2021 ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯᠵᠢᠭᠰᠡᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠡᠷᠭᠢᠯᠡᠪᠡ
ᠨᠡᠶᠢᠲᠡᠯᠡᠭᠰᠡᠨ ᠴᠠᠭ᠄
2021/12/21
     12 ᠳ᠋ᠤᠭᠠᠷ ᠰᠠᠷ᠎ᠠ ᠶᠢᠨ 12 ᠤᠨ ᠡᠳᠦᠷ᠂ ︽ᠬᠤᠪᠢᠰᠤᠯᠲᠠ᠂ ᠰᠢᠨ᠎ᠡ ᠶᠢ ᠡᠭᠦᠳᠬᠦ ᠬᠢᠭᠡᠳ ᠴᠢᠨᠠᠷ ᠰᠠᠶᠢᠲᠠᠶ ᠬᠥᠭᠵᠢᠯᠲᠡ︾ ᠪᠠᠷ ᠭᠤᠤᠯ ᠰᠡᠳᠦᠪ ᠪᠣᠯᠭᠠᠭᠰᠠᠨ 2021 ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯᠵᠢᠭᠰᠡᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠡᠷᠭᠢᠯᠡᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠳ᠋ᠦ᠋ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠲᠣᠰ ᠤᠳᠠᠭᠠᠨ ᠤ ᠶᠠᠷᠢᠶᠠᠨ ᠤ ᠲᠠᠪᠴᠠᠩ ᠢ ᠳᠤᠮᠳᠠᠳᠤ ᠤᠯᠤᠰ ᠤᠨ ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠵᠦ᠂ ᠱᠠᠨ ᠰᠢ ᠮᠤᠵᠢ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ᠂ ᠰᠢᠶ᠋ᠧ ᠴᠧᠩ ᠪᠦᠯᠦᠭᠯᠡᠯ᠂ ᠬᠠᠩᠵᠧᠦ ᠬᠤᠲᠠ ᠶᠢᠨ ᠲᠠᠲᠠᠮᠠᠯ ᠭᠤᠤᠯ ᠪᠦᠯᠦᠭᠯᠡᠯ᠂ ᠨᠠᠨᠵᠢᠩ ᠤᠨ ᠵᠢᠭᠤᠯᠴᠢᠯᠠᠯ ᠤᠨ ᠪᠦᠯᠦᠭᠯᠡᠯ᠂ ᠯᠢᠩ ᠨᠠᠨ ᠬᠤᠳᠠᠯᠳᠤᠭ᠎ᠠ ᠵᠢᠭᠤᠯᠴᠢᠯᠠᠯ ᠤᠨ ᠪᠦᠯᠦᠭᠯᠡᠯ ᠬᠠᠮᠲᠤᠷᠠᠨ ᠭᠤᠤᠯᠯᠠᠨ ᠡᠷᠭᠢᠯᠡᠵᠦ᠂ ᠪᠡᠭᠡᠵᠢᠩ᠂ ᠱᠠᠩᠬᠠᠶ᠂ ᠬᠠᠩᠵᠧᠦ᠂ ᠨᠠᠨᠵᠢᠩ᠂ ᠭᠤᠸᠠᠩᠵᠧᠦ ᠳᠤ ᠭᠤᠤᠯ ᠬᠤᠷᠠᠯ ᠤᠨ ᠲᠠᠯᠠᠪᠠᠶ ᠲᠣᠬᠢᠷᠠᠭᠤᠯᠪᠠ᠃ ᠶᠠᠷᠢᠶᠠᠨ ᠤ ᠲᠠᠪᠴᠠᠩ  ᠳᠤ ᠡᠬᠢᠯᠡᠯᠲᠡ ᠶᠢᠨ ᠶᠣᠰᠣᠯᠠᠯ᠂ ᠭᠤᠤᠯ ᠵᠤᠷᠢᠯᠳᠠᠳᠤ ᠶᠠᠷᠢᠶ᠎ᠠ ᠢᠯᠡᠳᠬᠡᠯ᠂ ᠠᠵᠤ ᠠᠬᠤᠶᠢᠯᠠᠯᠲᠠᠨ ᠤ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠬᠤᠷᠠᠯ᠂ ︽ᠣᠷᠴᠢᠨ ᠲᠣᠭᠤᠷᠢᠨ ᠤ ᠬᠤᠪᠢᠷᠠᠯᠲᠠ ᠬᠢᠭᠡᠳ ᠵᠢᠭᠤᠯᠴᠢᠯᠠᠯ ᠤᠨ ᠪᠦᠯᠦᠭᠯᠡᠯ ᠤᠨ ᠠᠷᠭᠠᠴᠠᠭᠠᠨ ᠰᠢᠶᠳᠪᠦᠷᠢᠯᠡᠬᠦ︾ ᠵᠢᠴᠢ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠵᠢᠭᠤᠯᠴᠢᠯᠠᠯ ᠤᠨ ᠪᠦᠯᠦᠭᠯᠡᠯ ᠤᠨ ᠬᠥᠭᠵᠢᠯᠲᠡ︾ ᠶᠢᠨ ᠬᠤᠪᠢᠶᠠᠷᠢ ᠶᠠᠷᠢᠶᠠᠨ ᠤ ᠲᠠᠪᠴᠠᠩ ᠵᠡᠷᠭᠡ ᠭᠤᠭᠴᠤᠭ᠎ᠠ ᠶᠢ ᠪᠠᠭᠲᠠᠭᠠᠵᠤ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯᠵᠢᠭᠰᠡᠨ ᠬᠥᠭᠵᠢᠯᠲᠡ ᠶᠢᠨ ᠮᠡᠳᠡᠭᠦᠯᠦᠯᠲᠡ 2021︾᠂ 2021 ᠳᠤᠮᠳᠠᠳᠤ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ 20 ᠬᠦᠴᠦᠷᠬᠡᠭ ᠵᠢᠴᠢ ᠨᠡᠷ᠎ᠡ ᠳᠡᠪᠰᠢᠭᠦᠯᠦᠭᠳᠡᠭᠰᠡᠨ ᠨᠡᠷᠡᠰ ᠢ ᠨᠡᠶᠢᠲᠡᠯᠡᠪᠡ᠃ ︵ᠼᠦᠢ ᠵᠧ︶
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠠᠯᠪᠠᠨ‌‍ᠰᠦ᠋ᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号