ᠲᠦᠷᠦᠭᠦᠦ ᠭᠤᠷᠪᠠᠨ ᠤᠯᠠᠷᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 2.37 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ
ᠨᠡᠶᠢᠲᠡᠯᠡᠭᠰᠡᠨ ᠴᠠᠭ᠄
2021/11/12
     ᠰᠣᠶᠣᠯ ᠵᠢᠭᠤᠯᠴᠢᠯᠠᠯ ᠤᠨ ᠶᠠᠮᠤᠨ ᠤ ᠲᠦᠷᠦᠭᠦᠬᠡᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠥᠯᠢᠭᠡᠷ ᠠᠪᠴᠤ ᠪᠠᠶᠢᠴᠠᠭᠠᠭᠰᠠᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 2021 ᠣᠨ ᠤ ᠲᠦᠷᠦᠭᠦᠦ ᠭᠤᠷᠪᠠᠨ ᠤᠯᠠᠷᠢᠯ ᠳᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠨᠡᠶᠢᠲᠡ 26.89 ᠳ᠋ᠦᠩᠰᠢᠭᠤᠷ ᠬᠦᠮᠦᠨ ᠤᠳᠠᠭ᠎ᠠ ᠪᠠᠶᠢᠵᠤ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 39.1%  ᠪᠠᠷ ᠨᠡᠮᠡᠭᠳᠡᠪᠡ ︵2019 ᠣᠨ ᠤ ᠠᠳᠠᠯᠢ ᠬᠤᠭᠤᠴᠠᠭᠠᠨ ᠤ 58.5% ᠪᠣᠯᠲᠠᠯ᠎ᠠ ᠰᠡᠷᠭᠦᠪᠡ︶᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ 19.34 ᠳ᠋ᠦᠩᠰᠢᠭᠤᠷ ᠬᠥᠮᠦᠨ ᠤᠳᠠᠭ᠎ᠠ ᠪᠠᠶᠢᠵᠤ᠂ 38.2% ᠢᠶᠠᠷ ᠨᠡᠮᠡᠭᠳᠡᠪᠡ︔ ᠬᠥᠳᠡᠭᠡ ᠲᠣᠰᠬᠤᠨ ᠤ ᠰᠠᠭᠤᠭᠠᠯᠢ ᠠᠷᠠᠳ 7.55 ᠳ᠋ᠦᠩᠰᠢᠭᠤᠷ ᠬᠥᠮᠦᠨ ᠤᠳᠠᠭ᠎ᠠ ᠪᠠᠶᠢᠵᠤ᠂ 41.4 % ᠪᠠᠷ ᠨᠡᠮᠡᠭᠳᠡᠪᠡ᠃ ᠤᠯᠠᠷᠢᠯ ᠬᠤᠪᠢᠶᠠᠵᠤ ᠦᠵᠡᠪᠡᠯ᠂ ᠨᠢᠭᠡᠳᠦᠭᠡᠷ ᠤᠯᠠᠷᠢᠯ ᠳᠤ᠂ ᠤᠯᠤᠰ ᠤᠨ ᠳᠣᠲᠣᠭᠠᠳᠤ  ᠶᠢᠨ ᠵᠢᠭᠤᠯᠴᠢᠯᠠᠭᠴᠢᠳ ᠨᠡᠶᠢᠲᠡ 10.24 ᠳ᠋ᠦᠩᠰᠢᠭᠤᠷ ᠬᠦᠮᠦᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 247.1% ᠪᠠᠷ ᠨᠡᠮᠡᠭᠳᠡᠪᠡ︔ ᠬᠤᠶᠠᠳᠤᠭᠠᠷ ᠤᠯᠠᠷᠢᠯ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ 8.47 ᠳ᠋ᠦᠩᠰᠢᠭᠤᠷ ᠬᠦᠮᠦᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.0% ᠪᠠᠷ ᠨᠡᠮᠡᠭᠳᠡᠪᠡ︔ ᠭᠤᠷᠪᠠᠳᠤᠭᠠᠷ ᠤᠯᠠᠷᠢᠯ ᠳᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠨᠡᠶᠢᠲᠡ 8.18 ᠳ᠋ᠦᠩᠰᠢᠭᠤᠷ ᠬᠦᠮᠦᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.3 % ᠪᠠᠷ ᠪᠠᠭᠤᠷᠠᠪᠠ᠃      ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ︵ᠵᠢᠭᠤᠯᠴᠢᠯᠠᠯ ᠤᠨ ᠶᠡᠷᠦᠩᠬᠡᠶ ᠬᠡᠷᠡᠭᠯᠡᠭᠡ︶ 2.37 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 63.5% ᠪᠠᠷ ᠨᠡᠮᠡᠭᠳᠡᠪᠡ ︵2019 ᠣᠨ ᠤ ᠠᠳᠠᠯᠢ ᠬᠤᠭᠤᠴᠠᠭᠠᠨ ᠤ 54.4 % ᠪᠣᠯᠲᠠᠯ᠎ᠠ ᠰᠡᠷᠭᠦᠪᠡ︶᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠵᠢᠭᠤᠯᠴᠢᠯᠠᠯ ᠤᠨ ᠬᠡᠷᠡᠭᠯᠡᠭᠡ 1.91 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 62.6% ᠪᠠᠷ ᠨᠡᠮᠡᠭᠳᠡᠪᠡ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠢᠭᠤᠯᠴᠢᠯᠠᠯ ᠤᠨ ᠬᠡᠷᠡᠭᠯᠡᠭᠡ 0.45 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 67.0% ᠪᠠᠷ ᠨᠡᠮᠡᠭᠳᠡᠪᠡ᠃ ᠬᠦᠮᠦᠰ ᠤᠨ ᠤᠳᠠᠭ᠎ᠠ ᠪᠦᠷᠢ ᠶᠢᠨ ᠵᠢᠭᠤᠯᠴᠢᠯᠠᠯ ᠤᠨ ᠬᠡᠷᠡᠭᠯᠡᠭᠡ ᠨᠢ ᠳᠡᠭᠰᠢᠳᠭᠡᠭᠡᠳ 879.68 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠳᠠᠭ᠎ᠠ ᠪᠦᠷᠢ ᠶᠢᠨ ᠵᠢᠭᠤᠯᠴᠢᠯᠠᠯ ᠤᠨ ᠬᠡᠷᠡᠭᠯᠡᠭᠡ ᠨᠢ ᠲᠡᠭᠰᠢᠳᠭᠡᠭᠡᠳ 990.17 ᠲᠥᠭᠦᠷᠢᠭ ᠲᠤ ᠬᠦᠷᠴᠦ᠂ 17.7% ᠪᠠᠷ ᠨᠡᠮᠡᠭᠳᠡᠪᠡ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠤᠳᠠᠭ᠎ᠠ ᠪᠦᠷᠢ ᠶᠢᠨ ᠵᠢᠭᠤᠯᠴᠢᠯᠠᠯ ᠤᠨ ᠬᠡᠷᠡᠭᠯᠡᠭᠡ ᠨᠢ ᠲᠡᠭᠰᠢᠳᠭᠡᠭᠡᠳ 596.66 ᠲᠥᠭᠦᠷᠢᠭ ᠲᠤ ᠬᠦᠷᠴᠦ᠂ 18.1% ᠪᠠᠷ ᠨᠡᠮᠡᠭᠳᠡᠪᠡ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号