10 ᠳ᠋ᠤᠭᠠᠷ ᠰᠠᠷ᠎ᠠ ᠶᠢᠨ 28 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠤᠯᠤᠰ ᠤᠨ ᠲᠡᠦᠬᠡ | ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠪᠡᠭᠡᠵᠢᠩ ᠬᠤᠲᠠ ᠶᠢᠨ ᠵᠠᠰᠠᠭ ᠤᠨ ᠣᠷᠳᠣᠨ ᠬᠠᠮᠲᠤᠷᠠᠨ | ᠡᠷᠭᠢᠯᠡᠭᠰᠡᠨ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠶᠠᠷᠢᠯᠴᠠᠭᠠᠨ ᠤ ᠬᠤᠷᠠᠯ ᠲᠡᠭᠦᠰᠪᠡ ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ | ᠲᠤᠪᠴᠢᠶ᠎ᠠ ᠶᠢᠨ ᠳᠠᠷᠤᠭ᠎ᠠ ᠯᠢ ᠴᠢᠶᠦ᠋ᠨ ᠬᠤᠷᠠᠯ ᠳᠤ ᠤᠷᠤᠯᠴᠠᠭᠰᠠᠨ 27 ᠤᠯᠤᠰ ᠢ ᠲᠥᠯᠥᠭᠡᠯᠡᠨ 《 ᠠᠽᠢᠶ᠎ᠠ | ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠬᠦ ᠲᠤᠬᠠᠶ ᠰᠠᠨᠠᠭᠠᠴᠢᠯᠠᠭ᠎ᠠ 》 | ᠶᠢ ᠨᠡᠶᠢᠲᠡᠯᠡᠪᠡ ᠃ | ᠰᠠᠨᠠᠭᠠᠴᠢᠯᠭ᠎ᠠ ᠨᠢ ᠣᠳᠣᠬᠠᠨ ᠤ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠳᠤ ᠲᠤᠯᠭᠠᠷᠠᠵᠤ | ᠪᠠᠶᠢᠭ᠎ᠠ ᠪᠠᠶᠢᠳᠠᠯ ᠪᠠ ᠥᠷᠢᠰᠥᠯᠳᠦᠭᠡᠨ ᠢ ᠲᠣᠳᠣᠷᠬᠠᠶᠢᠯᠠᠵᠤ᠂ ᠠᠽᠢᠶ᠎ᠠ ᠲᠢᠪ ᠤᠨ ᠡᠯ᠎ᠡ ᠤᠯᠤᠰ ᠪᠣᠯ 《 ᠠᠽᠢᠶ᠎ᠠ | ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠯᠠᠭ᠎ᠠ 》 ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ | ᠬᠦᠴᠦᠨ ᠮᠥᠨ ᠭᠡᠵᠦ ᠳᠤᠷᠠᠳᠤᠨ ᠭᠠᠷᠭᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠡᠮᠵᠢᠯᠭᠡ ᠪᠠ | ᠤᠷᠤᠯᠴᠠᠯᠭ᠎ᠠ ᠶᠢ ᠤᠷᠢᠶᠠᠯᠠᠨ ᠂ 《 ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ 》 ᠶᠢᠨ | ᠪᠣᠷᠣ ᠲᠥᠯᠥᠪ ᠤᠨ ᠳᠣᠣᠷ᠎ᠠ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠭᠠᠨ ᠤ ᠲᠠᠪᠴᠠᠩ ᠡᠷᠭᠢᠯᠡᠬᠦ ᠪᠠᠷ | ᠲᠣᠭᠲᠠᠪᠠ ᠃ | ᠰᠠᠨᠠᠭᠠᠴᠢᠯᠠᠭ᠎ᠠ ᠳᠤ᠂ ᠠᠽᠢᠶ᠎ᠠ ᠲᠢᠪ ᠤᠨ ᠡᠯ᠎ᠡ ᠤᠯᠤᠰ ᠬᠠᠷᠢᠯᠴᠠᠨ ᠬᠠᠮᠲᠤᠷᠠᠯᠴᠠᠵᠤ ᠠᠽᠢᠶ᠎ᠠ ᠲᠢᠪ ᠤᠨ ᠰᠣᠶᠣᠯ | ᠤᠨ ᠥᠪ ᠢ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠠᠽᠢᠶ᠎ᠠ ᠲᠢᠪ ᠤᠨ ᠪᠣᠯᠪᠠᠰᠤᠨ ᠤ ᠦᠷ᠎ᠡ ᠪᠦᠲᠦᠭᠡᠯ ᠢ ᠰᠠᠬᠢᠨ | ᠬᠠᠮᠠᠭᠠᠯᠠᠵᠤ᠂ ᠠᠽᠢᠶ᠎ᠠ ᠲᠢᠪ ᠤᠨ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠠᠬᠢᠭᠤᠯᠵᠤ᠂ ᠠᠽᠢᠶ᠎ᠠ ᠲᠢᠪ ᠤᠨ | ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠰᠢᠨ᠎ᠡ ᠶᠢ ᠡᠭᠦᠳᠬᠦ ᠠᠮᠢᠵᠢᠷᠠᠯ | ᠤᠨ ᠬᠦᠴᠦᠨ ᠢ ᠬᠥᠭᠵᠢᠭᠡᠵᠦ᠂ ᠰᠣᠶᠣᠯ ᠤᠨ ᠥᠪ ᠢᠶᠠᠷ ᠠᠽᠢᠶ᠎ᠠ ᠲᠢᠪ ᠤᠨ ᠢᠷᠡᠭᠡᠳᠦᠢ ᠶᠢ ᠬᠠᠮᠲᠤ ᠪᠠᠷ | ᠴᠣᠭᠴᠠᠯᠠᠵᠤ᠂ ᠠᠶᠤᠯ ᠲᠦᠭᠰᠢᠭᠦᠷᠢ᠂ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠠᠽᠢᠶ᠎ᠠ ᠲᠢᠪ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠳᠤᠷᠠᠳᠪᠠ ᠃ | ᠲᠡᠭᠦᠰᠬᠦ ᠬᠤᠷᠠᠯ ᠳᠡᠭᠡᠷ᠎ᠡ᠂ 《 ᠠᠽᠢᠶ᠎ᠠ ᠲᠢᠪ ᠤᠨ ᠰᠣᠶᠣᠯ ᠤᠨ ᠥᠪ ᠤᠨ ᠲᠤᠭᠠᠵᠢᠭᠤᠯᠤᠭᠰᠠᠨ | ᠦᠵᠡᠭᠦᠯᠭᠡ 》᠂ 《 ᠪᠡᠭᠡᠵᠢᠩ ᠤᠨ ᠭᠤᠣᠯ ᠲᠡᠩᠭᠡᠯᠢᠭᠲᠦ ᠲᠤᠭᠠᠵᠢᠭᠤᠯᠤᠭᠰᠠᠨ ᠦᠵᠡᠭᠦᠯᠭᠡ 》᠂ 《 | ᠪᠡᠭᠡᠵᠢᠩ ᠤᠨ ᠬᠠᠢ ᠳ᠋ᠢᠶᠠᠨ ᠤ ᠭᠤᠷᠪᠠᠨ ᠠᠭᠤᠯᠠ ᠲᠠᠪᠤᠨ ᠬᠦᠷᠢᠶᠡᠯᠡᠩ ᠤᠨ ᠲᠤᠭᠠᠵᠢᠭᠤᠯᠤᠭᠰᠠᠨ ᠦᠵᠡᠭᠦᠯᠭᠡ 》 | ᠶᠢ ᠭᠠᠷᠭᠠᠪᠠ᠃ | ᠣᠶᠢᠯᠠᠭᠠᠭᠰᠠᠨ ᠢᠶᠠᠷ᠂ ᠶᠠᠷᠢᠯᠴᠠᠭᠠᠨ ᠤ ᠬᠤᠷᠠᠯ ᠡᠯᠪᠡᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ᠂ | ᠠᠷᠮᠧᠨᠢᠶ᠎ᠠ᠂ ᠺᠠᠮᠪᠣᠵᠠ᠂ ᠰᠣᠯᠣᠩᠭᠤᠰ᠂ ᠢᠷᠡᠨ᠂ ᠺᠢᠷᠬᠢᠽᠰᠲ᠋ᠠᠨ᠂ ᠫᠠᠺᠢᠰᠲ᠋ᠠᠨ᠂ ᠰᠢᠷᠢᠶ᠎ᠠ᠂ ᠠᠷᠠᠪ ᠤᠨ | ᠬᠤᠯᠪᠣᠭᠠᠲᠤ ᠠᠬᠠᠮᠠᠳᠳᠤ ᠤᠯᠤᠰ᠂ ᠶᠧᠮᠧᠨ ᠵᠡᠷᠭᠡ ᠠᠽᠢᠶ᠎ᠠ ᠲᠢᠪ ᠤᠨ 10 ᠤᠯᠤᠰ ᠬᠠᠮᠲᠤ ᠪᠠᠷ 《 ᠠᠽᠢᠶ᠎ᠠ | ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠯᠪᠣᠭ᠎ᠠ 》 ᠶᠢ ᠡᠭᠦᠰᠭᠡᠨ ᠪᠠᠶᠢᠭᠤᠯᠵᠤ᠂ ᠳᠤᠮᠳᠠᠳᠤ | ᠤᠯᠤᠰ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ 《 | ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠠᠯᠠᠭᠤᠴᠤᠳ ᠤᠨ ᠡᠯᠴᠢᠨ ᠰᠠᠶᠢᠳ 》 ᠤᠨ | ᠲᠥᠯᠥᠪᠯᠡᠭᠡ ᠶᠢ ᠡᠬᠢᠯᠡᠭᠦᠯᠵᠦ᠂ ᠬᠠᠮᠲᠤᠷᠠᠯᠴᠠᠭᠠᠨ ᠤ ᠲᠣᠭᠲᠠᠴᠠ᠂ ᠦᠷᠬᠦᠯᠵᠢᠯᠡᠭᠰᠡᠨ ᠬᠥᠭᠵᠢᠯᠲᠡ ᠪᠠ ᠴᠢᠳᠠᠪᠤᠷᠢ | ᠶᠢᠨ ᠪᠠᠶᠢᠭᠤᠯᠤᠯᠲᠠ ᠵᠡᠷᠭᠡ ᠲᠠᠯ᠎ᠠ ᠠᠴᠠ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠯᠠᠭ᠎ᠠ | ᠶᠢ ᠠᠬᠢᠭᠤᠯᠬᠤ ᠳᠤ ᠦᠨᠡᠨ ᠬᠦ ᠪᠠᠲᠤᠯᠠᠭ᠎ᠠ ᠬᠠᠩᠭᠠᠭᠰᠠᠨ ᠪᠠᠶᠢᠨ᠎ᠠ ᠃ ᠶᠠᠷᠢᠯᠴᠠᠭᠠᠨ ᠤ ᠬᠤᠷᠠᠯ ᠤᠨ ᠬᠤᠭᠤᠴᠠᠭᠠᠨ | ᠳᠤ᠂ ᠠᠽᠢᠶ᠎ᠠ ᠲᠢᠪ ᠤᠨ 18 ᠤᠯᠤᠰ ᠠᠴᠠ ᠢᠷᠡᠭᠰᠡᠨ ᠲᠤᠰᠬᠠᠶ ᠮᠡᠷᠭᠡᠵᠢᠯᠲᠡᠨ᠂ ᠡᠷᠳᠡᠮᠲᠡᠳ 《 ᠰᠣᠶᠣᠯ ᠤᠨ | ᠥᠪ ᠠᠽᠢᠶ᠎ᠠ ᠲᠢᠪ ᠤᠨ ᠦᠷᠬᠦᠯᠵᠢᠯᠡᠭᠰᠡᠨ ᠬᠥᠭᠵᠢᠯᠲᠡ ᠶᠢ ᠠᠬᠢᠭᠤᠯᠬᠤ 》ᠵᠡᠷᠭᠡ ᠭᠤᠤᠯ ᠰᠡᠳᠦᠪ ᠤᠨ ᠲᠣᠭᠤᠷᠢᠨ | ᠳᠤ ᠲᠤᠷᠰᠢᠯᠭ᠎ᠠ ᠪᠠᠨ ᠰᠣᠯᠢᠯᠴᠠᠵᠤ᠂ ᠲᠠᠨᠢᠯᠲᠠ ᠪᠠᠨ ᠨᠢᠭᠲᠠᠷᠠᠭᠤᠯᠵᠤ᠂ ᠠᠽᠢᠶ᠎ᠠ ᠲᠢᠪ ᠤᠨ ᠰᠣᠶᠣᠯ ᠤᠨ ᠥᠪ ᠢ | ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠳᠤ ᠣᠶᠤᠨ ᠤᠬᠠᠭᠠᠨ ᠢᠶᠠᠨ ᠡᠷᠭᠦᠪᠡ ᠃ ( ᠼᠦᠢ ᠵᠧ ) | |