡᠷᠢᠭ︾ ᠨᠢ ᠠᠵᠢᠯ ᠲᠥᠷᠥᠯ ᠤᠨ ᠬᠢᠨ ᠪᠠ ᠦᠵᠡᠭᠴᠢᠳ ᠤᠨ ᠵᠥᠪᠰᠢᠶᠡᠷᠡᠯ ᠢ ᠣᠯᠵᠤ᠂ ᠲᠣᠰ ᠬᠤᠭᠤᠴᠠᠭᠠᠨ ᠤ ︽ᠪᠠᠳᠮ᠎ᠠ ᠱᠠᠩᠨᠠᠯ︾ ᠤᠨ ᠪᠥᠵᠢᠭᠲᠦ ᠵᠦᠴᠦᠭᠡ ᠶᠢᠨ ᠱᠠᠩᠨᠠᠯ ᠢ ᠭᠥᠷᠳᠡᠪᠡ᠃     ︽ᠪᠠᠳᠮ᠎ᠠ ᠱᠠᠩᠨᠠᠯ︾ ᠪᠣᠯ ᠳᠤᠮᠳᠠᠳᠤ ᠤᠯᠤᠰ ᠤᠨ ᠪᠥᠵᠢᠭ ᠤᠨ ᠤᠷᠠᠯᠢᠭ ᠤᠨ ᠬᠠᠮᠤᠭ ᠥᠨᠳᠥᠷ ᠠᠮᠵᠢᠯᠲᠠ  ᠶᠢᠨ ᠱᠠᠩᠨᠠᠯ᠂ ᠰᠢᠯᠭᠠᠷᠠᠭᠤᠯᠬᠤ ᠱᠠᠩᠨᠠᠯ ᠤᠨ ᠤᠳᠤᠷᠢᠳᠤᠮᠵᠢ ᠶᠢᠨ ᠴᠢᠨᠠᠷ᠂ ᠲᠥᠪ ᠭᠤᠣᠯᠴᠢ ᠴᠢᠨᠠᠷ ᠪᠠ ᠡᠷᠬᠡ ᠰᠦᠷᠲᠦ ᠴᠢᠨᠠᠷ ᠢᠶᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠳᠤ ᠥᠷᠭᠡᠨ ᠳᠡᠯᠭᠡᠷ ᠨᠥᠯᠥᠭᠡᠯᠡᠬᠦ ᠬᠦᠴᠦᠨ ᠲᠠᠢ ᠃ ︽ᠮᠣᠷᠢᠲᠤ ᠴᠡᠷᠢᠭ︾ ᠪᠣᠯ 2017 ᠣᠨ ᠤ ᠤᠯᠤᠰ ᠤᠨ ᠤᠷᠠᠯᠢᠭ ᠤᠨ ᠰᠠᠭᠤᠷᠢ ᠮᠥᠩᠭᠦ ᠪᠠᠷ ᠲᠤᠰᠠᠯᠠᠭᠰᠠᠨ ᠲᠣᠮᠣ ᠬᠡᠯᠪᠡᠷᠢ ᠶᠢᠨ ᠲᠠᠶᠢᠰᠠᠨ ᠤ ᠵᠦᠴᠦᠭᠡ ᠪᠤᠯᠤᠨ᠎ᠠ᠃ ᠲᠤᠰ ᠵᠦᠴᠦᠭᠡ ᠶᠢ 2019 ᠣᠨ ᠤ 8 ᠳ᠋ᠤᠭᠠᠷ ᠰᠠᠷ᠎ᠠ  ᠳᠤ ᠵᠣᠬᠢᠶᠠᠨ ᠪᠦᠲᠦᠭᠡᠵᠦ᠂ 8 ᠳ᠋ᠤᠭᠠᠷ ᠰᠠᠷ᠎ᠠ ᠶᠢᠨ 19 ᠤ ᠡᠳᠦᠷ ᠠᠩᠬ᠎ᠠ ᠲᠣᠭᠯᠠᠵᠤ᠂ 11 ᠳ᠋ᠤᠭᠡᠷ ᠰᠠᠷ᠎ᠠ ᠶᠢᠨ 5 ᠤ ᠡᠳᠦᠷ ᠤᠷᠢᠯᠭ᠎ᠠ ᠪᠠᠷ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠱᠠᠩᠬᠠᠢ ᠶᠢᠨ ᠤᠯᠠᠨ ᠤᠯᠤᠰ ᠤᠨ ᠤᠷᠠᠯᠢᠭ ᠤᠨ ᠨᠠᠶᠢᠷ ᠲᠤ ᠣᠷᠣᠯᠴᠠᠵᠤ᠂ 2020 ᠣᠨ ᠤ ᠤᠯᠤᠰ ᠤᠨ ᠲᠠᠶᠢᠰᠠᠨ ᠤ ᠤᠷᠠᠯᠢᠭ ᠤᠨ ᠭᠤᠣᠯᠳᠠᠯᠭ᠎ᠠ ᠲᠠᠢ ᠵᠣᠬᠢᠶᠠᠨ ᠪᠦᠲᠦᠭᠡᠬᠦ ᠵᠦᠴᠦᠭᠡ ᠶᠢᠨ ᠨᠡᠷᠡᠰ ᠤᠨ ᠵᠢᠭᠰᠠᠭᠠᠯᠲᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 — 2022 ᠣᠨ ᠤ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠦᠴᠦᠭᠡ ᠪᠣᠯᠤᠨ ︽ᠬᠤᠪᠢᠰᠬᠠᠯ ᠤᠨ ᠵᠠᠭᠤᠨ ᠵᠢᠯ ᠤᠨ ᠥᠪᠥᠷ ᠮᠣᠩᠭᠤᠯ︾ ᠰᠢᠷᠢᠰ ᠲᠦᠷᠦᠯ ᠵᠦᠢᠯ ᠢᠶᠠᠷ ᠰᠣᠩᠭᠤᠭᠳᠠᠪᠠ᠃ ᠲᠤᠰ ᠵᠦᠴᠦᠭᠡ ᠶᠢ 2020 ᠣᠨ ᠤ 6 ᠳ᠋ᠤᠭᠠᠷ ᠰᠠᠷ᠎ᠠ ᠠᠴᠠ ᠡᠬᠢᠯᠡᠨ ᠵᠠᠰᠠᠨ ᠰᠠᠶᠢᠵᠢᠷᠠᠭᠤᠯᠵᠤ᠂ 9 ᠳ᠋ᠣᠭᠡᠷ ᠰᠠᠷ᠎ᠠ ᠶᠢᠨ ᠡᠬᠢ ᠪᠠᠷ ᠳᠠᠬᠢᠨᠲᠠ ᠲᠣᠭᠯᠠᠪᠠ᠃ 9 ᠳ᠋ᠣᠭᠡᠷ ᠰᠠᠷ᠎ᠠ ᠶᠢᠨ 20 ᠤ ᠡᠳᠦᠷ ︽ᠪᠠᠳᠮ᠎ᠠ ᠱᠠᠩᠨᠠᠯ︾ ᠤᠨ ᠡᠴᠦᠰ ᠤᠨ ᠰᠢᠯᠭᠠᠷᠠᠭᠤᠯᠤᠯᠲᠠ ᠳᠤ ᠣᠷᠣᠯᠴᠠᠭᠠᠳ ᠱᠠᠩᠬᠠᠶ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠵᠤ᠂ ᠠᠵᠢᠯ ᠲᠥᠷᠥᠯ ᠤᠨ ᠳᠣᠲᠣᠷᠠᠬᠢ ᠲᠤᠰᠬᠠᠶ ᠮᠡᠷᠭᠡᠵᠢᠯᠲᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠬᠦᠷᠲᠡᠵᠡᠢ᠃ ︽ᠮᠣᠷᠢᠲᠤ ᠴᠡᠷᠢᠭ︾ ᠵᠦᠴᠦᠭᠡ ᠶᠢᠨ ︽ᠪᠠᠳᠮ᠎ᠠ ᠱᠠᠩᠨᠠᠯ︾ ᠤᠨ ᠪᠥᠵᠢᠭᠲᠦ ᠵᠦᠴᠦᠭᠡ ᠶᠢᠨ ᠱᠠᠩᠨᠠᠯ ᠢ ᠬᠦᠷᠳᠡᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠷᠠᠯᠢᠭ ᠤᠨ ᠬᠢᠨ ᠤ ᠦᠪᠡᠳᠡᠭᠰᠢ ᠶᠡᠭᠡ ᠶᠠᠪᠤᠳᠠᠯ ᠂ ᠪᠠᠶᠠᠷᠲᠤ ᠶᠠᠪᠤᠳᠠᠯ ᠪᠣᠯᠬᠤ ᠮᠥᠷᠲᠡᠭᠡᠨ ᠪᠠᠰᠠ ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ  ᠤᠨ ᠤᠢᠢᠷ᠎ᠠ ᠶᠢᠨ ᠵᠢᠯ ᠳᠤ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ ︽ᠥᠨᠳᠦᠷᠯᠢᠭ︾ ᠠᠴᠠ ︽ᠤᠷᠬᠢᠯ ︾ ᠲᠡᠶᠢᠰᠢ ᠤᠷᠤᠭᠰᠢᠯᠠᠭᠰᠠᠨ ᠦᠢᠯᠡᠳᠦᠯᠭᠡ ᠶᠢᠨ ᠦᠷ᠎ᠡ ᠪᠦᠲᠦᠭᠡᠯ ᠪᠣᠯᠬᠤ ᠶᠤᠮ  ᠃ ︵ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠬᠠᠩᠭᠠᠪᠠ︶     ᠬᠤᠶᠠᠷ᠂ ᠥᠪᠥᠷ ᠮᠣᠩᠭᠤᠯ ᠤᠨ ᠥᠷᠨᠢᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ
    5 ᠳ᠋ᠤᠭᠠᠷ ᠰᠠᠷ᠎ᠠ ᠶᠢᠨ 27 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠠᠮᠤᠷ ᠲᠦᠪᠰᠢᠨ ᠤ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠬᠦ ᠪᠠᠷ ᠲᠣᠭᠲᠠᠪᠠ  ᠃     ᠨᠢᠭᠡ ᠰᠠᠷ᠎ᠠ ᠶᠢᠨ ᠬᠤᠭᠤᠴᠠᠭ᠎ᠠ ᠶᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠬᠢᠭᠡᠳ ᠱᠠᠰᠢᠨ ᠰᠤᠷᠲᠠᠬᠤᠨ᠂ ᠭᠠᠯ ᠢ ᠰᠡᠷᠭᠡᠶᠢᠯᠡᠬᠦ ᠵᠡᠷᠭᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠤᠷᠰᠢᠯᠴᠠᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠬᠢᠨᠠᠨ ᠪᠠᠶᠢᠴᠠᠭᠠᠬᠤ ᠠᠵᠢᠯ ᠤᠨ 4 ᠳᠤᠭᠤᠶᠢᠯᠠᠩ ᠢ ᠪᠦᠷᠢᠯᠳᠦᠭᠦᠯᠵᠦ᠂ ᠡᠯ᠎ᠡ ᠠᠶᠢᠮᠠᠭ ᠬᠤᠲᠠ ᠶᠢᠨ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ  ᠳᠤ ᠪᠦᠬᠦᠨ ᠢ ᠬᠠᠮᠤᠷᠬᠤ ᠮᠠᠶ᠋ᠢᠭ ᠤᠨ ᠥᠪᠡᠰᠦᠪᠡᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠬᠦ ᠨᠢᠭᠡᠴᠢ ᠪᠣᠯᠤᠨ ᠣᠷᠣᠨ ᠤ ᠬᠠᠮᠠᠭᠠᠯᠠᠯᠲᠠ ᠶᠢᠨ ᠬᠡᠰᠡᠭ ᠨᠢᠭᠡᠴᠢ ᠳᠤ ᠭᠤᠤᠯᠳᠠᠯᠭ᠎ᠠ ᠲᠠᠢ ᠬᠢᠨᠠᠨ ᠪᠠᠶᠢᠴᠠᠭᠠᠯᠲᠠ ᠬᠢᠪᠡ᠃ ᠬᠢᠨᠠᠨ ᠪᠠᠶᠢᠴᠠᠭᠠᠵᠤ ᠨᠤᠲᠠᠯᠠᠭᠰᠠᠨ ᠢᠶᠠᠷ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠨᠢᠭᠡᠴᠢ ᠳᠤ 156 ᠠᠰᠠᠭᠤᠳᠠᠯ ᠣᠷᠣᠰᠢᠵᠤ᠂ 114 ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠭᠠᠵᠠᠷ ︵ᠤᠯᠤᠰ ᠤᠨ ᠪᠠᠲᠤᠯᠠᠨ ᠬᠠᠮᠠᠭᠠᠯᠠᠯᠲᠠ ᠶᠢᠨ 69 ᠭᠠᠵᠠᠷ᠂ ᠣᠷᠣᠨ ᠤ ᠬᠠᠮᠠᠭᠠᠯᠠᠯᠲᠠ ᠶᠢᠨ 45 ᠭᠠᠵᠠᠷ︶ ᠲᠤ ᠬᠤᠯᠪᠣᠭᠳᠠᠵᠠᠶ᠂ ᠡᠭᠦᠨ ᠳᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠰ ᠪᠡᠶ᠎ᠡ ᠳᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ 91 ︵ᠤᠯᠤᠰ ᠤᠨ ᠲᠡᠦᠬᠡ  ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠠᠴᠠ ᠬᠠᠷᠢᠭᠤ ᠲᠤᠰᠬᠠᠭᠰᠠᠨ 37 ᠲᠥᠷᠥᠯ ᠵᠦᠶᠯ᠂ ᠠᠶᠤᠯ ᠠᠴᠠ ᠠᠪᠤᠷᠠᠵᠤ ᠪᠠᠬᠢᠯᠡᠬᠦ ᠴᠢᠬᠤᠯᠠᠲᠠᠶ ᠨᠢ 14  ᠂ ᠬᠠᠮᠠᠭᠠᠯᠠᠵᠤ ᠰᠡᠯᠪᠢᠨ ᠵᠠᠰᠠᠬᠤ ᠴᠢᠬᠤᠯᠠᠲᠠᠶ ᠨᠢ 40 ᠪᠠᠭᠲᠠᠨ᠎ᠠ︶ ᠪᠠᠶᠢᠵᠤ᠂ ᠪᠤᠰᠤᠳ ᠠᠰᠠᠭᠤᠳᠠᠯ 65 ︵︽ᠭᠤᠷᠪᠠ ᠶᠢ ᠰᠡᠷᠭᠡᠶᠢᠯᠡᠬᠦ︾ ᠠᠮᠤᠷ ᠲᠦᠪᠰᠢᠨ ᠤ ᠠᠰᠠᠭᠤᠳᠠᠯ 36᠂ ︽ᠳᠥᠷᠪᠡ ᠪᠠᠶᠢᠬᠤ︾ ᠠᠵᠢᠯ ᠤᠨ ᠠᠰᠠᠭᠤᠳᠠᠯ 8᠂ ᠣᠷᠴᠢᠨ ᠲᠣᠭᠤᠷᠢᠨ ᠢ ᠵᠠᠰᠠᠬᠤ ᠠᠰᠠᠭᠤᠳᠠᠯ 10᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ 11 ᠪᠣᠶ︶ ᠪᠠᠶᠢᠨ᠎ᠠ᠃ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠬᠤ  ᠪᠠᠷ ᠳᠠᠮᠵᠢᠭᠤᠯᠤᠨ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠳᠠᠭᠠᠯᠠᠭᠳᠠᠵᠤ ᠪᠠᠶᠢᠭ᠎ᠠ ᠣᠳᠣᠬᠢ ᠪᠠᠶᠢᠳᠠᠯ᠂ ᠬᠠᠮᠢᠶᠠᠷᠤᠯᠲᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠢ ᠲᠣᠳᠣᠷᠬᠠᠶ ᠣᠶᠢᠯᠠᠭᠠᠵᠤ᠂ ᠲᠤᠬᠠᠶ ᠶᠢᠨ ᠲᠠᠯᠠᠪᠠᠶ ᠳᠤ ᠬᠠᠷᠢᠭᠤ ᠲᠤᠰᠬᠠᠬᠤ᠂ ᠵᠠᠷᠯᠠᠨ ᠮᠡᠳᠡᠭᠳᠡᠵᠦ ᠰᠢᠮᠳᠠᠭᠤᠯᠤᠨ ᠭᠦᠶᠴᠡᠳᠬᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠰᠢᠮᠳᠠᠭᠤᠯᠤᠨ ᠪᠠᠶᠢᠴᠠᠭᠠᠪᠠ᠃ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠪᠠᠷ ᠳᠠᠮᠵᠢᠭᠤᠯᠤᠨ᠂ ᠠᠮᠤᠷ ᠲᠦᠪᠰᠢᠨ ᠤ ᠲᠦᠷᠢᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠪᠠ  ᠃ ︵ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠭᠠᠵᠠᠷ ᠬᠠᠩᠭᠠᠪᠠ︶     ᠭᠤᠷᠪᠠ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠢ ᠰᠦᠯᠵᠢᠶᠡᠨ ᠳᠡᠭᠡᠷᠡᠬᠢ ᠰᠣᠶᠣᠯ ᠤᠨ ᠦᠶᠯᠡᠴᠢᠯᠡᠭᠡ ᠣᠯᠠᠨ ᠤ ᠬᠦᠷᠢᠶᠡᠯᠡᠯ ᠢ ᠤᠯᠪᠠ
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠳᠤ ᠪᠦᠬᠦ ᠲᠠᠯ᠎ᠠ ᠪᠠᠷ ᠢᠯᠠᠯᠲᠠ ᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 1 ᠳ᠋ᠣᠭᠡᠷ ᠰᠠᠷ᠎ᠠ ᠶᠢᠨ 24 ᠤ ᠡᠳᠦᠷ ᠠᠴᠠ ᠡᠬᠢᠯᠡᠨ  ᠂ ᠪᠦᠬᠦ ᠣᠷᠣᠨ ᠤ ᠡᠯ᠎ᠡ ᠭᠠᠵᠠᠷ ᠤᠨ ᠤᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠰᠣᠶᠣᠯ ᠤᠨ ᠦᠷᠳᠡᠭᠡ ᠪᠣᠯᠤᠨ ᠰᠣᠶᠣᠯ ᠤᠨ ᠠᠵᠢᠯᠯᠠᠭᠠᠨ ᠤ ᠭᠡᠷ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠤᠷ ᠵᠠᠯᠭᠠᠭ᠎ᠠ ᠪᠠᠷ ᠡᠭᠦᠳᠡ ᠪᠠᠨ ᠬᠠᠭᠠᠪᠠ᠃ ᠭᠡᠪᠡᠴᠦ ᠡᠭᠦᠳᠡ ᠪᠠᠨ ᠬᠠᠭᠠᠭᠰᠠᠨ ᠴᠤ ᠦᠢᠯᠡᠴᠢᠯᠡᠭᠡ ᠪᠠᠨ ᠵᠤᠭᠰᠤᠭᠰᠠᠨ ᠦᠭᠡᠢ᠂ ᠲᠣᠰ ᠪᠡᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠤᠬᠠᠭᠤᠯᠭ᠎ᠠ ᠪᠠ ᠦᠶᠯᠡᠴᠢᠯᠡᠭᠡᠨ ᠤ ᠡᠭᠦᠷᠭᠡ ᠴᠢᠳᠠᠪᠬᠢ ᠪᠠᠨ ᠭᠦᠶᠴᠡᠳ ᠪᠠᠳᠠᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ  ᠪᠠᠨ ᠬᠢᠵᠢᠭ ᠲᠠᠢ ᠲᠡᠮᠡᠴᠡᠬᠦ ᠬᠦᠴᠦᠨ ᠪᠣᠯᠭᠠᠨ ᠨᠢᠭᠲᠠᠷᠠᠭᠤᠯᠵᠤ᠂ ᠦᠬᠠᠨ ᠳᠤ ᠬᠦᠴᠦ ᠨᠡᠮᠡᠷᠢᠯᠡᠵᠦ᠂ ᠳᠤᠮᠳᠠᠳᠤ ᠤᠯᠤᠰ ᠲᠤ ᠬᠦᠴᠦ ᠨᠡᠮᠡᠷᠢᠯᠡᠪᠡ  ᠃     ᠬᠢᠵᠢᠭ ᠤᠨ ᠪᠠᠶᠢᠳᠠᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠨᠣᠮ ᠤᠨ ᠰᠠᠩ ᠨᠢ ᠨᠡᠶᠢᠲᠡ 112TB ᠲᠣᠭᠠᠴᠢᠯᠠᠭᠰᠠᠨ ᠡᠬᠢ ᠪᠠᠶᠠᠯᠢᠭ ᠬᠠᠩᠭᠠᠵᠤ᠂ ᠠᠯᠪᠠᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ  ᠤᠨ ᠨᠡᠶᠢᠲᠡᠯᠡᠭᠰᠡᠨ ᠮᠡᠳᠡᠭᠡ ᠵᠠᠩᠭᠢ ᠶᠢ ᠤᠩᠰᠢᠭᠰᠠᠨ ᠬᠡᠮᠵᠢᠶ᠎ᠡ ᠨᠢ 285255 ᠤᠳᠠᠭ᠎ᠠ ᠬᠦᠷᠴᠦ᠂ ᠲᠤᠭ᠎ᠠ ᠪᠠᠷᠢᠮᠲᠠ ᠶᠢᠨ ᠬᠥᠮᠥᠷᠭᠡ ᠶᠢ ᠤᠩᠰᠢᠭᠰᠠᠨ ᠬᠡᠮᠵᠢᠶ᠎ᠡ ᠨᠢ ᠨᠡᠶᠢᠲᠡ 161 ᠲᠦᠮᠡᠨ ᠤᠳᠠᠭ᠎ᠠ ᠬᠦᠷᠴᠦ᠂ ᠲᠤᠭ᠎ᠠ ᠪᠠᠷᠢᠮᠲᠠ ᠶᠢ ᠪᠠᠭᠤᠯᠭᠠᠭᠰᠠᠨ ᠬᠡᠮᠵᠢᠶ᠎ᠡ ᠨᠢ 850 ᠲᠦᠮᠡᠨ ᠵᠤᠷᠪᠤᠰ ᠬᠦᠷᠪᠡ᠃ ᠡᠯ᠎ᠡ ᠲᠦᠷᠦᠯ ᠤᠨ ᠠᠵᠢᠯᠯᠠᠭ᠎ᠠ ᠳᠤ 20 ᠭᠠᠷᠤᠢ ᠲᠦᠮᠡᠨ ᠬᠥᠮᠦᠨ ᠤᠳᠠᠭ᠎ᠠ ᠣᠷᠣᠯᠴᠠᠪᠠ᠃ ᠪᠥᠬᠦ ᠣᠷᠣᠨ ᠤ ᠨᠣᠮ ᠤᠨ ᠰᠠᠩ ᠰᠦᠯᠵᠢᠶᠡᠨ ᠳᠡᠭᠡᠷᠡᠬᠢ ᠲᠠᠪᠴᠠᠩ ᠵᠢᠴᠢ ᠬᠠᠯᠠᠮᠰᠢᠯ ᠲᠣᠭᠠᠴᠢᠯᠠᠭᠰᠠᠨ ᠡᠬᠢ ᠪᠠᠶᠠᠯᠢᠭ ᠢ ᠠᠰᠢᠭᠯᠠᠨ᠂ ᠪᠥᠬᠦ ᠵᠢᠯ ᠳᠤ 20000 ᠭᠠᠷᠤᠶ ᠤᠩᠰᠢᠭᠴᠢ ᠳᠤ ᠳᠡᠯᠭᠡᠷᠡᠭᠦᠯᠵᠦ᠂ ᠬᠤᠪᠢ ᠬᠥᠮᠦᠨ ᠤ ᠨᠣᠮ ᠤᠨ ᠲᠠᠯᠪᠢᠭᠤᠷ ᠲᠤ 5300 ᠳᠡᠪᠲᠡᠷ ᠨᠣᠮ ᠤᠨ ᠰᠠᠩ ᠢ ᠬᠠᠳᠠᠭᠠᠯᠠᠵᠤ᠂ ᠰᠦᠯᠵᠢᠶ᠎ᠡ ᠪᠠᠷ 3000 ᠭᠠᠷᠤᠶ ᠳᠡᠪᠲᠡᠷ ᠨᠤᠮ ᠤᠩᠰᠢᠵᠤ ︵ᠨᠣᠮ ᠰᠣᠨᠣᠰᠬᠤ︶᠂ ᠤᠩᠰᠢᠭᠴᠢ 7650 ᠤᠳᠠᠭ᠎ᠠ ᠬᠤᠪᠢᠶᠠᠯᠴᠠᠪᠠ᠃ ᠥᠪᠥᠷ ᠮᠣᠩᠭᠤᠯ ᠤᠨ ᠰᠣᠶᠣᠯ ᠤᠨ ᠡᠭᠦᠯᠡᠨ ᠲᠠᠪᠴᠠᠩ᠂ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠤ ᠰᠦᠯᠵᠢᠶ᠎ᠡ ᠨᠢ ᠦᠨᠳᠦᠰᠦᠨ ᠱᠠᠲᠤᠨ ᠤ ᠣᠯᠠᠨ ᠲᠦᠮᠡᠨ ᠳᠤ ᠨᠢᠭᠡ ᠥᠷᠲᠡᠭᠡ ᠮᠠᠶ᠋ᠢᠭ ᠤᠨ᠂ ᠬᠤᠷᠠᠮᠠᠯ ᠮᠠᠶ᠋ᠢᠭ ᠤᠨ ᠣᠯᠠᠨ ᠨᠡᠶᠢᠲᠡ ᠶᠢᠨ ᠲᠣᠭᠠᠴᠢᠯᠠᠭᠰᠠᠨ ᠰᠣᠶᠣᠯ ᠤᠨ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠡᠯ᠎ᠡ ᠲᠥᠷᠥᠯ ᠤᠨ ᠰᠣᠶᠣᠯ ᠤᠨ ᠮᠡᠳᠡᠭᠡ ᠵᠠᠩᠭᠢ ᠶᠢ 2000 ᠭᠠᠷᠤᠶ ᠵᠤᠷᠪᠤᠰ ᠬᠠᠩᠭᠠᠵᠤ᠂ 5000 ᠭᠠᠷᠤᠶ ᠬᠢᠴᠢᠶᠡᠯ ᠤᠨ ᠴᠠᠭ ᠤᠨ ᠪᠤᠯᠪᠠᠰᠤᠷᠠᠭᠤᠯᠤᠯ ᠬᠢᠵᠦ᠂ 2000 ᠭᠠᠷᠤᠶ ᠪᠦᠯᠦᠭ ᠪᠤᠰᠤᠳ ᠡᠬᠢ ᠪᠠᠶᠠᠯᠢᠭ ᠢ ᠬᠠᠩᠭᠠᠵᠤ᠂ 100 ᠭᠠᠷᠤᠶ ᠳᠠᠯᠠᠪᠠᠢ ᠰᠣᠶᠣᠯ ᠤᠨ ᠠᠵᠢᠯᠯᠠᠭ᠎ᠠ ᠶᠢ ᠰᠢᠭᠤᠳ ᠨᠡᠪᠲᠡᠷᠡᠭᠦᠯᠪᠡ᠃ 2020 ᠣᠨ ᠤ 2 ᠳ᠋ᠤᠭᠠᠷ ᠰᠠᠷ᠎ᠠ ᠠᠴᠠ ᠨᠠᠭᠠᠰᠢ᠂ ᠥᠪᠥᠷ ᠮᠣᠩᠭᠤᠯ ᠤᠨ ᠰᠣᠶᠣᠯ  ᠤᠨ ᠡᠭᠦᠯᠡᠨ ᠲᠠᠪᠴᠠᠩ ᠦᠨᠳᠦᠰᠦᠨ ᠱᠠᠲᠤᠨ ᠤ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠳᠤ 50 ᠭᠠᠷᠤᠢ ᠲᠠᠯᠠᠪᠠᠢ ᠰᠢᠭᠤᠳ ᠨᠡᠪᠲᠡᠷᠡᠭᠦᠯᠭᠡ ᠬᠠᠩᠭᠠᠵᠤ᠂ ᠣᠷᠣᠯᠴᠠᠭᠰᠠᠨ ᠬᠥᠮᠦᠨ ᠤ ᠲᠤᠭ᠎ᠠ 150 ᠲᠦᠮᠡᠨ ᠬᠥᠮᠦᠨ ᠤᠳᠠᠭ᠎ᠠ ᠳᠤ ᠬᠦᠷᠴᠦ᠂ ᠰᠦᠯᠵᠢᠶᠡᠨ ᠳᠡᠭᠡᠷᠡᠬᠢ ᠡᠯ᠎ᠡ ᠵᠦᠢᠯ ᠤᠨ ᠠᠵᠢᠯᠯᠠᠭ᠎ᠠ 10 ᠤᠳᠠᠭ᠎ᠠ ᠥᠷᠨᠢᠭᠦᠯᠪᠡ᠂ ᠵᠢᠱᠢᠶᠡᠯᠡᠪᠡᠯ᠂ ︽ᠪᠦᠬᠦ ᠠᠷᠠᠳ ᠢᠶᠠᠷ ᠢᠶᠠᠨ ᠬᠢᠵᠢᠭ ᠲᠠᠢ ᠲᠡᠮᠡᠴᠡᠬᠦ ᠳᠤ ᠤᠯᠠᠨ ᠲᠦᠮᠡᠨ ᠤ ᠰᠣᠶᠣᠯ ᠢᠶᠠᠷ ᠲᠤᠰᠠᠯᠠᠬᠤ︾ ᠪᠦᠬᠦ ᠣᠷᠣᠨ ᠤ ᠰᠣᠶᠣᠯ ᠤᠨ ᠣᠷᠳᠣᠨ ᠤ ᠡᠷᠬᠢᠯᠡᠭᠰᠡᠨ ᠪᠦᠯᠬᠦᠮ ᠤᠨ ᠰᠢᠯᠢᠳᠡᠭ ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ ᠠᠵᠢᠯᠯᠠᠭ᠎ᠠ ᠥᠷᠨᠢᠭᠦᠯᠵᠦ᠂ 22 ᠠᠶᠢᠮᠠᠭ ᠬᠤᠳᠠ ᠶᠢᠨ ᠲᠤᠰᠬᠠᠢ ᠨᠢᠭᠤᠷ ᠬᠠᠭᠤᠳᠠᠰᠤ ᠶᠢ ᠵᠣᠬᠢᠶᠠᠨ ᠨᠡᠶᠢᠲᠡᠯᠡᠵᠦ᠂ ᠪᠦᠬᠦ ᠣᠷᠣᠨ ᠤ 46 ᠣᠷᠳᠣᠨ ᠠᠴᠠ ᠡᠷᠬᠢᠯᠡᠭᠰᠡᠨ ᠰᠢᠯᠢᠳᠡᠭ ᠪᠦᠯᠬᠦᠮ ᠢ ᠰᠣᠩᠭᠤᠨ ᠨᠡᠶᠢᠲᠡᠯᠡᠵᠦ᠂ ᠨᠡᠶᠢᠳᠡ 67 ᠤᠳᠬ᠎ᠠ ᠤᠷᠠᠯᠢᠭ ᠤᠨ ᠪᠦᠲᠦᠭᠡᠯ ᠢ ᠳᠡᠯᠭᠡᠨ ᠦᠵᠡᠭᠦᠯᠵᠡᠢ︔ ᠳᠤᠮᠳᠠᠳᠤ ᠤᠯᠤᠰ ᠤᠨ ᠨᠡᠭᠡᠭᠡᠯᠲᠡ ᠶᠢᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠬᠢᠵᠢᠭ ᠢ ᠰᠡᠷᠭᠡᠶᠢᠯᠡᠬᠦ ᠰᠡᠳᠬᠢᠴᠡ  ᠶᠢᠨ ᠮᠡᠳᠡᠯᠭᠡ ᠶᠢᠨ 60 ᠬᠢᠴᠢᠶᠡᠯ ᠬᠠᠩᠭᠠᠪᠠ᠃ ᠪᠤᠯᠪᠠᠰᠤᠷᠠᠭᠤᠯᠤᠯ᠂ ᠲᠠᠶᠢᠯᠤᠮᠵᠢ᠂ ᠲᠤᠰᠬᠠᠶ ᠰᠡᠳᠦᠪᠲᠦ ᠹᠢᠯᠢᠮ ᠵᠡᠷᠭᠡ 8000 ᠰᠢᠬᠠᠮ ᠪᠦᠯᠦᠭ ᠬᠠᠩᠭᠠᠪᠠ᠃ ︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠭᠠᠵᠠᠷ ᠬᠠᠩᠭᠠᠪᠠ︶     ᠳᠥᠷᠪᠡ᠂ 2020 ᠣᠨ ᠤ ᠪᠥᠬᠦ ᠣᠷᠣᠨ ᠤ ᠤᠯᠠᠭᠠᠨᠮᠥ᠋ᠴᠢᠷ ᠤᠨ ᠰᠣᠯᠢᠯᠴᠠᠭ᠎ᠠ ᠲᠣᠭᠯᠠᠯᠲᠠ ᠶᠢᠨ ᠰᠢᠷᠢᠰ ᠠᠵᠢᠯᠯᠠᠭ᠎ᠠ ᠡᠯ᠎ᠡ ᠡᠲᠡᠭᠡᠳ ᠤᠨ ᠰᠠᠶᠢᠨ ᠦᠨᠡᠯᠡᠯᠲᠡ ᠶᠢ ᠤᠯᠪᠠ
    8 ᠳ᠋ᠤᠭᠠᠷ ᠰᠠᠷ᠎ᠠ ᠶᠢᠨ 22 ᠤᠨ ᠡᠳᠦᠷ᠂ 2020 ᠣᠨ ᠤ ᠪᠥᠬᠦ ᠣᠷᠣᠨ ᠤ ᠤᠯᠠᠭᠠᠨᠮᠥ᠋ᠴᠢᠷ ᠤᠨ ᠰᠣᠯᠢᠯᠴᠠᠭᠠᠨ ᠤ ᠲᠣᠭᠯᠠᠯᠲᠠ ᠶᠢᠨ ᠡᠬᠢᠯᠡᠯᠲᠡ ᠶᠢᠨ ᠶᠣᠰᠣᠯᠠᠯ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠶᠢᠨ ᠲᠠᠯ᠎ᠠ ᠨᠤᠲᠤᠭ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃     ᠰᠢᠨ᠎ᠡ ᠴᠠᠭ ᠦᠶ᠎ᠡ ᠶᠢᠨ《 ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ 》 ᠤᠨ ᠨᠠᠷᠠᠲᠤ ᠲᠡᠮᠳᠡᠭ ᠢ ᠡᠭᠦᠳᠴᠦ᠂ ᠪᠥᠬᠦ ᠣᠷᠣᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠤᠰ ᠠᠵᠢᠯᠯᠠᠭ᠎ᠠ ᠨᠢ 8 ᠳ᠋ᠤᠭᠠᠷ ᠰᠠᠷ᠎ᠠ ᠶᠢᠨ 18   ᠤ ᠡᠳᠦᠷ  ᠠᠴᠠ 9 ᠳ᠋ᠦ᠋ᠭᠡᠷ ᠰᠠᠷ᠎ᠠ ᠶᠢᠨ 16   ᠤ ᠡᠳᠦᠷ ᠪᠣᠯᠲᠠᠯ᠎ᠠ᠂ ᠭᠠᠳᠠᠨᠠᠬᠢ ᠲᠣᠭᠯᠠᠯᠲᠠ ᠪᠠᠷ ᠭᠤᠤᠯ ᠪᠣᠯᠭᠠᠵᠤ᠂ ᠰᠦᠯᠵᠢᠶᠡᠨ ᠳᠡᠭᠡᠷᠡᠬᠢ ᠬᠠᠷᠢᠯᠴᠠᠭ᠎ᠠ ᠪᠠᠷ ᠬᠠᠪᠰᠤᠷᠤᠮᠵᠢ ᠪᠣᠯᠭᠠᠵᠤ᠂ ᠪᠥᠬᠦ ᠣᠷᠣᠨ ᠠᠴᠠ 16 ᠰᠢᠯᠢᠳᠡᠭ ᠤᠯᠠᠭᠠᠨᠮᠥ᠋ᠴᠢᠷ ᠢ ᠰᠢᠯᠢᠨ ᠰᠣᠩᠭᠤᠵᠤ᠂ 8 ᠳᠤᠭᠤᠶᠢᠯᠠᠩ ᠬᠤᠪᠢᠶᠠᠨ ᠠᠶᠢᠮᠠᠭ ᠬᠤᠲᠠ ᠠᠯᠤᠰᠯᠠᠭᠰᠠᠨ᠂ ᠬᠤᠰᠢᠭᠤ ᠰᠢᠶᠠᠨ ᠠᠯᠤᠰᠯᠠᠭᠰᠠᠨ᠂ ᠨᠢᠭᠡ ᠳᠤ ᠨᠢᠭᠡ᠂ ᠴᠡᠭ ᠲᠤ ᠬᠠᠨᠳᠤᠭᠤᠯᠤᠭᠰᠠᠨ ᠰᠣᠶᠣᠯ ᠤᠨ ᠰᠣᠯᠢᠯᠴᠠᠭᠠᠨ ᠤ ᠲᠣᠭᠯᠠᠯᠲᠠ ᠭᠠᠷᠭᠠᠪᠠ᠃ ᠡᠯ᠎ᠡ ᠤᠯᠠᠭᠠᠨᠮᠥ᠋ᠴᠢᠷ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠦᠶᠯᠡᠳᠪᠦᠷᠢ ᠠᠭᠤᠷᠬᠠᠶ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ᠂ ᠰᠤᠷᠭᠠᠭᠤᠯᠢ ᠴᠡᠷᠢᠭ ᠠᠩᠭᠢ ᠳᠤ ᠭᠦᠨᠵᠡᠭᠡᠶᠢᠷᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠤ᠂ ᠵᠢᠵᠢᠭ ᠬᠡᠯᠪᠡᠷᠢ ᠶᠢᠨ ᠪᠥᠭᠡᠳ ᠣᠯᠠᠨ ᠶᠠᠩᠵᠤ ᠶᠢᠨ᠂ ᠣᠨᠴᠠᠯᠢᠭ ᠢᠶᠠᠷ ᠢᠯᠡ ᠲᠣᠳᠣ 115 ᠲᠠᠯᠠᠪᠤᠷ ᠲᠣᠭᠯᠠᠯᠲᠠ ᠶᠢᠨ ᠦᠶᠯᠡᠴᠢᠯᠡᠭᠡ ᠶᠢ ᠥᠷᠭᠡᠨ ᠣᠯᠠᠨ ᠮᠠᠯᠴᠢᠨ ᠲᠠᠷᠢᠶᠠᠴᠢᠨ ᠤ ᠳᠤᠮᠳᠠ ᠬᠦᠷᠭᠡᠪᠡ᠃《 ᠤᠯᠤᠰ ᠤᠨ ᠪᠠᠶᠠᠷ᠂ ᠨᠠᠶᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ 》 ᠤᠨ ᠬᠤᠭᠤᠴᠠᠭᠠᠨ ᠳᠤ ᠪᠥᠬᠦ ᠣᠷᠣᠨ ᠤ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ 《 ᠲᠠᠯ᠎ᠠ ᠨᠤᠲᠤᠭ  ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠬᠠᠮᠲᠤ ᠪᠠᠷ ᠴᠤᠭᠯᠠᠷᠠᠬᠤ 》ᠭᠤᠤᠯ ᠰᠡᠳᠦᠪᠲᠦ ᠤᠳᠬ᠎ᠠ ᠤᠷᠠᠯᠢᠭ ᠤᠨ ᠤᠬᠠᠭᠤᠯᠭ᠎ᠠ ᠶᠢᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ 11 ᠳ᠋ᠤᠭᠡᠷ ᠰᠠᠷ᠎ᠠ ᠳᠤ᠂ ᠪᠥᠬᠦ ᠣᠷᠣᠨ ᠤ ᠰᠢᠨ᠎ᠡ ᠬᠥᠮᠦᠨ ᠰᠢᠨ᠎ᠡ ᠪᠦᠲᠦᠭᠡᠯ ᠤᠨ ᠤᠷᠤᠯᠳᠤᠭᠠᠨ  ᠢ ᠡᠷᠭᠢᠯᠡᠵᠦ᠂ ᠳᠠᠯᠠᠳ ᠬᠤᠰᠢᠭᠤᠨ ᠤ ᠤᠯᠠᠭᠠᠨᠮᠥ᠋ᠴᠢᠷ ᠤᠨ ᠭᠤᠷᠪᠠᠨ ᠲᠤᠭᠯᠠᠭᠴᠢ ᠤᠷᠤᠯᠳᠤᠭᠠᠨ ᠳᠤ ᠣᠷᠣᠯᠴᠠᠬᠤ  ᠪᠠᠷ ᠤᠴᠢᠬᠤ ᠵᠠᠮ ᠳᠤ  ᠪᠠᠨ ᠭᠠᠯᠲᠤ ᠲᠡᠷᠭᠡᠨ ᠳᠡᠭᠡᠷᠡᠬᠢ ᠠᠶᠠᠨᠴᠢᠳ ᠲᠤ ᠲᠣᠭᠯᠠᠯᠲᠠ ᠭᠠᠷᠭᠠᠨ ᠰᠤᠨᠢᠷᠬᠠᠭᠤᠯᠤᠭᠰᠠᠨ ᠨᠢ ᠪᠥᠬᠦ ᠰᠦᠯᠵᠢᠶ᠎ᠡ ᠪᠠᠷ ᠳᠠᠮᠵᠢᠵᠤ᠂ ᠤᠨᠤᠭ᠎ᠠ ᠦᠭᠭᠦᠯᠲᠡ ᠨᠢ 4 ᠳ᠋ᠦᠩᠰᠢᠭᠤᠷ ᠢ ᠳᠠᠪᠠᠪᠠ᠃ 11 ᠳ᠋ᠦ᠋ᠭᠡᠷ ᠰᠠᠷ᠎ᠠ ᠶᠢᠨ 21   ᠤ ᠡᠳᠦᠷ᠂ ᠪᠥᠬᠦ ᠣᠷᠣᠨ ᠤ《 ᠵᠠᠭᠤᠨ ᠪᠦᠯᠬᠦᠮ ᠮᠢᠩᠭᠠᠨ ᠲᠠᠯᠠᠪᠠᠢ ᠦᠨᠳᠦᠰᠦᠨ ᠱᠠᠲᠤᠨ ᠳᠤ ᠪᠠᠭᠤᠬᠤ 》ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠡᠬᠢᠯᠡᠭᠦᠯᠪᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ ᠭᠠᠵᠠᠷ ᠬᠠᠩᠭᠠᠪᠠ︶     ᠲᠠᠪᠤ᠂ ᠲᠠᠯ᠎ᠠ ᠨᠤᠲᠤᠭ ᠤᠨ ᠵᠢᠭᠤᠯᠴᠢᠯᠠᠯ ᠢ ᠡᠮᠬᠢ ᠵᠠᠮᠪᠠᠷᠠᠭ᠎ᠠ ᠥᠬᠡᠶ ᠨᠡᠭᠡᠭᠡᠨ ᠬᠥᠭᠵᠢᠭᠦᠯᠵᠦ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠠᠮᠵᠢᠯᠲᠠ ᠲᠠᠢ ᠪᠡᠶᠡᠯᠡᠭᠦᠯᠪᠡ
    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ《 ᠠᠮᠢ ᠠᠬᠤᠶ ᠶᠢ ᠬᠠᠮᠠᠭᠠᠯᠠᠵᠤ᠂ ᠪᠣᠬᠢᠷᠲᠤᠯ ᠥᠬᠡᠶ ᠬᠥᠭᠵᠢᠭᠦᠯᠬᠦ 》᠂《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠤᠰᠤ 》ᠭᠡᠬᠦ ᠬᠥᠭᠵᠢᠯᠲᠡ ᠶᠢᠨ ᠣᠨᠣᠯᠵᠢᠬᠤᠨ ᠢ ᠦᠶᠯᠡᠳᠦᠯᠭᠡᠵᠢᠭᠦᠯᠵᠦ᠂ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ  ︶   ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ  ᠪᠠᠷ ᠴᠢᠩᠭᠠᠳᠬᠠᠵᠤ᠂ ᠴᠡᠭᠴᠡᠯᠡᠨ ᠵᠠᠰᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃     ᠲᠠᠯ᠎ᠠ ᠨᠤᠲᠤᠭ ᠤᠨ ᠵᠢᠭᠤᠯᠴᠢᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠡᠷᠡ ᠳᠠᠷᠤᠶ ᠳᠤ  ᠨᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠪᠠᠷ ᠳᠤᠭᠤᠶᠢᠯᠠᠩ  ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠬᠤ ᠲᠢᠩᠬᠢᠮ ᠤᠨ ᠤᠳᠤᠷᠢᠳᠤᠯᠭ᠎ᠠ᠂ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠳᠠᠷᠤᠭ᠎ᠠ᠂ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠤᠳᠤᠷᠢᠳᠬᠤ ᠳᠤᠭᠤᠶᠢᠯᠠᠩ ᠨᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠠᠵᠢᠯ ᠤᠨ ᠲᠥᠰᠦᠯ ᠢ ᠬᠢᠨᠠᠮᠠᠭᠠᠶ ᠰᠤᠳᠤᠯᠵᠤ᠂ ᠨᠠᠷᠢᠨ ᠪᠣᠳᠠᠲᠠᠶ ᠲᠣᠭᠲᠠᠭᠠᠵᠤ᠂ ᠣᠶ ᠰᠢᠭᠤᠶ ᠡᠪᠡᠰᠦ ᠪᠡᠯᠴᠢᠭᠡᠷ ᠵᠡᠷᠭᠡ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠤᠯᠪᠣᠭᠠᠯᠠᠨ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠴᠤ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ  ︵ᠴᠡᠭ︶   ᠤ ᠰᠠᠭᠤᠷᠢ ᠲᠤᠭ᠎ᠠ ᠶᠢ ᠪᠠᠶᠢᠴᠠᠭᠠᠨ ᠵᠢᠭᠰᠠᠭᠠᠬᠤ᠂ ᠴᠡᠭᠴᠡᠯᠡᠨ ᠵᠠᠰᠠᠬᠤ᠂ ᠳ᠋ᠤᠭᠠᠷ ᠬᠠᠰᠤᠬᠤ᠂ ᠰᠢᠯᠭᠠᠨ ᠬᠤᠷᠢᠶᠠᠬᠤ ᠵᠡᠷᠭᠡ ᠠᠵᠢᠯ ᠢ ᠪᠦᠬᠦ ᠲᠠᠯ᠎ᠠ ᠪᠠᠷ ᠬᠢᠪᠡ᠃ ᠪᠦᠷᠢᠳᠬᠡᠯ ᠢ ᠦᠨᠳᠦᠰᠦᠯᠡᠪᠡᠯ᠂ ᠨᠢᠭᠡ ᠵᠢᠯ ᠤᠨ ᠲᠤᠷᠰᠢ᠂ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠳᠤ ᠬᠤᠯᠪᠣᠭᠳᠠᠭᠰᠠᠨ 12 ᠠᠶᠢᠮᠠᠭ ᠬᠤᠲᠠ  ︵ᠲᠦᠯᠦᠪᠯᠡᠭᠡᠨ ᠳᠤ ᠵᠢᠭᠰᠠᠭᠠᠯᠲᠠ ᠲᠠᠢ ᠬᠤᠲᠠ ᠪᠠᠭᠲᠠᠨ᠎ᠠ  ︶ ᠶᠢᠨ 943 ᠵᠢᠭᠤᠯᠴᠢᠯᠠᠯ ᠤᠨ ᠦᠵᠡᠮᠵᠢ ᠶᠢᠨ ᠣᠷᠣᠨ  ︵ᠴᠡᠭ  ︶   ᠢ ᠪᠥᠬᠦ ᠲᠠᠯ᠎ᠠ ᠪᠠᠷ ᠴᠡᠭᠴᠡᠯᠡᠨ ᠵᠠᠰᠠᠪᠠ᠂ ᠡᠭᠦᠨ ᠳᠤ 397 ᠵᠢᠭᠤᠯᠴᠢᠯᠠᠯ ᠤᠨ ᠭᠠᠵᠠᠷ ᠢ ᠨᠤᠷᠠᠭᠠᠵᠤ᠂ 546 ᠭᠠᠷᠳᠠᠮ ᠢ ᠭᠦᠶᠴᠡᠳᠬᠡᠪᠡ᠃ 9 ᠳ᠋ᠤᠭᠡᠷ ᠰᠠᠷ᠎ᠠ ᠶᠢᠨ 30   ᠤ ᠡᠳᠦᠷ᠂ ᠴᠡᠭᠴᠡᠯᠡᠨ ᠥᠭᠡᠷᠡᠴᠢᠯᠡᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠥᠭᠡᠷᠡᠴᠢᠯᠡᠬᠦ ᠡᠭᠦᠷᠭᠡ ᠪᠠᠨ ᠤᠷᠢᠳᠴᠢᠯᠠᠨ ᠪᠡᠶᠡᠯᠡᠭᠦᠯᠦᠭᠰᠡᠨ ᠪᠥᠭᠡᠳ ᠳ᠋ᠤᠭᠠᠷ ᠬᠠᠰᠤᠵᠤ ᠰᠢᠯᠭᠠᠨ ᠬᠤᠷᠢᠶᠠᠯᠲᠠ ᠬᠢᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠪᠴᠢ ᠮᠡᠳᠡᠭᠡ ᠶᠢᠨ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ《ᠭᠤᠤᠯᠳᠠᠯᠭ᠎ᠠ ᠶᠢᠨ ᠲᠣᠭᠤᠷᠢᠨ  ᠳᠤ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠭᠤᠤᠯᠳᠠᠯᠭ᠎ᠠ ᠶᠢ ᠴᠢᠩᠳᠠᠯᠠᠵᠤ ᠨᠠᠷᠢᠯᠢᠭ ᠤᠨᠤᠪᠴᠢᠲᠠᠢ ᠵᠢᠭᠠᠨ ᠵᠢᠯᠤᠭᠤᠳᠴᠤ  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠠᠯ᠎ᠠ ᠨᠤᠲᠤᠭ ᠤᠨ ᠵᠢᠭᠤᠯᠴᠢᠯᠠᠯ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠤᠭᠰᠠᠨ ᠲᠣᠪᠴᠢ ᠮᠡᠳᠡᠭᠡ 》 ᠳᠤ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠠᠯ᠎ᠠ ᠨᠤᠲᠤᠭ ᠤᠨ ᠵᠢᠭᠤᠯᠴᠢᠯᠠᠯ ᠢ ᠴᠡᠭᠴᠡᠯᠡᠨ ᠵᠠᠰᠠᠬᠤ ᠠᠵᠢᠯ ᠤᠨ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠢ ᠭᠦᠶᠴᠡᠳ ᠨᠤᠲᠠᠯᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ 656 ᠳ᠋ᠤᠭᠠᠷ ᠬᠤᠭᠤᠴᠠᠭᠠᠨ ᠤ ᠲᠤᠰᠬᠠᠶ ᠰᠣᠨᠢᠨ ᠤ ᠮᠡᠳᠡᠭᠡ ᠵᠠᠩᠭᠢ ᠳᠤ《 ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠯᠠᠨ ᠠᠷᠭ᠎ᠠ ᠬᠡᠮᠵᠢᠶ᠎ᠡ ᠠᠪᠴᠤ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠠᠬᠢᠭᠤᠯᠪᠠ 》ᠭᠡᠵᠦ ᠨᠡᠶᠢᠲᠡᠯᠡᠵᠦ᠂ ᠳᠡᠳ᠋ ᠲᠡᠷᠢᠭᠦᠯᠡᠭᠴᠢ ᠵᠧᠩ ᠬᠤᠩ ᠹᠠᠨ《 ᠠᠵᠢᠯ ᠨᠢ ᠬᠦᠴᠦᠲᠡᠶ᠂ ᠡᠯ᠎ᠡ ᠵᠦᠶᠯ ᠤᠨ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ 》ᠭᠡᠵᠦ ᠴᠣᠬᠤᠯᠠᠪᠤᠷᠢᠯᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ《 ᠡᠷᠬᠢᠨ ᠬᠠᠷᠠᠬᠤ 》 ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠭᠠᠰ ᠵᠢᠯ ᠤᠨ ᠲᠤᠬᠢᠷᠠᠭᠤᠯᠤᠯᠳᠠ ᠶᠢᠨ ᠬᠤᠷᠠᠯ ᠳᠡᠭᠡᠷ᠎ᠡ᠂  ᠪᠤᠤ ᠭᠠᠩ ᠳᠡᠳ᠋ ᠲᠡᠷᠢᠭᠦᠯᠡᠭᠴᠢ《 ᠰᠣᠶᠣᠯ ᠪᠠ ᠵᠢᠭᠤᠯᠴᠢᠯᠠᠯ ᠤᠨ ᠲᠢᠩᠬᠢᠮ ᠮᠠᠰᠢ ᠰᠠᠶᠢᠨ ᠬᠢᠵᠡᠢ᠂ ᠳᠡᠭᠡᠷ᠎ᠡ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠤᠨ ᠲᠠᠷᠠᠭ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠨᠡᠩ ᠴᠢᠩᠭ᠎ᠠ ᠪᠤᠯᠪᠠ》ᠭᠡᠵᠡᠢ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ ᠤᠨ ᠨᠡᠭᠡᠭᠡᠯᠲᠡ ᠶᠢᠨ ᠭᠠᠵᠠᠷ ᠬᠠᠩᠭᠠᠪᠠ︶     ᠵᠢᠷᠭᠤᠭ᠎ᠠ᠂ ᠪᠠ ᠳ᠋ᠢᠩ ᠤᠨ ᠪᠠᠭᠤᠷᠢ ᠶᠢᠨ ᠬᠠᠭᠤᠴᠢ ᠰᠤᠳᠤᠯᠤᠯ ᠤᠨ ᠢᠯᠡᠷᠡᠭᠦᠯᠦᠯᠲᠡ ᠪᠤᠯ ᠴᠢᠬᠤᠯᠠ ᠶᠡᠭᠡ ᠢᠯᠡᠷᠡᠭᠦᠯᠦᠯᠲᠡ ᠮᠦᠨ᠂ ᠤᠮᠠᠷᠠᠲᠤ ᠸᠧᠶ ᠤᠯᠤᠰ ᠤᠨ ᠮᠤᠨᠢ ᠠᠭᠤᠯᠠ ᠶᠢᠨ ᠬᠠᠭᠠᠨ ᠤ ᠤᠭᠰᠠᠭᠠᠨ ᠤ ᠲᠩᠷᠢ ᠲᠠᠬᠢᠬᠤ ᠪᠠᠭᠤᠷᠢ ᠭᠡᠵᠦ ᠲᠤᠳᠤᠯᠠᠪᠠ
    10 ᠳ᠋ᠤᠭᠠᠷ ᠰᠠᠷ᠎ᠠ ᠶᠢᠨ 28   ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ  ᠶᠢᠨ ᠳᠤᠷᠠᠰᠬᠠᠯᠲᠤ ᠵᠦᠶᠯᠡᠰ  ᠬᠠᠭᠤᠴᠢ ᠰᠤᠳᠤᠯᠤᠯ ᠤᠨ ᠭᠠᠵᠠᠷ ᠬᠥᠬᠡᠬᠤᠲᠠ ᠶᠢᠨ ᠦᠴᠤᠸᠠᠨ ᠰᠢᠶᠠᠨ ᠤ ᠪᠠ ᠳ᠋ᠢᠩ ᠤᠨ ᠪᠠᠭᠤᠷᠢ ᠶᠢᠨ ᠬᠠᠭᠤᠴᠢ ᠰᠤᠳᠤᠯᠤᠯ ᠤᠨ ᠠᠵᠢᠯ ᠴᠢᠬᠤᠯᠠ ᠶᠡᠭᠡ ᠢᠯᠡᠷᠡᠭᠦᠯᠦᠯᠲᠡ ᠤᠯᠪᠠ᠃ ᠪᠠ ᠳ᠋ᠢᠩ  ᠤᠨ ᠪᠠᠭᠤᠷᠢ ᠨᠢ ᠬᠥᠬᠡᠬᠤᠲᠠ ᠶᠢᠨ ᠦᠴᠤᠸᠠᠨ ᠰᠢᠶᠠᠨ ᠤ ᠳ᠋ᠠ ᠴᠢᠩ ᠱᠠᠨ ᠰᠢᠶᠠᠩ ᠤᠨ ᠪᠠ ᠳ᠋ᠢᠩ ᠲᠣᠰᠬᠤᠨ ᠤ ᠪᠠᠷᠠᠭᠤᠨ ᠡᠮᠦᠨ᠎ᠡ ᠮᠢᠩᠭᠠᠨ ᠮᠧᠲᠷ ᠣᠷᠴᠢᠮ ᠤᠨ ᠲᠡᠷᠲᠡᠭᠡ ᠲᠠᠯᠠᠨ ᠬᠠᠷ᠎ᠠ ᠠᠭᠤᠯᠠ ᠶᠢᠨ ᠡᠤ ᠭᠦᠩ ᠪᠠ ᠬᠠᠰᠢᠯᠭ᠎ᠠ  ᠶᠢᠨ ᠤᠷᠤᠢ ᠳᠡᠭᠡᠷ᠎ᠡ ᠪᠠᠶᠢᠷᠢᠯᠠᠵᠤ᠂ ᠬᠠᠮᠤᠭ ᠡᠷᠲᠡ 20 ᠳ᠋ᠤᠭᠠᠷ ᠵᠠᠭᠤᠨ ᠤ ᠨᠠᠶᠠᠭᠠᠳ ᠣᠨ ᠳᠤ ᠥᠷᠨᠢᠭᠦᠯᠦᠭᠰᠡᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠬᠢᠵᠤ᠂ ᠬᠤᠵᠢᠮ ᠨᠢ ᠵᠠᠷᠢᠮ ᠡᠷᠳᠡᠮᠲᠡᠨ ᠬᠤᠶᠢᠨ᠎ᠠ ᠬᠤᠶᠢᠨ᠎ᠠ ᠠᠴᠠ ᠪᠠᠨ ᠪᠠᠶᠢᠴᠠᠭᠠᠯᠲᠠ ᠬᠢᠵᠦ ᠦᠩᠭᠡᠷᠡᠭᠰᠡᠨ ᠪᠤᠯᠪᠠᠴᠤ ᠲᠡᠭᠦᠨ ᠤ ᠰᠢᠨᠵᠢ ᠴᠢᠨᠠᠷ ᠲᠤ ᠶᠡᠷᠦ ᠨᠢ ᠮᠠᠷᠭᠤᠭᠠᠨ ᠲᠠᠢ ᠪᠠᠶᠢᠪᠠ᠃     2019 — 2020 ᠣᠨ ᠳᠤ᠂ ᠲᠣᠰ ᠪᠠᠭᠤᠷᠢ ᠨᠢ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠰᠠᠨᠠᠭᠠᠴᠢᠯᠠᠭ᠎ᠠ ᠠᠴᠠ ᠪᠠᠨ ᠨᠡᠭᠡᠭᠡᠨ ᠮᠠᠯᠲᠠᠬᠤ ᠬᠠᠭᠤᠴᠢ ᠰᠤᠳᠤᠯᠤᠯ ᠤᠨ ᠲᠥᠷᠥᠯ ᠵᠦᠶᠯ ᠢ ᠭᠤᠶᠤᠴᠢᠯᠠᠨ ᠮᠡᠳᠡᠭᠦᠯᠪᠡ᠃ ᠬᠤᠶᠠᠷ ᠵᠢᠯ ᠤᠨ ᠬᠡᠭᠡᠷ᠎ᠡ ᠶᠢᠨ ᠬᠠᠭᠤᠴᠢ ᠰᠤᠳᠤᠯᠤᠯ ᠤᠨ ᠠᠵᠢᠯ ᠢᠶᠠᠷ ᠳᠡᠮᠵᠢᠨ᠂ ᠪᠠᠭᠤᠷᠢ ᠶᠢᠨ ᠪᠠᠷᠢᠯᠭ᠎ᠠ ᠶᠢᠨ ᠪᠦᠲᠦᠴᠡ ᠶᠢ ᠲᠤᠳᠤᠷᠬᠠᠶᠢᠯᠠᠵᠠᠢ᠂ ᠳᠣᠲᠣᠷ᠎ᠠ ᠭᠠᠳᠠᠨ᠎ᠠ ᠲᠠᠬᠢᠯ ᠤᠨ ᠮᠠᠨᠳᠠᠯ᠂ ᠳᠣᠲᠣᠷ᠎ᠠ ᠨᠠᠶᠢᠷᠠᠯᠲᠤ ᠲᠥᠪ᠂ ᠳᠣᠲᠣᠷ᠎ᠠ ᠲᠦᠪ᠂ ᠭᠠᠳᠠᠷ ᠲᠦᠪ᠂ ᠭᠠᠳᠠᠷ ᠨᠠᠶᠢᠷᠠᠯᠲᠤ ᠲᠥᠪ ᠵᠡᠷᠭᠡ ᠲᠠᠪᠤᠨ ᠬᠡᠰᠡᠭ ᠢᠶᠠᠷ ᠪᠦᠷᠢᠯᠳᠦᠵᠦ᠂ ᠪᠠᠭᠤᠷᠢ ᠶᠢᠨ ᠡᠵᠡᠯᠡᠬᠦ ᠲᠠᠯᠠᠪᠠᠶ ᠨᠢ 7620 ᠲᠡᠭᠰᠢ ᠳᠥᠷᠪᠡᠯᠵᠢᠨ ᠮᠧᠲᠷ ᠲᠤ ᠬᠦᠷᠴᠡᠶ︔ ᠪᠠᠭᠤᠷᠢ ᠶᠢᠨ ᠰᠢᠨᠵᠢ ᠴᠢᠨᠠᠷ ᠢ ᠤᠮᠠᠷᠠᠲᠤ ᠸᠧᠶ ᠤᠯᠤᠰ ᠤᠨ ᠮᠤᠨᠢ ᠠᠭᠤᠯᠠ ᠶᠢᠨ ᠬᠠᠭᠠᠨ ᠤ ᠤᠭᠰᠠᠭᠠᠨ ᠤ ᠲᠩᠷᠢ ᠲᠠᠬᠢᠬᠤ ᠪᠠᠭᠤᠷᠢ ᠭᠡᠳᠡᠭ ᠢ ᠮᠠᠭᠠᠳᠯᠠᠨ ᠲᠤᠭᠲᠠᠭᠠᠵᠤ᠂ ᠡᠨᠡ ᠨᠢ ᠸᠧᠶ ᠤᠯᠤᠰ ᠶᠢᠨ ᠤᠯᠤᠰ ᠡᠮᠦᠨᠡᠲᠦ ᠤᠮᠠᠷᠠᠲᠤ ᠲᠥᠷᠥ ᠶᠢᠨ ᠦᠶ᠎ᠡ ᠶᠢᠨ ᠬᠠᠭᠠᠨ ᠤ ᠤᠭᠰᠠᠭᠠᠨ ᠤ ᠲᠩᠷᠢ ᠲᠠᠬᠢᠬᠤ ᠪᠠᠭᠤᠷᠢ ᠶᠢᠨ ᠬᠤᠭᠤᠰᠣᠨ  ᠢ ᠨᠥᠬᠦᠪᠥᠷᠢᠯᠡᠵᠦ᠂ ᠡᠷᠲᠡᠨ ᠤ ᠨᠡᠭᠦᠳᠡᠯᠴᠢᠨ ᠦᠨᠳᠦᠰᠦᠲᠡᠨ ᠬᠢᠭᠡᠳ ᠲᠠᠷᠢᠶᠠᠯᠠᠬᠤ ᠦᠨᠳᠦᠰᠦᠲᠡᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠪᠠ ᠠᠭᠤᠰᠤᠯᠴᠠᠯ ᠤᠨ ᠠᠮᠢᠳᠤᠯᠢᠭ ᠪᠣᠳᠠᠲᠤ ᠪᠣᠳᠠᠰ ᠤᠨ ᠭᠡᠷᠡᠴᠢ ᠪᠣᠯᠪᠠ᠃ 10 ᠳ᠋ᠤᠭᠠᠷ ᠰᠠᠷ᠎ᠠ ᠶᠢᠨ 29   ᠤ ᠡᠳᠦᠷ᠂《 ᠳᠤᠮᠳᠠᠳᠤ ᠤᠯᠤᠰ ᠠᠩᠬ᠎ᠠ ᠤᠳᠠᠭ᠎ᠠ ᠤᠮᠠᠷᠠᠲᠤ ᠸᠧᠶ ᠤᠯᠤᠰ ᠤᠨ ᠬᠠᠭᠠᠨ ᠤ ᠤᠭᠰᠠᠭᠠᠨ ᠤ ᠲᠩᠷᠢ ᠳᠠᠬᠢᠬᠤ ᠪᠠᠭᠤᠷᠢ ᠶᠢ ᠢᠯᠡᠷᠡᠭᠦᠯᠪᠡ 》ᠭᠡᠵᠦ ᠪᠠᠶ ᠳ᠋ᠦ᠋ ᠶᠢᠨ ᠨᠡᠷᠡᠰ  ᠤᠨ ᠵᠢᠭᠰᠠᠭᠠᠯᠲᠠ ᠶᠢᠨ ᠵᠢᠷᠭᠤᠳᠤᠭᠠᠷ ᠲᠤ ᠣᠷᠣᠵᠠᠶ᠃  ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠬᠠᠩᠭᠠᠪᠠ︶     ᠳᠣᠯᠤᠭ᠎ᠠ᠂《 ᠥᠪᠥᠷ ᠮᠣᠩᠭᠤᠯ ᠢᠶᠠᠷ ᠰᠠᠭᠠᠳ ᠦᠭᠡᠢ ᠵᠢᠭᠤᠯᠴᠢᠯᠠᠬᠤ 》ᠠᠵᠢᠯᠯᠠᠭ᠎ᠠ ᠶᠢ ᠪᠥᠬᠦ ᠤᠯᠤᠰ  ᠤᠨ ᠲᠠᠪᠤᠨ ᠮᠤᠵᠢ ᠬᠤᠲᠠ ᠳᠤ ᠠᠮᠵᠢᠯᠲᠠ ᠲᠠᠢ ᠡᠷᠭᠢᠯᠡᠪᠡ᠃
    8 ᠳ᠋ᠤᠭᠠᠷ ᠰᠠᠷ᠎ᠠ ᠶᠢᠨ 11   ᠤ ᠡᠳᠦᠷ ᠠᠴᠠ 16   ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠠᠨᠵᠢᠩ᠂ ᠰᠦᠵᠧᠦ᠂ ᠬᠠᠩᠵᠧᠦ᠂ ᠱᠧᠨᠵᠧᠨ᠂ ᠭᠤᠸᠠᠩᠵᠧᠦ ᠵᠡᠷᠭᠡ ᠲᠠᠪᠤᠨ ᠬᠤᠲᠠ ᠳᠤ ᠰᠣᠶᠣᠯ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠰᠢᠷᠢᠰ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ᠂ ᠵᠠᠩ ᠸᠧᠨ ᠵᠢᠶᠦ᠋ᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠵᠢᠯᠯᠠᠭ᠎ᠠ ᠳᠤ ᠣᠷᠣᠯᠴᠠᠵᠠᠶ᠃     ᠲᠣᠰ ᠠᠵᠢᠯᠯᠠᠭ᠎ᠠ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ 360 ᠭᠠᠷᠤᠶ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠪᠣᠯᠤᠨ ᠰᠣᠨᠢᠨ ᠮᠡᠳᠡᠭᠡᠨ ᠤ ᠵᠠᠭᠤᠴᠢᠯᠠᠭᠤᠷ ᠣᠷᠣᠯᠴᠠᠵᠤ᠂ ᠨᠡᠶᠢᠲᠡ 34 ᠲᠤᠰᠬᠠᠶ ᠣᠷᠣᠨ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠤᠬᠠᠶ ᠶᠢᠨ ᠲᠠᠯᠠᠪᠠᠶ ᠳᠤ ᠲᠣᠰ ᠲᠣᠰ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠭᠦᠨᠵᠡᠭᠡᠶᠢᠷᠡᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠶ᠃ ᠠᠵᠢᠯᠯᠠᠭᠠᠨ ᠤ ᠵᠣᠷᠢᠯᠭ᠎ᠠ ᠨᠢ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠬᠦᠷᠢᠶᠡᠨ  ᠳᠤ ᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠪᠠᠷ ᠬᠠᠮᠲᠤ ᠪᠠᠷ ᠴᠢᠷᠮᠠᠶᠢᠵᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠯᠴᠠᠨ ᠨᠡᠭᠡᠭᠡᠨ ᠬᠥᠭᠵᠢᠭᠦᠯᠬᠦ᠂ ᠵᠢᠭᠤᠯᠴᠢᠯᠠᠭᠴᠢᠳ ᠢ ᠬᠠᠷᠢᠯᠴᠠᠨ ᠬᠦᠷᠭᠡᠬᠦ ᠪᠠ ᠠᠰᠢᠭ ᠲᠤᠰᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠮᠠᠨ ᠤ ᠣᠷᠣᠨ ᠤ ᠰᠣᠶᠣᠯ ᠪᠠ ᠵᠢᠭᠤᠯᠴᠢᠯᠠᠯ ᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠬᠤ ᠶᠢᠨ ᠬᠠᠮᠲᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠤᠨ ᠡᠯ᠎ᠡ ᠠᠶᠢᠮᠠᠭ ᠬᠤᠲᠠ ᠵᠢᠷᠤᠭ ᠪᠢᠴᠢᠭ᠂ ᠳᠠᠭᠤᠤ ᠬᠥᠭᠵᠢᠮ ᠪᠠ ᠤᠬᠠᠭᠤᠯᠭ᠎ᠠ  ᠶᠢᠨ ᠲᠦᠷᠰᠦ ᠰᠢᠩᠭᠡᠭᠡᠯᠲᠡ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠡᠯ᠎ᠡ ᠭᠠᠵᠠᠷ ᠤᠨ ᠥᠪᠡᠷᠮᠢᠴᠡ ᠣᠨᠴᠠᠯᠢᠭ ᠪᠦᠬᠦᠢ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ᠂ ᠣᠯᠠᠨ ᠡᠰᠢᠲᠦ ᠰᠣᠶᠣᠯ ᠪᠠ ᠰᠤᠶᠤᠯᠵᠢᠭᠤᠨ ᠪᠦᠲᠦᠭᠡᠭᠳᠡᠬᠦᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠳᠥᠭᠦᠮ ᠳᠥᠲᠡ ᠵᠠᠮ ᠬᠠᠷᠢᠯᠴᠠᠭ᠎ᠠ ᠪᠠ ᠡᠯᠪᠡᠭ ᠪᠠᠶᠠᠯᠢᠭ ᠵᠢᠭᠤᠯᠴᠢᠯᠠᠯ ᠤᠨ ᠵᠠᠮ ᠱᠤᠭᠤᠮ ᠢ ᠢᠳᠡᠪᠬᠢᠲᠡᠶ ᠲᠠᠨᠢᠯᠴᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠠ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠳᠤ ᠰᠠᠭᠤᠷᠢ ᠲᠠᠯᠪᠢᠭᠰᠠᠨ ᠪᠠᠶᠢᠨ᠎ᠠ᠃ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠢᠳᠡᠪᠬᠢᠲᠡᠶ ᠵᠥᠪᠳᠡᠯᠴᠡᠨ ᠭᠦᠨᠵᠡᠭᠡᠶ ᠰᠣᠯᠢᠯᠴᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠵᠢᠭᠤᠯᠴᠢᠯᠠᠯ ᠤᠨ ᠬᠥᠭᠵᠢᠯᠲᠡ ᠠᠴᠠ ᠬᠠᠮᠲᠤ ᠪᠠᠷ ᠠᠰᠢᠭ ᠭᠥᠷᠳᠡᠬᠦ ᠲᠤᠬᠠᠶ ᠬᠥᠬᠡᠮᠥ᠋ᠷᠡᠨ ᠤ ᠭᠤᠷᠪᠠᠯᠵᠢᠨ ᠬᠤᠶᠢᠭ ᠪᠠ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠲᠠᠢ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃ ᠲᠣᠰ ᠤᠳᠠᠭᠠᠨ ᠤ ᠠᠵᠢᠯᠯᠠᠭ᠎ᠠ ᠶᠢᠨ ᠬᠠᠮᠤᠭ ᠤᠨ ᠶᠡᠭᠡ ᠬᠢᠯᠠᠰ ᠴᠡᠭ ᠪᠣᠯ《ᠤᠯᠠᠭᠠᠨᠮᠥ᠋ᠴᠢᠷ ᠲᠠᠨ ᠢ ᠳᠠᠭᠠᠭᠤᠯᠤᠨ ᠥᠪᠥᠷ ᠮᠣᠩᠭᠤᠯ ᠢᠶᠠᠷ ᠲᠠᠪᠠᠲᠠᠢ ᠵᠢᠭᠤᠯᠴᠢᠯᠠᠶ᠎ᠠ 》ᠬᠢᠯᠪᠢᠭᠡᠨ ᠲᠤᠭᠯᠠᠯᠲᠠ ᠶᠢᠨ ᠳᠡᠯᠭᠡᠷᠡᠭᠦᠯᠦᠯᠲᠡ ᠶᠢᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠦᠵᠡᠭᠴᠢᠳ ᠲᠠᠢ ᠬᠠᠮᠲᠤ ᠮᠡᠳᠡᠯᠭᠡ ᠶᠢᠨ ᠠᠰᠠᠭᠤᠯᠲᠠ ᠬᠠᠷᠢᠭᠤᠯᠲᠠ᠂ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ᠂ ᠥᠪᠥᠷ ᠮᠣᠩᠭᠤᠯ ᠤᠨ ᠤᠨᠴᠠᠯᠢᠬᠳᠤ ᠲᠣᠭᠯᠠᠭᠠᠮ ᠵᠡᠷᠭᠡ ᠬᠡᠯᠪᠡᠷᠢ ᠪᠠᠷ ᠬᠠᠷᠢᠯᠴᠠᠨ ᠬᠦᠲᠡᠯᠦᠯᠴᠡᠬᠦ ᠶᠢᠨ ᠬᠠᠮᠲᠤ ᠥᠪᠥᠷ ᠮᠣᠩᠭᠤᠯ ᠤᠨ ᠦᠵᠡᠮᠵᠢ ᠶᠢᠨ ᠣᠷᠣᠨ ᠤ ᠪᠢᠯᠧᠲ᠂ ᠰᠣᠶᠣᠯ ᠪᠠ ᠵᠢᠭᠤᠯᠴᠢᠯᠠᠯ ᠤᠨ ᠳᠤᠷᠠᠰᠬᠠᠯ ᠤᠨ ᠪᠣᠳᠠᠰ ᠪᠠ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠂  ᠡᠭᠦᠨ ᠠᠴᠠ ᠭᠠᠲᠠᠨ᠎ᠠ -ᠪᠠᠰᠠ ᠥᠪᠥᠷ ᠮᠣᠩᠭᠤᠯ ᠤᠨ ᠠᠮᠲᠠᠲᠤ ᠢᠳᠡᠭᠡᠨ ᠣᠨᠴᠠ ᠭᠠᠷᠤᠯᠲᠠ ᠶᠢ ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠠᠪᠴᠢᠷᠠᠵᠤ᠂ ᠣᠷᠣᠨ ᠤ ᠭᠠᠳᠠᠨᠠᠬᠢ  ᠵᠢᠭᠤᠯᠴᠢᠯᠠᠭᠴᠢᠳ ᠲᠤ ᠦᠨ᠎ᠡ ᠲᠥᠯᠥᠪᠦᠷᠢ ᠥᠬᠡᠶ ᠪᠠᠷ ᠠᠮᠰᠠᠭᠤᠯᠤᠨ᠂ ᠲᠤᠬᠠᠶ ᠶᠢᠨ ᠭᠠᠵᠠᠷ ᠤᠨ ᠠᠷᠠᠳ   ᠤᠳ ᠦᠨᠲᠦᠷ ᠦᠨᠡᠯᠡᠯᠲᠡ ᠦᠭᠴᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠮᠠᠰᠢᠲᠠ ᠬᠦᠰᠡᠵᠦ ᠡᠷᠡᠮᠡᠯᠵᠡᠭᠦᠯᠦᠭᠰᠡᠨ ᠪᠠᠶᠢᠨ᠎ᠠ᠃  ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠠᠳᠠᠭᠠᠳᠤ ᠲᠠᠢ ᠰᠤᠯᠢᠯᠴᠠᠬᠤ ᠪᠠ ᠬᠠᠮᠲᠤᠷᠠᠨ ᠠᠵᠢᠯᠯᠠᠬᠤ ᠭᠠᠵᠠᠷ ᠬᠠᠩᠭᠠᠪᠠ︶     ᠨᠠᠶᠮᠠ᠂ 2020 ᠣᠨ ᠤ ᠤᠯᠠᠮᠵᠢᠯᠠᠯᠲᠤ ᠭᠠᠷ ᠤᠷᠠᠯᠠᠯ᠂ ᠰᠤᠶᠤᠯ ᠵᠢᠭᠤᠯᠴᠢᠯᠠᠯ ᠤᠨ ᠰᠤᠳᠤᠨ ᠪᠦᠲᠦᠭᠡᠯ ᠤᠨ ᠦᠵᠡᠰᠭᠦᠯᠡᠩ ᠪᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠤᠷᠤᠭᠤᠯᠬᠤ ᠰᠢᠷᠢᠰ ᠠᠵᠢᠯᠯᠠᠭ᠎ᠠ ᠶᠢᠨ ᠨᠥᠯᠥᠭᠡ ᠥᠷᠭᠡᠨ ᠳᠡᠯᠭᠡᠷ
    6 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠤᠷᠢᠳ ᠡᠮᠦᠨ᠎ᠡ ᠪᠠᠶᠢᠭ᠎ᠠ ᠥᠬᠡᠶ ᠬᠢᠵᠢᠭ ᠤᠨ ᠪᠠᠶᠢᠳᠠᠯ ᠪᠣᠯᠤᠨ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠪᠠᠴᠢᠮ ᠬᠡᠷᠡᠭᠴᠡᠭᠡ ᠳᠤ ᠬᠠᠨᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠠᠷᠢᠨ ᠨᠢᠮᠪᠠᠶ ᠵᠣᠬᠢᠶᠠᠨ ᠪᠠᠶᠢᠭᠤᠯᠤᠨ᠂  ᠤᠨᠤᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠷᠢᠳ ᠬᠤᠵᠢᠳ ᠦᠪᠦᠷ ᠮᠤᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ᠂ ᠰᠤᠶᠤᠯ ᠵᠢᠭᠤᠯᠴᠢᠯᠠᠯ ᠤᠨ ᠰᠤᠳᠤᠨ ᠪᠦᠲᠦᠭᠡᠯ ᠤᠨ ᠦᠵᠡᠰᠭᠦᠯᠡᠩ ᠪᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠤᠷᠤᠭᠤᠯᠬᠤ ᠰᠢᠷᠢᠰ ᠠᠵᠢᠯᠯᠠᠭ᠎ᠠ ᠶᠢ ᠦᠷᠨᠢᠭᠦᠯᠪᠡ᠃     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢᠭᠡᠳᠦᠯᠲᠡᠶ ᠲᠦᠯᠦᠪᠵᠢᠭᠦᠯᠦᠨ᠂ ᠥᠨᠳᠥᠷ ᠪᠦᠲᠦᠮᠵᠢᠲᠡᠶ ᠠᠬᠢᠭᠤᠯᠵᠤ᠂ ᠬᠤᠤᠰ ᠠᠮᠠᠷᠠᠯᠲᠠ ᠶᠢᠨ ᠡᠳᠦᠷ ᠪᠠ ᠪᠠᠶᠠᠷ ᠳᠤᠷᠠᠰᠬᠠᠯ ᠤᠨ ᠡᠳᠦᠷ ᠢ ᠠᠰᠢᠭᠯᠠ ᠰᠣᠳᠣᠨ ᠲᠣᠭᠯᠠᠯᠲᠠ᠂ ᠰᠤᠶᠤᠯᠵᠢᠭᠤᠨ ᠪᠦᠲᠦᠭᠡᠭᠳᠡᠭᠦᠨ ᠪᠠ ᠪᠣᠳᠠᠰ ᠤᠨ ᠪᠤᠰᠤ ᠰᠣᠶᠣᠯ ᠤᠨ ᠥᠪ ᠦᠵᠡᠮᠵᠢ ᠶᠢᠨ ᠣᠷᠣᠨ ᠳᠤ ᠤᠷᠤᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠪᠦᠬᠦ ᠣᠷᠣᠨ ᠤ ᠤᠷᠠᠯᠢᠭ ᠤᠨ ᠪᠦᠯᠬᠦᠮ᠂ ᠤᠯᠠᠭᠠᠨᠮᠥ᠋ᠴᠢᠷ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ᠂ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ《 ᠠᠷᠠᠳ ᠲᠦᠮᠡᠨ ᠢᠶᠠᠷ ᠭᠤᠤᠯ ᠪᠣᠯᠭᠠᠬᠤ 》ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠨᠳᠦᠰᠦᠨ ᠱᠠᠲᠤ ᠪᠠ ᠣᠯᠠᠨ ᠲᠦᠮᠡᠨ ᠤ ᠳᠤᠮᠳᠠ ᠬᠦᠨᠵᠡᠭᠡᠶᠢᠷᠡᠨ᠂ ᠠᠷᠠᠳ   ᠲᠤ ᠬᠦᠷᠭᠡᠬᠦ ᠲᠤᠭᠯᠠᠯᠲᠠ᠂ ᠠᠷᠠᠳ ᠲᠦᠮᠡᠨ ᠳᠤ ᠦᠶᠯᠡᠴᠢᠯᠡᠬᠦ 1067 ᠲᠠᠯᠠᠪᠤᠷ ᠠᠵᠢᠯᠯᠠᠭ᠎ᠠ ᠵᠣᠬᠢᠶᠠᠨ ᠪᠠᠶᠢᠭᠤᠯᠪᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠪᠦᠯᠬᠦᠮ ᠶᠡᠭᠡ ᠵᠤᠤ ᠲᠠᠯᠠᠪᠠᠢ᠂ ᠷᠤ᠋ ᠢ ᠠᠭᠤᠳᠠᠮ ᠲᠠᠯᠠᠪᠠᠶ᠂ ᠣᠪᠣᠭ᠎ᠠ ᠲᠤᠰᠬᠤᠨ᠂ ᠵᠣᠣ ᠵᠢᠶᠦ᠋ᠨ ᠮᠦᠽᠧᠶ ᠵᠡᠷᠭᠡ ᠭᠠᠵᠠᠷ ᠲᠤ ᠲᠣᠭᠯᠠᠯᠲᠠ᠂ ᠦᠵᠡᠰᠬᠦᠯᠡᠩ 131 ᠤᠳᠠᠭ᠎ᠠ ᠶᠠᠪᠤᠭᠳᠠᠭᠤᠯᠵᠤ᠂ ᠡᠯ᠎ᠡ ᠠᠶᠢᠮᠠᠭ ᠬᠤᠲᠠ ᠶᠢᠨ ᠬᠢᠨ ᠦᠵᠡᠮᠵᠢ ᠶᠢᠨ ᠣᠷᠣᠨ ᠳᠤ ᠪᠠᠨ 936 ᠲᠠᠯᠠᠪᠠᠶ ᠦᠵᠡᠭᠦᠯᠦᠯᠭᠡ ᠵᠣᠬᠢᠶᠠᠨ ᠪᠠᠶᠢᠭᠤᠯᠤᠨ ᠦᠷᠨᠢᠭᠦᠯᠪᠡ᠃ ᠪᠦᠬᠦ ᠤᠷᠤᠨ ᠤ ᠤᠯᠠᠮᠵᠢᠯᠠᠯᠲᠤ ᠭᠠᠷ ᠤᠷᠠᠯᠠᠯ ᠪᠠ ᠰᠤᠶᠤᠯ ᠵᠢᠭᠤᠯᠴᠢᠯᠠᠯ ᠤᠨ ᠰᠤᠳᠤᠨ ᠪᠦᠲᠦᠭᠡᠯ ᠤᠨ ᠦᠵᠡᠰᠭᠦᠯᠡᠩ ᠳᠤ ᠰᠤᠶᠤᠯ ᠪᠠ ᠵᠢᠭᠤᠯᠴᠢᠯᠠᠯ ᠤᠨ ᠰᠤᠶᠤᠯᠵᠢᠭᠤᠨ ᠪᠦᠲᠦᠭᠡᠭᠳᠡᠭᠦᠨ ᠲᠠᠸᠠᠷ5000 ᠭᠠᠷᠤᠶ ᠵᠦᠶᠯ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶᠯ 35 ᠶᠢ ᠴᠤᠭᠯᠠᠷᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠣᠭᠤᠷᠢᠨ ᠦᠵᠡᠬᠦ ᠬᠥᠮᠦᠨ ᠤ ᠲᠤᠭ᠎ᠠ 350 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠡᠶ᠃ ᠬᠤᠶᠠᠷ ᠵᠦᠶᠯ ᠤᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠠ ᠣᠯᠠᠨ ᠲᠦᠮᠡᠨ ᠤ ᠦᠨᠲᠦᠷ ᠦᠨᠡᠯᠡᠯᠲᠡ ᠶᠢ ᠣᠯᠵᠤ᠂ ᠣᠯᠠᠨ ᠲᠦᠮᠡᠨ ᠢᠳᠡᠪᠬᠢᠲᠡᠶ ᠣᠷᠣᠯᠴᠠᠵᠤ᠂ ᠬᠥᠮᠦᠰ ᠤᠨ ᠬᠦᠷᠢᠶᠡᠯᠡᠯ ᠢ ᠣᠯᠵᠤ᠂ ᠭᠤᠤᠯ ᠬᠥᠭ ᠠᠶᠠᠰ ᠢ ᠴᠤᠤᠷᠢᠶᠠᠲᠤᠭᠤᠯᠬᠤ᠂ ᠢᠳᠡᠪᠬᠢ ᠬᠦᠴᠦᠨ ᠢ ᠨᠢᠭᠲᠠᠷᠠᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠵᠣᠷᠢᠯᠭ᠎ᠠ ᠳᠤ ᠬᠦᠷᠴᠦ᠂ ᠪᠣᠳᠠᠲᠤ ᠦᠷ᠎ᠡ ᠪᠦᠲᠦᠮᠵᠢ ᠣᠯᠵᠠᠶ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠶᠯᠡᠰ ᠤᠨ ᠬᠥᠭᠵᠢᠯᠲᠡ  ᠶᠢᠨ ᠭᠠᠵᠠᠷ ᠬᠠᠩᠭᠠᠪᠠ︶     ᠶᠢᠰᠦ᠂ ᠪᠥᠬᠦ ᠤᠷᠤᠨ ᠪᠦᠰᠡ ᠶᠢᠨ ᠵᠢᠭᠤᠯᠴᠢᠯᠠᠯ ᠨᠢ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠬᠦ ᠰᠢᠨ᠎ᠡ ᠬᠥᠳᠡᠯᠭᠡᠭᠦᠷ ᠪᠣᠯᠪᠠ
    12 ᠳ᠋ᠤᠭᠠᠷ ᠰᠠᠷ᠎ᠠ ᠶᠢᠨ 4 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ 97 ᠬᠤᠶᠠᠳᠤᠭᠠᠷ ᠪᠦᠯᠦᠭ  ᠤᠨ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠨᠡᠷᠡᠰ ᠢ ᠨᠡᠶᠢᠲᠡᠯᠡᠵᠦ᠂ ᠮᠠᠨ ᠤ ᠣᠷᠣᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ᠂ ᠰᠢᠯᠢ ᠶᠢᠨ ᠭᠤᠤᠯ ᠠᠶᠢᠮᠠᠭ  ᠤᠨ ᠡᠷᠢᠶᠡᠨ ᠬᠤᠲᠠ ᠵᠢᠭᠰᠠᠭᠠᠭᠳᠠᠪᠠ᠃ 2019 ᠣᠨ ᠤ 9 ᠳ᠋ᠦ᠋ᠭᠡᠷ ᠰᠠᠷ᠎ᠠ ᠳᠤ ᠮᠠᠨᠵᠤᠤᠷ ᠬᠤᠲᠠ ᠲᠦᠷᠦᠭᠦᠦ ᠪᠦᠯᠦᠭ ᠤᠨ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ  ᠲᠠᠢ ᠡᠭᠦᠳᠦᠨ ᠪᠠᠶᠢᠭᠤᠯᠤᠭᠰᠠᠨ ᠠᠴᠠ ᠨᠠᠭᠠᠰᠢ᠂ ᠮᠠᠨ ᠤ ᠣᠷᠣᠨ ᠤ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ 3 ᠪᠣᠯᠵᠣ ᠨᠡᠮᠡᠭᠳᠡᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠡᠭᠦᠳᠦᠨ ᠪᠠᠶᠢᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠣᠯᠪᠠ᠃     ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠪᠥᠬᠦ ᠬᠤᠲᠠ ᠶᠢ ᠪᠦᠷᠢᠨ ᠪᠦᠲᠦᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠂《 ᠬᠤᠲᠠ ᠪᠣᠯ ᠳᠠᠷᠤᠶ ᠦᠵᠡᠮᠵᠢ ᠶᠢᠨ ᠣᠷᠣᠨ᠂ ᠵᠢᠭᠤᠯᠴᠢᠯᠠᠯ ᠪᠣᠯ ᠳᠠᠷᠤᠶ ᠠᠮᠢᠳᠤᠷᠠᠯ 》ᠬᠥᠭᠵᠢᠯᠲᠡ ᠶᠢᠨ ᠣᠶᠢᠯᠠᠭᠠᠭᠳᠠᠬᠤᠨ ᠢ ᠳᠣᠪᠣᠶᠢᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠬᠢᠭᠡᠳ ᠬᠤᠲᠠ ᠶᠢᠨ ᠬᠥᠭᠵᠢᠯᠲᠡ ᠬᠠᠷᠢᠯᠴᠠᠨ ᠠᠭᠤᠰᠤᠯᠴᠠᠭᠰᠠᠨ᠂ ᠬᠠᠷᠢᠯᠴᠠᠨ ᠠᠬᠢᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠡᠷᠢᠶᠡᠨ ᠬᠤᠲᠠ ᠪᠣᠭᠤᠮᠲᠠ ᠶᠢᠨ ᠳᠠᠪᠠᠭᠤᠯᠢᠭ  ᠲᠤ ᠪᠠᠨ‌‍ᠰᠠᠭᠤᠷᠢᠯᠠᠵᠤ᠂ ᠬᠢᠯᠢ ᠬᠢᠵᠠᠭᠠᠷ ᠤᠨ ᠣᠨᠴᠠᠯᠢᠭᠲᠤ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠡᠭᠦᠳᠦᠨ ᠪᠠᠶᠢᠭᠤᠯᠬᠤ  ᠶᠢ ᠠᠵᠤ ᠦᠶᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠦᠴᠦᠷᠬᠡᠭ ᠶᠡᠭᠡ ᠲᠦᠯᠬᠢᠴᠡ ᠬᠦᠴᠦᠨ ᠪᠣᠯᠭᠠᠵᠤ᠂ ᠵᠢᠭᠤᠯᠴᠢᠯᠠᠯ ᠤᠨ ᠦᠶᠯᠡᠰ ᠤᠨ ᠬᠠᠮᠢᠶᠠᠷᠤᠯᠲᠠ ᠶᠢᠨ ᠲᠤᠭᠲᠠᠴᠠ ᠶᠢᠨ ᠰᠢᠨ᠎ᠡ ᠡᠭᠦᠲᠦᠯᠲᠡ ᠶᠢ ᠲᠦᠷᠭᠡᠳᠬᠡᠵᠦ᠂ ᠵᠢᠭᠤᠯᠴᠢᠯᠠᠯ ᠤᠨ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ  ᠢᠶᠠᠷ ᠳᠥᠯᠭᠢᠨ ᠠᠬᠢᠭᠤᠯᠪᠠ᠃ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ  ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠡᠮᠬᠢ ᠴᠡᠭᠴᠡ ᠲᠠᠢ ᠠᠬᠢᠭᠤᠯᠵᠤ᠂ ᠬᠤᠶᠠᠷ ᠪᠦᠯᠦᠭ ᠬᠤᠪᠢᠶᠠᠨ ᠬᠢᠩᠭᠠᠨ ᠠᠶᠢᠮᠠᠭ ᠤᠨ ᠷᠠᠰᠢᠶᠠᠨ ᠬᠤᠲᠠ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ 15 ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠰᠢᠯᠭᠠᠨ ᠮᠠᠭᠠᠳᠯᠠᠨ ᠲᠣᠭᠲᠠᠭᠠᠪᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠨᠢ ᠪᠥᠬᠦ ᠣᠷᠣᠨ ᠪᠦᠰᠡ ᠶᠢᠨ ᠣᠷᠣᠰᠢᠨ ᠲᠤᠭᠲᠠᠨᠢᠬᠤ ᠳᠤ ᠲᠣᠬᠢᠷᠠᠮᠵᠢᠲᠠᠶ᠂ ᠦᠶᠯᠡᠰ ᠪᠣᠰᠬᠠᠬᠤ ᠳᠤ ᠲᠣᠬᠢᠷᠠᠮᠵᠢᠲᠠᠶ᠂ ᠵᠢᠭᠤᠯᠴᠢᠯᠠᠬᠤ ᠳᠤ ᠲᠣᠬᠢᠷᠠᠮᠵᠢᠲᠠᠶ ᠪᠠᠶᠢᠬᠤ ᠬᠠᠷᠠᠯᠲᠠ ᠶᠢᠨ ᠲᠣᠭᠤᠷᠢᠨ ᠳᠤ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠨᠴᠠᠯᠢᠭᠲᠤ ᠪᠠᠯᠭᠠᠰᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠪᠦᠬᠦᠯᠢ ᠴᠣᠭᠴᠠ ᠶᠢᠨ ᠳᠦᠷᠢ ᠲᠥᠷᠬᠦ᠂ ᠪᠥᠬᠦ ᠣᠷᠣᠨ ᠪᠦᠰᠡ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ  ᠶᠢ ᠴᠢᠩᠭᠠᠳᠬᠠᠨ᠂ ᠮᠠᠨ ᠤ ᠣᠷᠣᠨ ᠤ ᠣᠨᠴᠠᠯᠢᠭ ᠢᠶᠠᠷ ᠢᠯᠡ ᠲᠣᠳᠣ ᠵᠢᠭᠤᠯᠴᠢᠯᠠᠯ ᠤᠨ ᠵᠣᠷᠢᠭᠰᠠᠨ ᠭᠠᠵᠠᠷ ᠢ ᠴᠢᠷᠮᠠᠶᠢᠨ ᠪᠠᠶᠢᠭᠤᠯᠵᠤ᠂ ᠲᠡᠭᠡᠲᠦ ᠬᠡᠮᠵᠢᠶ᠎ᠡ ᠪᠠᠷ ᠠᠬᠢᠭᠤᠯᠬᠤ᠂ ᠬᠤᠲᠠ ᠬᠥᠳᠡᠭᠡ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠬᠦᠷᠲᠡᠬᠦ᠂ ᠲᠣᠭᠲᠠᠴᠠ ᠶᠢᠨ ᠰᠢᠨᠡᠴᠢᠯᠡᠯᠲᠡ ᠪᠤᠯᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠬᠤ ᠲᠠᠯ᠎ᠠ ᠪᠠᠷ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠪᠠᠳᠠᠷᠠᠭᠤᠯᠪᠠ᠃  ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ  ᠢ ᠨᠡᠭᠡᠭᠡᠨ ᠬᠥᠭᠵᠢᠭᠦᠯᠬᠦ ᠭᠠᠵᠠᠷ ᠬᠠᠩᠭᠠᠪᠠ︶     ᠠᠷᠪᠠ᠂ ᠣᠷᠳᠣᠰ ᠬᠤᠲᠠ᠂ ᠬᠥᠬᠡᠬᠤᠲᠠ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠲᠤᠷᠰᠢᠯᠲᠠ ᠶᠢᠨ ᠬᠤᠲᠠ ᠶᠢᠨ ᠴᠣᠯᠠ ᠭᠥᠷᠳᠡᠪᠡ
    12 ᠳ᠋ᠤᠭᠠᠷ ᠰᠠᠷ᠎ᠠ ᠶᠢᠨ 29   ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ ᠬᠠᠮᠲᠤᠷᠠᠨ ᠠᠩᠬᠠᠳᠠᠭᠴᠢ ᠪᠦᠯᠦᠭ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠪᠡ᠃ ᠣᠷᠳᠣᠰ ᠬᠤᠲᠠ᠂ ᠬᠥᠬᠡᠬᠤᠲᠠ ᠲᠣᠰ ᠲᠣᠰ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠲᠤᠷᠰᠢᠯᠲᠠ ᠶᠢᠨ ᠬᠤᠲᠠ ᠶᠢᠨ ᠨᠡᠷᠡᠰ ᠲᠤ ᠰᠣᠩᠭᠤᠭᠳᠠᠪᠠ᠃ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠢᠨ᠎ᠡ ᠬᠠᠨᠳᠤᠰᠢ ᠳᠤ ᠵᠣᠬᠢᠴᠠᠭᠤᠯᠤᠨ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠵᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠬᠡᠷᠡᠭᠵᠢᠭᠦᠯᠦᠨ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠶᠯᠡᠳᠬᠦᠨ ᠪᠠ ᠦᠶᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠠᠭᠤᠰᠤᠯᠴᠠᠨ ᠬᠠᠮᠵᠢᠯᠴᠠᠨ ᠬᠥᠭᠵᠢᠬᠦ ᠶᠢ ᠠᠬᠢᠭᠤᠯᠤᠨ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠪᠦᠲᠦᠮᠵᠢᠲᠡᠶ ᠬᠥᠲᠥᠯᠦᠨ ᠵᠢᠯᠣᠭᠤᠳᠬᠤ ᠪᠠ ᠥᠷᠭᠡᠳᠬᠡᠵᠦ᠂ ᠮᠠᠨ ᠤ ᠣᠷᠣᠨ ᠤ ᠠᠵᠤ ᠠᠬᠤᠶᠢᠴᠢᠯᠠᠭᠰᠠᠨ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠶ ᠦᠶᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠤᠯᠤᠨ ᠰᠣᠶᠣᠯ ᠪᠠ ᠵᠢᠭᠤᠯᠴᠢᠯᠠᠯ ᠤᠨ ᠰᠡᠷᠭᠦᠯᠲᠡ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡ ᠶᠢᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠵᠦ᠂ ᠰᠣᠶᠣᠯ ᠪᠠ ᠵᠢᠭᠤᠯᠴᠢᠯᠠᠯ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠵᠤ᠂ ᠰᠣᠶᠣᠯ ᠪᠠ ᠵᠢᠭᠤᠯᠴᠢᠯᠠᠯ ᠠᠭᠤᠰᠤᠯᠴᠠᠭᠰᠠᠨ ᠬᠡᠷᠡᠭᠯᠡᠭᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠠᠵᠤ ᠠᠬᠤᠶᠢᠴᠢᠯᠠᠭᠰᠠᠨ‌ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠶᠯᠡᠰ ᠤᠨ ᠬᠥᠭᠵᠢᠯᠲᠡ ᠶᠢᠨ ᠭᠠᠵᠠᠷ ᠬᠠᠩᠭᠠᠪᠠ︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠰᠣᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号