2020 ᠣᠨ ᠳᠤ ᠪᠥᠬᠦ ᠣᠷᠣᠨ ᠤ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣᠵᠢᠭᠤᠯᠵᠤ᠂ ᠳᠤᠮᠳᠠᠳᠤ ᠤᠯᠤᠰ ᠤᠨ ᠣᠨᠴᠠᠯᠢᠭᠲᠦ ᠳᠤᠮᠳᠠᠳᠤ ᠤᠯᠤᠰ ᠤᠨ ᠬᠡᠪ ᠨᠠᠮᠪᠠᠳᠤ ᠳᠤᠮᠳᠠᠳᠤ ᠤᠯᠤᠰ ᠤᠨ  ᠴᠤᠭ ᠵᠢᠪᠬᠤᠭᠠᠲᠦ ᠬᠠᠭᠤᠴᠢ ᠰᠤᠳᠤᠯᠤᠯ ᠤᠨ ᠤᠬᠠᠭᠠᠨ ᠢ ᠪᠥᠲᠥᠭᠡᠨ ᠪᠠᠶᠢᠭᠤᠯᠬᠤ 》 ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢᠨ  ᠪᠣᠯᠪᠠᠰᠣᠷᠠᠭᠤᠯᠣᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/1/7
     12 ᠳ᠋ᠤᠭᠠᠷ ᠰᠠᠷ᠎ᠠ ᠶᠢᠨ 30   ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠮᠲᠤᠷᠠᠨ ᠡᠷᠭᠢᠯᠡᠭᠰᠡᠨ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠣᠵᠢᠭᠤᠯᠵᠤ᠂ ᠳᠤᠮᠳᠠᠳᠤ ᠤᠯᠤᠰ ᠤᠨ ᠣᠨᠴᠠᠯᠢᠭᠲᠦ ᠳᠤᠮᠳᠠᠳᠤ ᠤᠯᠤᠰ ᠤᠨ ᠬᠡᠪ ᠨᠠᠮᠪᠠᠳᠤ ᠳᠤᠮᠳᠠᠳᠤ ᠤᠯᠤᠰ ᠤᠨ ᠴᠤᠭ  ᠵᠢᠪᠬᠤᠭᠠᠲᠦ ᠬᠠᠭᠤᠴᠢ ᠰᠤᠳᠤᠯᠤᠯ ᠤᠨ ᠤᠬᠠᠭᠠᠨ ᠢ ᠪᠦᠳᠦᠭᠡᠨ ᠪᠠᠶᠢᠭᠤᠯᠬᠤ 》 ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢᠨ  ᠪᠣᠯᠪᠠᠰᠣᠷᠠᠭᠤᠯᠣᠯ ᠲᠡᠭᠦᠰ ᠠᠮᠵᠢᠯᠲᠠ ᠲᠠᠢ  ᠲᠡᠭᠦᠰᠴᠤ᠂ ᠪᠥᠬᠦ ᠣᠷᠣᠨ ᠤ ᠰᠣᠶᠣᠯ ᠦᠵᠡᠰᠬᠦᠯᠡᠩ ᠤᠨ ᠰᠢᠰᠲ᠋ᠧᠮ ᠤᠨ ᠬᠠᠮᠢᠶᠠᠷᠤᠯᠲᠠ ᠶᠢᠨ ᠠᠵᠢᠯᠲᠠᠨ ᠵᠢᠴᠢ ᠲᠤᠬᠠᠶᠢᠯᠠᠭᠰᠠᠨ ᠠᠵᠢᠯ ᠤᠨ ᠭᠤᠤᠯᠯᠠᠭᠴᠢ  ᠬᠦᠴᠤᠨ 80 ᠭᠠᠷᠤᠶ ᠬᠦᠮᠦᠨ ᠪᠣᠯᠪᠠᠰᠣᠷᠠᠭᠤᠯᠣᠯ ᠤᠨ ᠲᠡᠭᠦᠰᠬᠦ  ᠶᠣᠰᠣᠯᠠᠯ ᠳᠤ ᠣᠷᠣᠯᠴᠠᠪᠠ᠃  
         ᠡᠨᠡ ᠣᠳᠠᠭᠠᠨ ᠤ ᠰᠤᠷᠭᠠᠯᠲᠠ ᠳᠤ ᠪᠡᠭᠡᠵᠢᠩ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ᠂  ᠳᠣᠮᠳᠠᠳᠤ ᠣᠯᠣᠰ ᠤᠨ ᠠᠷᠠᠳ ᠤᠨ ᠶᠡᠭᠡ ᠰᠤᠷᠭᠠᠭᠤᠯᠢ᠂ ᠪᠠᠷᠠᠭᠤᠨ ᠬᠤᠶᠢᠲᠤ   ᠶᠢᠨ ᠶᠡᠭᠡ ᠰᠤᠷᠭᠠᠭᠤᠯᠢ᠂  ᠳᠣᠮᠳᠠᠳᠣ ᠣᠯᠣᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ  ᠬᠦᠷᠢᠶᠡᠯᠡᠩ᠂  ᠱᠠᠨᠰᠢ ᠮᠤᠵᠢ ᠶᠢᠨ ᠬᠠᠭᠤᠴᠢ ᠰᠤᠳᠤᠯᠤᠯ ᠤᠨ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ  ᠬᠠᠭᠤᠴᠢ ᠰᠤᠳᠤᠯᠤᠯ ᠤᠨ ᠬᠦᠷᠢᠶᠡᠯᠡᠩ ᠵᠡᠷᠭᠡ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ ᠨᠡᠷᠡᠲᠦ ᠰᠣᠶᠣᠯ ᠤᠨ ᠥᠪ ᠢ ᠬᠠᠮᠠᠭᠠᠯᠠᠬᠤ᠂  ᠬᠠᠭᠤᠴᠢ ᠰᠣᠳᠣᠯᠣᠯ᠂ ᠮᠦᠽᠧᠢ ᠶᠢᠨ 10 ᠭᠠᠷᠤᠢ ᠮᠡᠷᠭᠡᠵᠢᠯᠲᠡᠨ ᠡᠷᠳᠡᠮᠲᠡᠳ ᠢ ᠤᠷᠢᠵᠤ ᠬᠢᠴᠢᠶᠡᠯᠯᠡᠭᠦᠯᠪᠡ᠃ ᠪᠣᠯᠪᠠᠰᠤᠷᠠᠭᠤᠯᠤᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣᠵᠢᠭᠤᠯᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠪᠣᠯᠪᠠᠰᠤᠨ ᠤ ᠬᠥᠭᠵᠢᠯᠲᠡ ᠤᠯᠠᠷᠢᠯ ᠬᠤᠪᠢᠰᠤᠯ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠵᠤ ᠠᠰᠢᠭᠯᠠᠬᠤ ᠪᠣᠳᠠᠲᠠᠶ ᠠᠵᠢᠯᠯᠠᠭ᠎ᠠ᠂ ᠰᠣᠶᠣᠯ ᠦᠵᠡᠰᠬᠦᠯᠡᠩ  ᠤᠨ ᠦᠶᠯᠡᠰ ᠤᠨ ᠬᠥᠭᠵᠢᠯᠲᠡ ᠶᠢᠨ ᠢᠷᠡᠭᠡᠳᠦᠶ ᠵᠡᠷᠭᠡ ᠲᠠᠯ᠎ᠠ ᠪᠠᠷ ᠭᠦᠨᠵᠡᠭᠡᠶ ᠲᠣᠳᠣᠷᠬᠠᠶᠢᠯᠠᠨ ᠥᠭᠦᠯᠡᠵᠦ ᠵᠢᠭᠠᠨ ᠰᠤᠷᠭᠠᠯᠲᠠ ᠶᠢᠨ ᠦᠶᠯᠡᠳᠦᠯᠴᠡᠯ ᠬᠢᠪᠠ᠃ ᠪᠣᠯᠪᠠᠰᠤᠷᠠᠭᠤᠯᠤᠯ ᠤᠨ ᠬᠤᠭᠤᠴᠠᠭᠠᠨ ᠳᠤ ᠪᠠᠰᠠ ᠰᠣᠷᠣᠯᠭᠠᠲᠠᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠮᠦᠽᠧᠶ᠂ ᠦᠵᠡᠰᠬᠦᠯᠡᠩ ᠤᠨ ᠣᠷᠳᠣᠨ ᠳᠤ ᠣᠴᠢᠭᠤᠯᠤᠨ ᠲᠣᠭᠤᠷᠢᠨ ᠰᠤᠷᠤᠯᠴᠠᠭᠤᠯᠵᠤ᠂ ᠪᠣᠯᠪᠠᠰᠤᠷᠠᠭᠤᠯᠤᠯ ᠤᠨ ᠣᠯᠠᠨ ᠶᠠᠩᠵᠤᠲᠤ ᠴᠢᠨᠠᠷ ᠬᠢᠭᠡᠳ ᠦᠶᠯᠡᠳᠦᠯᠭᠡ ᠶᠢᠨ ᠵᠢᠭᠠᠨ ᠰᠤᠷᠭᠠᠯᠲᠠ ᠶᠢ ᠤᠶᠠᠯᠳᠤᠭᠤᠯᠪᠠ᠃      ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠵᠢᠶᠠᠨ ᠬᠤᠸᠠ ᠪᠣᠯᠪᠠᠰᠤᠷᠠᠭᠤᠯᠤᠯ ᠳᠤ ᠪᠥᠬᠦ ᠲᠠᠯ᠎ᠠ ᠶᠢᠨ ᠳ᠋ᠦᠩᠨᠡᠯᠲᠡ ᠬᠢᠵᠦ᠂ ᠰᠣᠷᠣᠯᠭᠠᠲᠠᠳ ᠢ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠨ᠂ ᠣᠨᠣᠯ ᠤᠨ ᠬᠡᠪ ᠴᠢᠨᠠᠷ ᠵᠢᠴᠢ ᠡᠭᠦᠷᠭᠡ ᠬᠠᠷᠢᠭᠤᠴᠠᠯᠭ᠎ᠠ ᠶᠢᠨ ᠵᠣᠷᠢᠭ ᠰᠠᠨᠠᠭ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣᠵᠢᠭᠤᠯᠬᠤ ᠦᠨᠳᠦᠷᠴᠡ ᠠᠴᠠ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷ᠎ᠠ ᠠᠴᠠ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠶᠯᠡᠰ ᠪᠣᠯᠤᠨ ᠪᠠᠭᠤᠷᠢ ᠶᠢ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠮᠠᠨ ᠤ ᠤᠯᠤᠰ ᠤᠨ ᠪᠣᠯᠪᠠᠰᠤᠨ ᠤ ᠡᠭᠦᠰᠦᠯ ᠪᠣᠯᠤᠨ ᠬᠥᠭᠵᠢᠯᠲᠡ ᠵᠢᠴᠢ ᠬᠥᠮᠦᠨ ᠲᠥᠷᠥᠯᠬᠢᠲᠡᠨ ᠳᠤ ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ ᠨᠠᠩ ᠲᠣᠳᠣᠷᠬᠠᠶ᠂ ᠨᠠᠩ ᠪᠥᠬᠦ ᠲᠠᠯ᠎ᠠ ᠪᠠᠷ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠥᠪᠡᠷ  ᠤᠨ ᠣᠶᠤᠨ ᠤᠬᠠᠭᠠᠨ ᠪᠣᠯᠤᠨ ᠬᠦᠴᠦ ᠬᠥᠯᠥᠰᠥ ᠪᠠᠨ ᠡᠷᠭᠦᠬᠦ ᠶᠢ ᠵᠣᠷᠢᠭᠵᠢᠭᠤᠯᠪᠠ᠃      ᠬᠤᠷᠠᠯ ᠳᠡᠭᠡᠷ᠎ᠡ ᠵᠣᠤ ᠵᠢᠶᠡᠨ ᠬᠤᠸᠠ ᠪᠣᠯᠣᠨ ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠦ᠋ ᠶᠠ ᠱᠧᠨ ᠨᠠᠷ ᠪᠣᠯᠪᠠᠰᠣᠷᠠᠭᠤᠯᠣᠯ ᠬᠦᠷᠳᠡᠭᠰᠡᠳ ᠲᠤ ᠰᠣᠷᠣᠯᠭ᠎ᠠ ᠲᠡᠭᠦᠰᠦᠭᠰᠡᠨ ᠦᠨᠡᠮᠯᠡᠯ  ᠭᠠᠷᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号