ᠰᠣᠶᠣᠯ ᠪᠠ ᠵᠢᠭᠤᠯᠴᠢᠯᠠᠯ ᠤᠨ ᠶᠠᠮᠤᠨ ︽ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ  ᠶᠢᠨ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2021/11/22
     ᠰᠣᠶᠣᠯ ᠵᠢᠭᠤᠯᠴᠢᠯᠠᠯ ᠤᠨ ᠶᠠᠮᠤᠨ ᠣᠷᠴᠢᠮᠬᠠᠨ ᠳᠤ ︽ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠷᠯᠢᠭ 7 ᠳ᠋ᠤᠭᠠᠷ ᠨᠤᠮᠧᠷᠲᠤ᠂ ᠲᠤᠭᠤᠭᠰᠢ ︽ᠲᠤᠭᠲᠠᠭᠠᠯ︾ ᠭᠡᠵᠦ ᠲᠤᠪᠴᠢᠯᠠᠨ᠎ᠠ︶ ᠢ ᠨᠡᠶᠢᠲᠡᠯᠡᠵᠦ᠂ 2022 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ  ᠃      ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ  ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠂ ᠠᠵᠢᠯ ᠡᠷᠭᠢᠯᠡᠭᠰᠡᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ︽ᠲᠣᠭᠲᠠᠭᠠᠯ︾ ᠢ ᠨᠡᠶᠢᠲᠡᠯᠡᠪᠡ᠃      ︽ᠲᠣᠭᠲᠠᠭᠠᠯ︾ ᠨᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠥᠬᠦ ᠠᠮᠢ ᠨᠠᠰᠤᠨ ᠤ ᠦᠶᠡᠯᠡᠯ ᠳᠤ ᠲᠤᠭᠤᠰᠢᠯᠠᠭᠳᠠᠭᠰᠠᠨ᠂ ᠬᠡᠷᠡᠭ ᠤᠨ ᠡᠮᠦᠨᠡᠬᠢ᠂ ᠭᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠪᠦᠬᠦ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠵᠣᠯᠭᠠᠭᠤᠯᠬᠤ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ  ᠶᠢ ᠴᠣᠭᠴᠠᠯᠠᠬᠤ ᠳᠤ ᠰᠠᠭᠤᠷᠢᠯᠠᠵᠤ᠂ ᠨᠡᠶᠢᠲᠡ 9 ᠪᠦᠯᠦᠭ 37 ᠵᠦᠢᠯ ᠲᠠᠢ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠠᠯᠳᠠᠭᠰᠠᠨ ᠭᠤᠤᠯ ᠴᠣᠭᠴᠠ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠲᠦᠷᠢᠮ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠳᠦᠷᠢᠮ᠂ ᠢᠲᠡᠭᠡᠮᠵᠢ ᠶᠢ ᠰᠡᠷᠭᠦᠭᠡᠬᠦ ᠳᠦᠷᠢᠮ᠂ ᠢᠲᠡᠭᠡᠮᠵᠢ ᠶᠢᠨ ᠦᠨᠡᠯᠡᠯᠲᠡ ᠶᠢᠨ ᠳᠦᠷᠢᠮ᠂ ᠢᠲᠡᠭᠡᠮᠵᠢ ᠶᠢᠨ ᠠᠮᠠᠯᠠᠯᠲᠠ ᠶᠢᠨ ᠳᠦᠷᠢᠮ ᠪᠠ ᠡᠷᠬᠡ ᠶᠢ ᠪᠠᠲᠤᠯᠠᠬᠤ ᠳᠦᠷᠢᠮ ᠢ ᠲᠤᠲᠤᠷᠬᠠᠶᠢᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠦᠢ ᠶᠣᠰᠣᠨ ᠤ ᠬᠤᠯᠪᠤᠭᠳᠠᠯ᠂ ᠡᠷᠬᠡ ᠠᠰᠢᠭ ᠢ ᠬᠠᠮᠠᠭᠠᠯᠠᠬᠤ᠂ ᠪᠤᠯᠭᠤᠮᠵᠢᠲᠠᠢ ᠬᠢᠨᠠᠬᠤ ᠵᠠᠷᠴᠢᠮ ᠢ ᠪᠠᠷᠢᠮᠳᠠᠯᠠᠵᠤ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠨᠢ ᠢᠲᠡᠭᠡᠮᠵᠢ ᠪᠠᠨ ᠰᠠᠬᠢᠵᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ ᠠᠳᠠᠯᠢ ᠪᠠᠶᠢᠬᠤ ᠶᠢ ᠦᠨᠡᠨ ᠬᠦ ᠪᠠᠲᠤᠯᠠᠨ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠠᠭᠤᠷᠢ ᠪᠠ ᠦᠨᠳᠦᠰᠦᠯᠡᠯ ᠪᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠬᠠᠮᠢᠶᠠᠷᠤᠯᠲᠠ ᠬᠠᠤᠯᠢᠵᠢᠭᠰᠠᠨ᠂ ᠵᠢᠷᠤᠮᠵᠢᠭᠰᠠᠨ ᠰᠢᠨ᠎ᠡ ᠱᠠᠲᠤ ᠦᠶ᠎ᠡ ᠳᠤ ᠤᠷᠤᠭᠰᠠᠨ ᠢ ᠬᠠᠷᠠᠭᠤᠯᠵᠤ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠤᠷᠸ᠎ᠠ ᠠᠬᠤᠶ ᠪᠠᠶᠢᠳᠠᠯ ᠳᠣᠤᠷ᠎ᠠ᠂ ︽ᠲᠣᠭᠲᠠᠭᠠᠯ︾ ᠢ ᠴᠠᠭ ᠲᠤᠬᠠᠶ ᠳᠤ ᠨᠢ ᠨᠡᠶᠢᠲᠡᠯᠡᠬᠦ ᠨᠢ ᠢᠲᠡᠭᠡᠮᠵᠢ ᠶᠢᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠲᠤᠯᠭᠠᠭᠤᠷᠢᠯᠠᠬᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠶᠢᠨ ᠢᠳᠡᠪᠬᠢᠲᠡᠶ ᠦᠶᠯᠡᠳᠦᠯ ᠢ ᠪᠠᠳᠠᠷᠠᠭᠤᠯᠬᠤ ᠳᠤ ᠠᠰᠢᠭᠲᠠᠶ᠂ ᠣᠲᠣ ᠦᠶ᠎ᠡ ᠶᠢᠨ ᠵᠠᠰᠠᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠶ ᠪᠠᠶᠢᠵᠤ᠂ ᠠᠵᠢᠯ ᠲᠥᠷᠥᠯ ᠤᠨ ᠪᠥᠬᠦ ᠲᠠᠯ᠎ᠠ ᠪᠠᠷ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号