ᠬᠠᠳᠤᠨ ᠭᠤᠤᠯ ᠪᠣᠯ ᠨᠢᠭᠡᠨ ᠪᠠᠳᠠᠭ ᠳᠠᠭᠤᠤ᠂ ᠬᠠᠳᠤᠨ ᠭᠤᠤᠯ ᠪᠣᠯ ᠨᠢᠭᠡᠨ ᠱᠠᠳ ᠰᠢᠯᠦᠭ᠂ ᠬᠠᠳᠤᠨ | ᠭᠤᠤᠯ ᠪᠣᠯ ᠨᠢᠭᠡᠨ ᠭᠤᠶᠢᠲᠠ ᠵᠢᠷᠤᠭ… | ᠬᠥᠬᠡᠨᠠᠭᠤᠷ ᠲᠥᠪᠡᠳ ᠤᠨ ᠥᠨᠳᠦᠷᠯᠢᠭ ᠠᠴᠠ ᠳᠠᠪᠠᠯᠭᠠᠯᠠᠨ ᠪᠠᠭᠤᠵᠤ ᠳᠣᠯᠭᠢᠶᠠᠯᠠᠨ ᠤᠷᠤᠰᠬᠤ ᠬᠠᠳᠤᠨ | ᠭᠤᠣᠯ᠂ ᠨᠢᠩᠰᠢᠶᠠ ᠦᠪᠦᠷ ᠮᠣᠩᠭᠤᠯ ᠤᠨ ᠵᠠᠭᠠᠭ ᠲᠤ ᠬᠢ ᠲᠤᠰᠳᠤ ᠭᠤᠣᠯ ᠤᠨ ᠬᠤᠭᠤᠯᠠᠢ ᠢᠶᠠᠷ ᠥᠪᠥᠷ | ᠮᠣᠩᠭᠤᠯ ᠳᠤ ᠤᠷᠤᠰᠤᠨ ᠣᠷᠣᠵᠤ᠂ ᠬᠥᠪᠴᠢ᠂ ᠤᠯᠠᠭᠠᠨᠪᠤᠬ᠎ᠠ ᠬᠤᠶᠠᠷ ᠶᠡᠭᠡ ᠡᠯᠡᠰᠦᠨ ᠴᠦᠯ ᠤᠨ | ᠬᠤᠭᠤᠷᠤᠨᠳᠤᠭᠤᠷ ᠥᠩᠭᠡᠷᠡᠵᠦ᠂ ᠰᠢᠭᠤᠳ ᠤᠮᠠᠷᠠᠰᠢ ᠤᠷᠤᠰᠤᠭᠠᠳ᠂ ᠮᠤᠨᠢ ᠠᠭᠤᠯᠠ ᠨᠢᠷᠤᠭᠤ ᠠᠴᠠ ᠵᠡᠭᠦᠨᠰᠢ | ᠲᠠᠬᠢᠨ ᠡᠮᠦᠨᠡᠰᠢ ᠮᠤᠷᠤᠯᠵᠠᠨ ᠤᠷᠤᠰᠴᠤ᠂ ᠮᠤᠨᠢ ᠠᠭᠤᠯᠠ ᠶᠢᠨ ᠡᠮᠦᠨ᠎ᠡ ᠬᠤᠷᠮᠣᠢ ᠪᠠ ᠤᠷᠳᠤᠰ ᠤᠨ ᠥᠨᠳᠦᠷᠯᠢᠭ | ᠤᠨ ᠬᠤᠭᠤᠷᠣᠨᠳᠣ ᠯᠤᠲᠤ ᠶᠡᠭᠡ《几 ᠦᠰᠦᠭᠲᠦ ᠲᠤᠬᠤᠢ 》 ᠶᠢ ᠪᠤᠢ ᠪᠣᠯᠭᠠᠪᠠ᠃ ᠵᠠᠭᠤ ᠮᠢᠩᠭᠠᠨ ᠵᠢᠯ ᠤᠨ | ᠲᠤᠷᠰᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠡᠨᠡ ᠬᠦ ᠪᠠᠶᠠᠨ ᠲᠠᠩᠰᠤᠭ᠂ ᠷᠣᠮᠠᠨᠲ᠋ᠢᠭ᠂ ᠬᠠᠶᠢᠷ᠎ᠠ | ᠰᠡᠳᠬᠢᠯᠭᠡ ᠪᠢᠯᠬᠠᠭᠰᠠᠨ《几 ᠦᠰᠦᠭᠲᠦ ᠲᠤᠬᠤᠢ 》 ᠳᠤ ᠬᠠᠲᠤᠨ ᠭᠤᠤᠯ ᠤᠨ ᠪᠣᠯᠪᠠᠰᠤᠨ ᠢ ᠡᠭᠦᠳᠦᠨ | ᠪᠦᠲᠦᠭᠡᠵᠦ᠂ ᠬᠠᠲᠤᠨ ᠭᠤᠤᠯ ᠤᠨ ᠰᠣᠶᠣᠯ ᠢ ᠪᠠᠶᠠᠯᠢᠭᠵᠢᠭᠤᠯᠵᠤ᠂ ᠬᠠᠲᠤᠨ ᠭᠤᠤᠯ ᠤᠨ ᠤᠳᠬ᠎ᠠ ᠵᠣᠬᠢᠶᠠᠯ ᠢ | ᠪᠢᠴᠢᠭᠯᠡᠵᠦ᠂ ᠬᠠᠲᠤᠨ ᠭᠤᠤᠯ ᠤᠨ ᠥᠯᠢᠭᠡᠷ ᠢ ᠶᠠᠷᠢᠵᠤ ᠪᠠᠶᠢᠨ᠎ᠠ… | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠲᠡᠷᠢᠭᠦᠯᠡᠭᠴᠢ ᠮᠠᠤ ᠽᠧ ᠳ᠋ᠦᠩ《 | ᠬᠠᠳᠤᠨ ᠭᠤᠣᠯ ᠤᠨ ᠶᠠᠪᠤᠳᠠᠯ ᠢ ᠰᠠᠶᠢᠲᠤᠷ ᠬᠢᠬᠦ ᠬᠡᠷᠡᠭᠲᠡᠢ 》ᠭᠡᠰᠡᠨ ᠤᠷᠢᠶᠠᠯᠠᠭ᠎ᠠ ᠭᠠᠷᠭᠠᠪᠠ᠂ 1959 ᠣᠨ ᠳᠤ | ᠂《 ᠲᠦᠮᠡᠨ ᠭᠠᠵᠠᠷ ᠤᠨ ᠬᠠᠳᠤᠨ ᠭᠤᠣᠯ ᠤᠨ ᠨᠢᠭᠡᠳᠦᠭᠡᠷ ᠬᠠᠭᠠᠯᠲᠠ 》ᠬᠡᠮᠡᠭᠳᠡᠭᠰᠡᠨ ᠬᠠᠳᠤᠨ ᠭᠤᠣᠯ ᠤᠨ ᠰᠠᠨ | ᠱᠧᠩ ᠬᠦᠩ ᠤᠰᠤᠨ ᠠᠰᠢᠭᠯᠠᠯᠲᠠ ᠶᠢᠨ ᠬᠦᠢᠰᠦ ᠥᠪᠥᠷ ᠮᠣᠩᠭᠤᠯ ᠳᠤ ᠪᠠᠶᠢᠭᠤᠯᠤᠭᠳᠠᠪᠠ᠂ ᠡᠨᠡ ᠪᠣᠯ ᠠᠽᠢᠶ᠎ᠠ | ᠲᠢᠪ ᠤᠨ ᠬᠠᠮᠤᠭ ᠤᠨ ᠲᠤᠮᠤ ᠲᠠᠯ᠎ᠠ ᠭᠠᠵᠠᠷ ᠤᠨ ᠤᠰᠤ ᠲᠠᠲᠠᠬᠤ ᠤᠰᠤᠯᠠᠯᠲᠠ ᠶᠢᠨ ᠣᠷᠣᠨ ᠪᠣᠯᠬᠤ ᠪᠥᠭᠡᠳ | ᠬᠠᠳᠤᠨ ᠭᠤᠣᠯ ᠤᠨ ᠴᠤᠷ ᠤᠨ ᠭᠠᠭᠴᠠ ᠤᠰᠤᠯᠠᠯᠲᠠ ᠪᠠᠷ ᠭᠤᠣᠯ ᠪᠣᠯᠭᠠᠭᠰᠠᠨ ᠲᠤᠮᠤ ᠬᠡᠯᠪᠡᠷᠢ ᠶᠢᠨ ᠲᠠᠯ᠎ᠠ ᠭᠠᠵᠠᠷ | ᠤᠨ ᠬᠠᠰᠢᠯᠭ᠎ᠠ ᠶᠢᠨ ᠢᠨᠵᠧᠨᠧᠷᠢᠩ ᠪᠣᠯᠤᠨ᠎ᠠ᠃ | 2019 ᠣᠨ ᠳᠤ᠂ ᠨᠠᠮ ᠤᠨ ᠲᠥᠪ ᠬᠤᠷᠢᠶ᠎ᠠ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ | ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠥᠪᠥᠷ | ᠮᠣᠩᠭᠤᠯ ᠴᠢᠩᠭ᠎ᠠ ᠲᠤᠯᠭᠠᠮ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠥᠪᠥᠷ ᠮᠣᠩᠭᠤᠯ ᠤᠨ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠪᠠ᠃ | ᠬᠠᠲᠤᠨ ᠭᠤᠤᠯ ᠤᠨ ᠰᠣᠶᠣᠯ ᠢ ᠬᠡᠷᠬᠢᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ | ᠢ ᠬᠡᠷᠬᠢᠨ ᠰᠠᠶᠢᠲᠤᠷ ᠶᠠᠷᠢᠬᠤ ᠲᠤᠬᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ | ᠹᠧᠩ ᠣᠶᠢᠷ᠎ᠠ ᠳᠤ ᠳᠤᠮᠳᠠᠳᠤ ᠤᠯᠤᠰ ᠤᠨ ᠰᠣᠶᠣᠯ ᠤᠨ ᠰᠣᠨᠢᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ | ᠠᠰᠠᠭᠤᠯᠲᠠ᠄ 2019 ᠣᠨ ᠤ 9 ᠳ᠋ᠤᠭᠡᠷ ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ | ᠾᠧᠨᠠᠨ ᠮᠤᠵᠢ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ ᠶᠠᠷᠢᠶᠠᠨ ᠳᠤ ᠪᠠᠨ ᠤᠷᠢᠳ | ᠬᠤᠵᠢᠳ ᠥᠪᠥᠷ ᠮᠣᠩᠭᠤᠯ ᠤᠨ ᠤᠯᠠᠭᠠᠨᠰᠤᠬᠠᠢ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ᠂ ᠬᠥᠪᠴᠢ ᠵᠡᠷᠭᠡ | ᠭᠠᠵᠠᠷ ᠢ ᠳᠤᠷᠠᠳᠴᠠᠢ᠂ ᠡᠨᠡ ᠪᠣᠯ ᠶᠡᠷᠦᠩᠬᠡᠢ ᠱᠦᠵᠢ ᠥᠪᠥᠷ ᠮᠣᠩᠭᠤᠯ ᠳᠤ ᠥᠭᠭᠦᠭᠰᠡᠨ ᠯᠤᠲᠤ ᠶᠡᠭᠡ ᠬᠠᠯᠠᠮᠵᠢᠯᠠᠯ | ᠪᠣᠯᠤᠨ᠎ᠠ᠃ 3 ᠵᠢᠯ ᠤᠨ ᠲᠤᠷᠰᠢ᠂ ᠥᠪᠥᠷ ᠮᠣᠩᠭᠤᠯ ᠡᠨᠡ ᠬᠡᠳᠦᠨ ᠭᠠᠵᠠᠷ ᠣᠷᠣᠨ ᠤ ᠬᠠᠲᠤᠨ ᠭᠤᠤᠯ ᠤᠨ | ᠰᠣᠶᠣᠯ ᠢ ᠠᠭᠤᠳᠠᠯᠤᠨ ᠪᠠᠳᠠᠷᠠᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠ ᠢᠯᠡᠳᠲᠡ ᠠᠮᠵᠢᠯᠲᠠ | ᠪᠦᠲᠦᠮᠵᠢ ᠣᠯᠤᠭᠰᠠᠨ ᠪᠣᠶ︖ | ᠬᠠᠷᠢᠭᠤᠯᠲᠠ᠄ ᠬᠠᠳᠤᠨ ᠭᠤᠣᠯ ᠤᠨ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠴᠢᠬᠤᠯᠠ ᠪᠦᠷᠢᠯᠳᠦᠬᠦᠨ | ᠬᠡᠰᠡᠭ ᠮᠥᠨ᠂ ᠮᠠᠨ ᠤ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ 2019 | ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ | ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ | ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠠᠵᠢᠯ ᠢ ᠶᠡᠭᠡ ᠪᠠᠷ | ᠠᠬᠢᠭᠤᠯᠪᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠢᠳᠡᠪᠬᠢᠲᠡᠢ ᠲᠥᠯᠥᠪᠵᠢᠭᠦᠯᠦᠨ | ᠵᠢᠯᠣᠭᠤᠳᠴᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ | ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠬᠢᠪᠡ᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ 》ᠪᠠ《 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ〈几 ᠦᠰᠦᠭᠲᠦ ᠲᠤᠬᠤᠢ 〉 | ᠶᠢᠨ ᠰᠣᠶᠣᠯ ᠵᠢᠭᠤᠯᠴᠢᠯᠠᠯ ᠤᠨ ᠵᠠᠩ ᠦᠶᠯᠡ ᠶᠢᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ ᠪᠣᠷᠣᠲᠣᠬᠤᠶ ᠶᠢᠨ ᠲᠠᠯ᠎ᠠ ᠭᠠᠵᠠᠷ ᠤᠨ ᠵᠢᠭᠤᠯᠴᠢᠯᠠᠯ ᠤᠨ | ᠰᠦᠷᠦᠭᠵᠢᠯ᠂ ᠬᠥᠪᠴᠢ ᠶᠢᠨ ᠡᠯᠡᠰᠦᠨ ᠤ ᠵᠢᠭᠤᠯᠴᠢᠯᠠᠯ ᠤᠨ ᠰᠦᠷᠦᠭᠵᠢᠯ ᠢ ᠲᠥᠯᠥᠪᠵᠢᠭᠦᠯᠦᠨ ᠲᠥᠯᠥᠪᠯᠡᠵᠦ᠂ | ᠢᠨᠵᠧᠨᠧᠷᠢᠩ ᠤᠨ ᠲᠥᠷᠥᠯ ᠵᠦᠶᠯ ᠢᠶᠠᠷ ᠭᠠᠷᠳᠠᠴᠠ ᠪᠣᠯᠭᠠᠨ᠂ ᠥᠪᠥᠷ ᠮᠣᠩᠭᠤᠯ ᠤᠨ ᠬᠡᠰᠡᠭ ᠤᠨ ᠬᠠᠲᠤᠨ ᠭᠤᠤᠯ | ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ | ᠳᠠᠭᠠᠭᠤᠯᠪᠠ︔ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ | ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠭᠡᠷᠡᠯᠳᠦᠭᠦᠯᠪᠡ᠃ | 2020 ᠣᠨ ᠳᠤ᠂ ᠤᠯᠠᠭᠠᠨᠰᠤᠬᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠨᠢ ᠤᠯᠤᠰ ᠤᠨ 3 | A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠭᠰᠡᠨ ᠨᠢ ᠳᠠᠷᠤᠢ ᠤᠯᠠᠭᠠᠨᠰᠤᠬᠠᠢ ᠶᠢᠨ ᠠᠮᠢ | ᠠᠬᠤᠢ ᠶᠢ ᠰᠡᠷᠭᠦᠭᠡᠬᠦ᠂ ᠪᠣᠬᠢᠷᠲᠤᠯ ᠢ ᠵᠠᠰᠠᠬᠤ ᠪᠠ ᠬᠠᠲᠠᠭᠤ ᠵᠥᠭᠡᠯᠡᠨ ᠲᠤᠨᠤᠭ ᠤᠨ ᠤᠯᠠᠨ ᠵᠦᠢᠯ ᠤᠨ ᠬᠠᠮᠲᠤᠷᠠᠯ | ᠬᠦᠴᠦᠨ ᠢ ᠳᠡᠭᠡᠭᠰᠢᠯᠡᠭᠦᠯᠦᠭᠰᠡᠨ ᠤ ᠦᠷ᠎ᠡ ᠪᠦᠲᠦᠭᠡᠯ ᠪᠣᠯᠤᠨ᠎ᠠ᠃ ᠬᠥᠪᠴᠢ ᠶᠢᠨ ᠡᠯᠡᠰᠦ ᠨᠢ ᠠᠮᠢ ᠠᠬᠤᠢ ᠶᠢᠨ | ᠵᠠᠰᠠᠯᠲᠠ ᠶᠢᠨ ᠨᠡᠶᠢᠲᠡᠯᠢᠭ ᠵᠢᠱᠢᠶ᠎ᠡ ᠪᠣᠯᠤᠭᠰᠠᠨ ᠤ ᠬᠤᠪᠢ ᠳᠤ᠂ ᠤᠷᠢᠳ ᠬᠤᠵᠢᠳ《 ᠤᠯᠤᠰ ᠤᠨ ᠤᠰᠤᠨ | ᠠᠰᠢᠭᠯᠠᠯᠲᠠ ᠶᠢᠨ ᠦᠵᠡᠮᠵᠢ ᠶᠢᠨ ᠣᠷᠣᠨ 》᠂《 ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ 》᠂《 | ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠡᠭᠦᠷᠢᠳᠡ ᠶᠢᠨ ᠬᠤᠷᠠᠯ ᠤᠨ ᠭᠠᠵᠠᠷ | 》 ᠢᠶᠠᠷ ᠦᠨᠡᠯᠡᠭᠳᠡᠭᠰᠡᠨ ᠪᠥᠭᠡᠳ《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ | ᠮᠥᠨ ᠭᠡᠬᠦ ᠤᠨᠤᠯ ᠤᠨ ᠦᠢᠯᠡᠳᠦᠯᠭᠡ ᠶᠢᠨ ᠰᠠᠭᠤᠷᠢᠨ 》ᠵᠡᠷᠭᠡ ᠢᠷᠠᠭᠤ ᠠᠯᠳᠠᠷ ᠢ ᠬᠦᠷᠳᠡᠵᠠᠢ᠃ ᠤᠢᠢᠷ᠎ᠡ ᠶᠢᠨ | ᠵᠢᠯ ᠠᠴᠠ ᠨᠠᠭᠠᠰᠢ᠂ ᠬᠥᠪᠴᠢ ᠶᠢᠨ ᠠᠮᠢ ᠠᠬᠤᠢ ᠶᠢ ᠰᠡᠷᠭᠦᠭᠡᠭᠰᠡᠨ ᠤ ᠳᠠᠷᠠᠭᠠᠬᠢ ᠡᠯᠡᠰᠦᠨ ᠴᠦᠯ ᠤᠨ ᠨᠣᠭᠤᠭᠠᠨ | ᠪᠦᠷᠢᠳᠦ ᠶᠢᠨ ᠦᠵᠡᠮᠵᠢ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢ ᠲᠣᠭᠤᠷᠢᠨ | ᠦᠵᠡᠬᠦ᠂ ᠰᠡᠯᠡᠭᠦᠴᠡᠨ ᠠᠮᠠᠷᠠᠬᠤ᠂ ᠡᠯᠡᠰᠦᠨ ᠴᠦᠯ ᠤᠨ ᠪᠠᠷᠲᠠᠭ᠎ᠠ ᠬᠠᠶᠢᠬᠤ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠥᠮᠦᠵᠢᠯ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠤᠨ | ᠦᠢᠯᠡᠳᠬᠦᠨ ᠢ ᠦᠷᠭᠦᠯᠵᠢᠯᠡᠨ ᠭᠦᠨᠵᠡᠭᠡᠢ ᠠᠭᠤᠳᠠᠯᠤᠨ ᠴᠣᠭᠴᠠᠯᠠᠵᠤ᠂ ᠬᠥᠪᠴᠢ ᠶᠢᠨ ᠴᠢ ᠰᠢᠩ ᠬᠤ᠋ ᠨᠠᠭᠤᠷ ᠤᠨ | ᠦᠵᠡᠮᠵᠢ ᠶᠢᠨ ᠣᠷᠣᠨ ᠢ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ 5 A | ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠶᠢ ᠠᠬᠢᠭᠤᠯᠪᠠ᠃ 2021 ᠣᠨ ᠳᠤ᠂ ᠴᠢ ᠰᠢᠩ ᠬᠤ᠋ | ᠨᠠᠭᠤᠷ ᠤᠨ ᠦᠵᠡᠮᠵᠢ ᠶᠢᠨ ᠣᠷᠣᠨ ᠨᠢ ᠦᠵᠡᠮᠵᠢ ᠶᠢᠨ ᠶᠠᠰᠤ ᠴᠢᠨᠠᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠵᠦ᠂ | 《 ᠤᠯᠤᠰ ᠤᠨ 5 A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠨᠡᠷᠡᠰ 》 ᠲᠤ ᠵᠢᠭᠰᠠᠭᠠᠭᠳᠠᠪᠠ | ᠃ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠣᠯ ᠥᠪᠥᠷ ᠮᠣᠩᠭᠤᠯ ᠤᠨ ᠬᠠᠲᠤᠨ | ᠭᠤᠤᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠲᠡᠯᠢᠭ ᠲᠥᠯᠥᠭᠡᠯᠡᠭᠴᠢ ᠮᠥᠨ᠂ 2019 ᠣᠨ ᠳᠤ | ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠵᠢᠭᠰᠠᠭᠠᠭᠳᠠᠵᠤ᠂ ᠬᠠᠲᠤᠨ ᠭᠤᠤᠯ ᠤᠨ | ᠰᠣᠶᠣᠯ ᠤᠨ ᠥᠪ ᠤᠨ ᠶᠡᠭᠡ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢᠶᠠᠷ | ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠠᠴᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠪᠣᠷᠣᠲᠣᠬᠤᠶ ᠶᠢᠨ ᠰᠣᠶᠣᠯ ᠪᠠ | ᠵᠢᠭᠤᠯᠴᠢᠯᠠᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ | ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢ ᠥᠷᠨᠢᠭᠦᠯᠵᠦ᠂ ᠤᠯᠤᠰ ᠤᠨ ᠲᠠᠰ ᠤᠨ ᠰᠤᠳᠤᠯᠤᠨ ᠰᠤᠷᠤᠯᠴᠠᠬᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠪᠠ︔ ᠪᠣᠷᠣᠲᠣᠬᠤᠶ ᠶᠢᠨ ᠰᠣᠶᠣᠯ | ᠤᠨ ᠮᠦᠽᠧᠶ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ ᠢ ᠵᠠᠰᠠᠨ ᠰᠡᠷᠭᠦᠭᠡᠬᠦ᠂ ᠰᠢᠯᠵᠢᠭᠦᠯᠵᠦ | ᠪᠣᠯᠬᠤ ᠲᠡᠦᠬᠡ ᠶᠢᠨ ᠳᠤᠷᠠᠰᠬᠠᠯᠲᠤ ᠵᠦᠶᠯᠡᠰ ᠢ ᠲᠤᠭᠠᠵᠢᠭᠤᠯᠤᠨ ᠬᠠᠮᠠᠭᠠᠯᠠᠬᠤ᠂ ᠰᠢᠯᠵᠢᠭᠦᠯᠵᠦ ᠪᠣᠯᠬᠤ ᠲᠡᠦᠬᠡ ᠶᠢᠨ | ᠳᠤᠷᠠᠰᠬᠠᠯᠲᠤ ᠵᠦᠶᠯᠡᠰ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠵᠡᠷᠭᠡ ᠠᠵᠢᠯ ᠢ ᠴᠢᠩᠭᠠᠳᠬᠠᠵᠤ᠂ | ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠶ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠶᠯ ᠢ ᠪᠠᠶᠢᠭᠤᠯᠬᠤ ᠶᠢ ᠠᠬᠢᠭᠤᠯᠪᠠ︔ ᠬᠠᠲᠤᠨ ᠭᠤᠤᠯ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠥᠪᠡᠷᠮᠢᠴᠡ ᠡᠬᠢ ᠪᠠᠶᠠᠯᠢᠭ ᠢ ᠠᠰᠢᠭᠯᠠᠨ᠂ ᠬᠠᠲᠤᠨ ᠭᠤᠤᠯ ᠤᠨ ᠪᠣᠷᠣᠲᠣᠬᠤᠶ ᠶᠢᠨ ᠰᠣᠶᠣᠯ | ᠤᠨ ᠵᠢᠭᠤᠯᠴᠢᠯᠠᠯ ᠤᠨ ᠣᠷᠣᠨ᠂ ᠬᠠᠲᠤᠨ ᠭᠤᠤᠯ ᠤᠨ ᠰᠠᠨ ᠱᠧᠩ ᠬᠥᠩ ᠤᠨ ᠤᠯᠤᠰ ᠤᠨ ᠤᠰᠤᠨ ᠠᠰᠢᠭᠯᠠᠯᠲᠠ | ᠶᠢᠨ ᠦᠵᠡᠮᠵᠢ ᠶᠢᠨ ᠣᠷᠣᠨ᠂ ᠲᠠᠷᠢᠶᠠᠯᠠᠬᠤ ᠰᠣᠶᠣᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠰᠣᠶᠣᠯ | ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠨᠢᠭᠡ ᠪᠦᠯᠦᠭ ᠴᠢᠨᠠᠷ ᠰᠠᠶᠢᠲᠠᠶ ᠬᠠᠲᠤᠨ ᠭᠤᠤᠯ ᠤᠨ | ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠲᠥᠷᠥᠯ ᠵᠦᠶᠯ ᠢ ᠪᠤᠶᠢᠵᠢᠭᠤᠯᠪᠠ᠃ | ᠠᠰᠠᠭᠤᠯᠲᠠ᠄ 2021 ᠣᠨ ᠤ 10 ᠳ᠋ᠤᠭᠠᠷ ᠰᠠᠷ᠎ᠠ ᠶᠢᠨ 8 ᠤ ᠡᠳᠦᠷ᠂ ᠳᠤᠮᠳᠠᠲᠤ ᠤᠯᠤᠰ ᠤᠨ ᠡᠪ ᠬᠠᠮᠲᠤ ᠨᠠᠮ | ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ | ᠳᠠᠷᠤᠮᠠᠯᠯᠠᠨ ᠲᠠᠷᠬᠠᠭᠠᠪᠠ ᠃ ︽ᠬᠥᠲᠥᠯᠪᠦᠷᠢ︾ ᠳᠤ ︽ᠬᠠᠲᠤᠨ ᠭᠤᠤᠯ ᠤᠨ ᠰᠣᠶᠣᠯ ᠤᠨ ᠡᠬᠢ ᠪᠠᠶᠠᠯᠢᠭ ᠢ ᠪᠥᠬᠦ | ᠲᠠᠯ᠎ᠠ ᠪᠠᠷ ᠪᠠᠶᠢᠴᠠᠭᠠᠬᠤ ᠪᠠ ᠮᠠᠭᠠᠳᠯᠠᠨ ᠲᠣᠭᠲᠠᠭᠠᠬᠤ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ᠂ | ᠪᠣᠳᠠᠰ ᠤᠨ ᠪᠤᠰᠤ ᠰᠣᠶᠣᠯ ᠤᠨ ᠥᠪ᠂ ᠰᠤᠷᠪᠤᠯᠵᠢ ᠪᠢᠴᠢᠭ ᠤᠨ ᠴᠢᠬᠤᠯᠠ ᠰᠣᠶᠣᠯ ᠤᠨ ᠥᠪ ᠤᠨ ᠰᠠᠭᠤᠷᠢ | ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ︾᠂ ︽ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ | ᠢ ᠭᠦᠨᠵᠡᠭᠡᠶ ᠰᠤᠳᠤᠯᠤᠨ ᠲᠥᠯᠥᠪᠵᠢᠭᠦᠯᠵᠦ ᠪᠥᠲᠥᠭᠡᠨ ᠪᠠᠶᠢᠭᠤᠯᠬᠤ ᠬᠡᠷᠡᠭᠲᠡᠶ︾᠂ ︽ᠨᠢᠭᠡ ᠪᠦᠯᠦᠭ ᠬᠠᠲᠤᠨ | ᠭᠤᠤᠯ ᠤᠨ ᠰᠣᠶᠣᠯ ᠤᠨ ᠮᠦᠽᠧᠶ ᠶᠢ ᠵᠣᠬᠢᠰᠲᠠᠶ ᠥᠭᠡᠷᠡᠴᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ ᠬᠡᠷᠡᠭᠲᠡᠶ | ︾ ᠭᠡᠵᠦ ᠱᠠᠭᠠᠷᠳᠠᠪᠠ ᠃ ︽ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠥᠪᠥᠷ | ᠮᠣᠩᠭᠤᠯ ᠳᠤ ᠶᠠᠮᠠᠷ ᠶᠠᠮᠠᠷ ᠰᠡᠳᠬᠢᠮᠵᠢ ᠠᠷᠭ᠎ᠠ ᠬᠡᠮᠵᠢᠶ᠎ᠡ ᠪᠠᠶᠢᠬᠤ ᠪᠣᠶ︖ | ᠬᠠᠷᠢᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠳᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢᠨ | ᠬᠥᠲᠥᠯᠪᠦᠷᠢ︾ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ᠂ | ᠬᠠᠳᠤᠨ ᠭᠤᠤᠯ ᠤᠨ ᠰᠣᠶᠣᠯ ᠢ ᠶᠡᠭᠡ ᠪᠠᠷ ᠬᠠᠮᠠᠭᠠᠯᠠᠵᠤ ᠤᠯᠠᠮᠵᠢᠯᠠᠨ ᠪᠠᠳᠠᠷᠠᠭᠤᠯᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ | ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ | ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠲᠥᠯᠥᠪᠵᠢᠭᠦᠯᠭᠡ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︿几 ᠦᠰᠦᠭᠲᠦ ᠲᠤᠬᠤᠢ﹀ ᠶᠢᠨ ᠪᠣᠳᠠᠰ | ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠤᠰᠬᠠᠢ ᠲᠥᠯᠥᠪᠵᠢᠭᠦᠯᠭᠡ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︽几 ᠦᠰᠦᠭᠲᠦ ᠲᠤᠬᠤᠢ︾ ᠶᠢᠨ | ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠰᠢᠷᠢᠰ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠠᠳᠤᠨ ᠭᠤᠤᠯ ᠤᠨ | ᠰᠣᠶᠣᠯ ᠢ ᠬᠠᠮᠠᠭᠠᠯᠠᠵᠤ ᠠᠰᠢᠭᠯᠠᠬᠤ ᠰᠡᠳᠬᠢᠴᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ | ᠂ ᠳᠣᠣᠷᠠᠬᠢ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠄ | ᠨᠢᠭᠡ ᠳᠤ᠂ ᠬᠠᠲᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠵᠤ | ᠠᠰᠢᠭᠯᠠᠬᠤ ᠶᠢ ᠴᠢᠩᠭᠠᠳᠬᠠᠨ᠎ᠠ᠃ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠢ | ᠪᠠᠶᠢᠴᠠᠭᠠᠬᠤ ᠪᠠ ᠡᠮᠬᠢᠯᠡᠬᠦ ᠶᠢ ᠥᠷᠨᠢᠭᠦᠯᠵᠦ᠂ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ | ᠪᠠᠶᠠᠯᠢᠭ ᠤᠨ ᠲᠣᠭᠠᠴᠢᠯᠠᠭᠰᠠᠨ ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠤᠰᠠᠳᠬᠤ ᠰᠢᠬᠠᠭᠰᠠᠨ ᠲᠡᠦᠬᠡ ᠶᠢᠨ | ᠳᠤᠷᠠᠰᠬᠠᠯᠲᠤ ᠵᠦᠢᠯᠡᠰ ᠢ ᠲᠦᠷᠭᠡᠨ ᠠᠪᠤᠷᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠪᠣᠯᠤᠨ ᠠᠶᠢᠮᠠᠭ ᠬᠤᠲᠠ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠳᠠᠭᠠᠯᠠᠬᠤ ᠣᠷᠴᠢᠨ ᠲᠣᠭᠤᠷᠢᠨ ᠢ ᠪᠠᠷᠢᠮᠵᠢᠶ᠎ᠠ ᠳᠤ ᠬᠦᠷᠦᠭᠦᠯᠬᠦ ᠢᠨᠵᠧᠨᠧᠷᠢᠩ ᠢ | ᠲᠦᠯᠬᠢᠨ ᠠᠬᠢᠭᠤᠯᠵᠤ᠂ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠪᠠ ᠲᠣᠭᠠᠴᠢᠯᠠᠬᠤ ᠴᠢᠨᠠᠷᠲᠠᠶ ᠬᠠᠮᠠᠭᠠᠯᠠᠬᠤ ᠠᠵᠢᠯ ᠢ | ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠶ᠃ ᠬᠠᠭᠤᠴᠢ ᠰᠤᠳᠤᠯᠤᠯ ᠤᠨ ᠠᠵᠢᠯ ᠢ ᠴᠢᠩᠭᠠᠳᠬᠠᠵᠤ᠂ ᠳᠤᠮᠳᠠᠳᠤ ᠶᠢᠨ | ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ᠂ ︽ᠳᠤᠮᠳᠠᠳᠤ ᠤᠯᠤᠰ ᠤᠨ ᠬᠠᠭᠤᠴᠢ | ᠰᠤᠳᠤᠯᠤᠯ︾ ᠤᠨ ᠴᠢᠬᠤᠯᠠ ᠶᠡᠭᠡ ᠰᠤᠳᠤᠯᠭᠠᠨ ᠪᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ︽ᠬᠠᠲᠤᠨ ᠭᠤᠤᠯ ᠤᠨ ᠰᠠᠪᠠ ᠭᠠᠵᠠᠷ ᠤᠨ | ᠡᠷᠲᠡ ᠦᠶ᠎ᠡ ᠶᠢᠨ ᠪᠣᠯᠪᠠᠰᠤᠨ ᠤ ᠡᠭᠦᠰᠦᠯ — ᠰᠠᠭᠤᠷᠢᠰᠢᠯ ᠤᠨ ᠪᠠᠭᠤᠷᠢ︾ ᠶᠢᠨ ᠬᠠᠭᠤᠴᠢ ᠰᠤᠳᠤᠯᠤᠯ ᠤᠨ | ᠰᠤᠳᠤᠯᠭᠠᠨ ᠢ ᠥᠷᠨᠢᠭᠦᠯᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠠᠭᠤᠳᠠᠯᠬᠤ᠂ ᠡᠮᠬᠢᠯᠡᠬᠦ᠂ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ | ᠪᠥᠲᠥᠭᠡᠨ ᠪᠠᠶᠢᠭᠤᠯᠤᠨ᠎ᠠ᠃ ᠴᠢᠯᠠᠭᠤᠨ ᠠᠭᠤᠶ ᠶᠢᠨ ᠰᠣᠶᠣᠯ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠠᠷᠵᠠᠶ | ᠴᠢᠯᠠᠭᠤᠨ ᠠᠭᠤᠶ ᠶᠢᠨ ᠰᠦᠮ᠎ᠡ ᠪᠠᠷ ᠭᠤᠤᠯᠳᠠᠯᠭ᠎ᠠ ᠪᠣᠯᠭᠠᠨ ᠬᠠᠮᠠᠭᠠᠯᠠᠵᠤ ᠰᠤᠳᠤᠯᠬᠤ ᠠᠵᠢᠯ ᠢ ᠰᠠᠶᠢᠲᠤᠷ ᠬᠢᠨ᠎ᠡ᠃ | ︽ᠲᠦᠮᠡᠨ ᠭᠠᠵᠠᠷ ᠤᠨ ᠴᠠᠶ ᠶᠢᠨ ᠵᠠᠮ︾ ᠤᠨ ᠥᠪᠥᠷ ᠮᠣᠩᠭᠤᠯ ᠤᠨ ᠬᠡᠰᠡᠭ ᠢ ᠳᠡᠯᠡᠬᠡᠶ ᠶᠢᠨ ᠰᠣᠶᠣᠯ ᠤᠨ ᠥᠪ | ᠢᠶᠠᠷ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ᠎ᠠ᠃ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ | ᠠᠰᠢᠭᠯᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ | ᠬᠠᠮᠢᠶᠠᠷᠬᠤ ᠪᠠ ᠰᠤᠳᠤᠯᠤᠨ ᠲᠠᠶᠢᠯᠪᠤᠷᠢᠯᠠᠵᠤ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ | ᠬᠤᠪᠢᠰᠬᠠᠯ ᠤᠨ ᠲᠡᠦᠬᠡ ᠶᠢᠨ ᠮᠦᠽᠧᠢ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠵᠡᠷᠭᠡ ᠨᠢᠭᠡ ᠪᠦᠯᠦᠭ | ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠢ | ᠪᠠᠶᠢᠭᠤᠯᠤᠨ᠎ᠠ ᠃ ᠬᠠᠲᠤᠨ ᠭᠤᠣᠯ ᠤᠨ ᠰᠣᠶᠣᠯ ᠤᠨ ᠳᠡᠯᠭᠡᠨ ᠦᠵᠡᠭᠦᠯᠵᠦ ᠠᠰᠢᠭᠯᠠᠬᠤ ᠠᠵᠢᠯ ᠢ ᠦᠷᠭᠦᠯᠵᠢᠯᠡᠨ | ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠣᠨᠴᠠᠯᠢᠭ ᠲᠠᠢ ᠮᠦᠽᠧᠶ ᠶᠢᠨ ᠰᠢᠰᠲ᠋ᠧᠮᠵᠢ | ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠮᠦᠽᠧᠶ ᠶᠢᠨ | ᠴᠢᠳᠠᠮᠵᠢ ᠶᠢ ᠳᠡᠰ ᠳᠡᠪᠰᠢᠭᠦᠯᠬᠦ ᠪᠠ ᠬᠠᠲᠤᠨ ᠭᠤᠣᠯ ᠤᠨ ᠲᠤᠰᠬᠠᠶ ᠰᠡᠳᠦᠪᠲᠦ ᠴᠢᠨᠠᠷᠲᠠᠶ ᠮᠦᠽᠧᠶ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠲᠤᠨ ᠭᠤᠣᠯ ᠳᠠᠭᠠᠤ ᠶᠢᠨ ᠮᠤᠵᠢ ︵ᠣᠷᠣᠨ︶ ᠶᠢᠨ ᠮᠦᠽᠧᠶ | ᠨᠦᠭᠦᠳ ᠬᠤᠭᠤᠷᠤᠨᠳᠤ ᠶᠢᠨ ᠬᠤᠷᠰᠢᠯᠴᠠᠭ᠎ᠠ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ | ᠦᠵᠡᠭᠦᠯᠵᠦ ᠰᠣᠯᠢᠯᠴᠠᠬᠤ ᠲᠠᠪᠴᠠᠩ ᠢ ᠪᠦᠷᠢᠨᠰᠢᠭᠦᠯᠵᠦ᠂ ᠵᠢᠭᠡᠯᠡᠵᠦ ᠳᠡᠯᠭᠡᠨ ᠦᠵᠡᠭᠦᠯᠬᠦ᠂ ᠬᠠᠮᠲᠤᠷᠠᠨ ᠳᠡᠯᠭᠡᠨ | ᠦᠵᠡᠭᠦᠯᠬᠦ᠂ ᠲᠣᠭᠤᠷᠢᠨ ᠳᠡᠯᠭᠡᠨ ᠦᠵᠡᠭᠦᠯᠬᠦ ᠬᠤᠷᠰᠢᠯᠴᠠᠭᠠᠨ ᠤ ᠲᠣᠭᠲᠠᠴᠠ ᠶᠢ ᠪᠠᠶᠢᠭᠤᠯᠤᠨ᠂ ︽ᠬᠠᠲᠤᠨ | ᠭᠤᠣᠯ ᠲᠠᠯ᠎ᠠ ᠨᠤᠲᠤᠭ ᠢᠶᠠᠷ ᠤᠷᠤᠰᠤᠨ ᠦᠩᠭᠡᠷᠡᠯ᠎ᠡ — ᠥᠪᠥᠷ ᠮᠣᠩᠭᠤᠯ ᠤᠨ ᠬᠠᠲᠤᠨ ᠭᠤᠣᠯ ᠤᠨ ᠰᠠᠪᠠ | ᠭᠠᠵᠠᠷ ᠤᠨ ᠡᠷᠲᠡᠨ ᠤ ᠪᠣᠯᠪᠠᠰᠤᠨ ᠤ ᠦᠵᠡᠭᠦᠯᠭᠡ︾ ᠶᠢᠨ ᠬᠠᠮᠲᠤᠷᠠᠭᠰᠠᠨ ᠦᠵᠡᠭᠦᠯᠭᠡ᠂ ᠲᠣᠭᠤᠷᠢᠨ ᠳᠡᠯᠭᠡᠨ | ᠦᠵᠡᠭᠦᠯᠭᠡ ᠶᠢ ᠰᠠᠶᠢᠲᠤᠷ ᠡᠷᠬᠢᠯᠡᠨ᠎ᠡ᠃ | ᠬᠤᠶᠠᠷ ᠲᠤ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠨ ᠪᠠᠳᠠᠷᠠᠭᠤᠯᠬᠤ ᠶᠢ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ | ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠤᠰᠠᠳᠬᠤ ᠰᠢᠬᠠᠭᠰᠠᠨ ᠪᠣᠳᠠᠰ ᠤᠨ | ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ | ᠲᠡᠮᠳᠡᠭᠯᠡᠨ ᠡᠮᠬᠢᠯᠡᠬᠦ ᠪᠠ ᠰᠢᠯᠭᠠᠨ ᠠᠪᠬᠤ ᠶᠢ ᠴᠢᠩᠭᠠᠳᠬᠠᠨ᠎ᠠ᠃ ᠨᠢᠭᠡ ᠪᠦᠯᠦᠭ ᠤᠯᠤᠰ ᠤᠨ ᠰᠣᠶᠣᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ | ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠤᠨ᠎ᠠ᠃ ᠪᠣᠳᠠᠰ | ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢᠳ ᠤᠨ ᠰᠤᠳᠤᠯᠤᠨ ᠰᠤᠷᠤᠯᠴᠠᠬᠤ | ᠪᠣᠯᠪᠠᠰᠤᠷᠠᠭᠤᠯᠤᠯ ᠤᠨ ᠲᠥᠯᠥᠪᠯᠡᠭᠡ ᠶᠢ ᠲᠦᠯᠬᠢᠨ ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠲᠡᠳᠬᠦᠨ ᠪᠦᠲᠦᠭᠡᠨ | ᠪᠠᠶᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠳᠠᠰ | ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠪᠠᠶᠢᠭᠤᠯᠬᠤ ᠶᠢ ᠲᠡᠳᠬᠦᠵᠦ᠂ ᠬᠠᠲᠤᠨ ᠭᠤᠣᠯ | ᠳᠠᠭᠠᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠠᠯᠠᠪᠠᠶ ᠣᠷᠳᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ | ᠭᠠᠷᠴᠠᠭ ᠢ ᠪᠠᠶᠢᠭᠤᠯᠵᠤ᠂ ᠨᠢᠭᠡ ᠪᠦᠯᠦᠭ ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ᠂ | ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠶᠯᠡᠳᠬᠡᠯ ᠪᠠ ᠪᠣᠳᠠᠰ ᠤᠨ ᠪᠤᠰᠤ ᠰᠣᠶᠣᠯ ᠤᠨ | ᠥᠪ ᠤᠨ ᠦᠶᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ | ᠪᠠᠶᠢᠭᠤᠯᠤᠨ᠎ᠠ᠃ ᠬᠠᠲᠤᠨ ᠭᠤᠤᠯ ᠤᠨ ᠶᠢᠰᠦᠨ ᠮᠤᠵᠢ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ | ᠦᠵᠡᠭᠦᠯᠭᠡ ᠡᠷᠬᠢᠯᠡᠨ᠎ᠡ᠃ | ᠭᠤᠷᠪᠠ ᠳᠤ᠂ ᠬᠠᠳᠤᠨ ᠭᠤᠣᠯ ᠤᠨ ᠰᠣᠶᠣᠯ ᠤᠨ ᠭᠤᠣᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠶᠢ | ᠴᠢᠩᠭᠠᠳᠬᠠᠨ᠎ᠠ ᠃ ᠬᠠᠳᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ | ᠠᠭᠤᠳᠠᠯᠵᠤ᠂ ᠥᠪᠥᠷ ᠮᠣᠩᠭᠤᠯ ᠤᠨ ᠬᠠᠳᠤᠨ ᠭᠤᠤᠯ ᠤᠨ ᠰᠣᠶᠣᠯ ᠤᠨ ᠭᠤᠤᠯ ᠰᠡᠳᠦᠪᠲᠦ ᠤᠷᠠᠯᠢᠭ ᠤᠨ | ᠵᠣᠬᠢᠶᠠᠨ ᠪᠦᠲᠦᠭᠡᠯᠭᠡ ᠪᠠ ᠲᠣᠭᠯᠠᠯᠲᠠ ᠶᠢ ᠥᠷᠨᠢᠭᠦᠯᠦᠨ᠎ᠡ ᠃ ᠤᠯᠠᠮᠵᠢᠯᠠᠯᠲᠤ ᠤᠳᠬ᠎ᠠ ᠤᠷᠠᠯᠢᠭ ᠤᠨ ᠰᠢᠨ᠎ᠡ ᠶᠢ | ᠡᠭᠦᠳᠦᠨ ᠬᠥᠭᠵᠢᠬᠦ ᠶᠢ ᠲᠡᠳᠬᠦᠵᠦ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠳᠠᠭᠤᠷᠢᠯᠢᠭ ᠢ | ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠠᠬᠢᠭᠤᠯᠤᠨ᠂ ᠰᠢᠯᠢᠳᠡᠭ ᠣᠷᠣᠨ ᠨᠤᠲᠤᠭ ᠤᠨ ᠰᠢ ᠳᠠᠭᠤᠷᠢᠯᠢᠭ | ᠵᠡᠷᠭᠡ ᠤᠯᠠᠮᠵᠢᠯᠠᠯᠲᠤ ᠤᠷᠠᠯᠢᠭ ᠤᠨ ᠲᠥᠷᠥᠯ ᠵᠦᠶᠯ ᠢ ᠥᠭᠡᠷᠡᠴᠢᠯᠡᠨ ᠨᠠᠶᠢᠷᠠᠭᠤᠯᠬᠤ ᠪᠠ ᠤᠷᠠᠯᠢᠭ ᠢ ᠳᠡᠭᠡᠭᠰᠢᠯᠡᠭᠦᠯᠬᠦ | ᠶᠢ ᠵᠣᠷᠢᠭᠵᠢᠭᠤᠯᠤᠨ᠎ᠠ᠃ ᠤᠳᠤ ᠦᠶ᠎ᠡ ᠶᠢᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ | ᠶᠢ ᠴᠢᠩᠭᠠᠳᠬᠠᠵᠤ᠂ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ | ᠦᠷᠭᠦᠯᠵᠢᠯᠡᠨ ᠠᠬᠢᠭᠤᠯᠤᠨ᠎ᠠ ᠃ ᠤᠳᠬ᠎ᠠ ᠤᠷᠠᠯᠢᠭ ᠤᠨ ᠣᠨᠣᠯ ᠤᠨ ᠰᠤᠳᠤᠯᠭᠠᠨ ᠪᠠ ᠦᠨᠡᠯᠡᠯᠲᠡ ᠶᠢᠨ ᠰᠢᠰᠲ᠋ᠧᠮ | ᠢ ᠲᠡᠭᠦᠯᠳᠡᠷᠵᠢᠭᠦᠯᠵᠦ᠂ ᠨᠢᠭᠡ ᠪᠦᠯᠦᠭ ᠬᠠᠲᠤᠨ ᠭᠤᠤᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ | ᠰᠤᠳᠤᠯᠭᠠᠨ ᠤ ᠲᠥᠷᠥᠯ ᠵᠦᠶᠯ ᠢ ᠤᠯᠤᠰ ᠤᠨ ᠴᠢᠬᠤᠯᠠ ᠶᠡᠭᠡ ᠤᠷᠠᠯᠢᠭ ᠤᠨ ᠰᠤᠳᠤᠯᠭᠠᠨ ᠤ ᠰᠡᠳᠦᠪ ᠢᠶᠠᠷ | ᠮᠡᠳᠡᠭᠦᠯᠬᠦ ᠶᠢ ᠲᠡᠳᠬᠦᠨ ᠳᠡᠮᠵᠢᠨ᠎ᠡ︔ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠰᠣᠶᠣᠯ ᠤᠷᠠᠯᠢᠭ ᠤᠨ ᠪᠦᠲᠦᠭᠡᠯ ᠢ | ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠲᠤᠨ ᠭᠤᠣᠯ ᠤᠨ ᠤᠳᠬ᠎ᠠ ᠤᠷᠠᠯᠢᠭ ᠤᠨ ᠵᠣᠬᠢᠶᠠᠨ | ᠪᠦᠲᠦᠭᠡᠵᠦ ᠦᠢᠯᠡᠳᠪᠦᠷᠢᠯᠡᠬᠦ ᠶᠢ ᠲᠤᠰᠬᠠᠶ ᠵᠦᠢᠯ ᠢᠶᠠᠷ ᠲᠡᠳᠬᠦᠬᠦ ᠲᠣᠭᠲᠠᠴᠠ ᠶᠢ ᠪᠠᠶᠢᠭᠤᠯᠤᠨ᠂ ᠬᠠᠲᠤᠨ ᠭᠤᠣᠯ | ᠤᠨ ᠭᠤᠣᠯ ᠰᠡᠳᠦᠪᠲᠦ ᠤᠷᠠᠯᠢᠭ ᠤᠨ ᠪᠦᠲᠦᠭᠡᠯ ᠢ ᠲᠡᠳᠬᠦᠬᠦ ᠡᠷᠴᠢᠮ ᠢᠶᠠᠨ ᠨᠡᠮᠡᠭᠳᠡᠭᠦᠯᠦᠨ᠎ᠡ ᠃ | ᠲᠦᠷᠪᠡ ᠳᠤ᠂ ᠰᠣᠶᠣᠯ ᠪᠠ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠦᠨ᠎ᠡ ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠠᠬᠢᠵᠢᠭᠦᠯᠵᠦ᠂ ᠥᠪᠥᠷ ᠮᠣᠩᠭᠤᠯ ᠤᠨ ᠬᠠᠲᠤᠨ ᠭᠤᠤᠯ | ᠤᠨ ᠬᠡᠰᠡᠭ ᠤᠨ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠶᠢᠨ ᠬᠥᠭᠵᠢᠯᠲᠡ ᠶᠢ ᠳᠡᠮᠵᠢᠵᠦ᠂ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠣᠶᠣᠯ ᠤᠨ ᠲᠣᠮᠣ ᠬᠦᠷᠢᠶ᠎ᠡ ᠪᠠ ᠰᠣᠶᠣᠯ ᠤᠨ ᠡᠷᠦᠬᠡ | ᠶᠢᠨ ᠪᠠᠶᠢᠭᠤᠯᠤᠯᠲᠠ ᠶᠢ ᠳᠠᠶᠢᠴᠢᠯᠠᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ 300 ᠡᠭᠦᠳᠦᠨ ᠪᠠᠶᠢᠭᠤᠯᠤᠨ᠎ᠠ ᠃ | ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠢ ᠰᠢᠨᠡᠴᠢᠯᠡᠵᠦ᠂ ᠬᠠᠳᠤᠨ ᠭᠤᠣᠯ | ᠤᠨ ᠰᠣᠶᠣᠯ ᠤᠨ ᠭᠤᠣᠯ ᠰᠡᠳᠦᠪᠲᠦ ᠨᠡᠶᠢᠲᠡ ᠶᠢᠨ ᠠᠰᠠᠷᠠᠮᠵᠢ ᠪᠠᠷ ᠠᠷᠠᠳ ᠲᠤ ᠠᠰᠢᠭ ᠬᠦᠷᠲᠡᠭᠡᠬᠦ ᠦᠢᠯᠡᠳᠬᠦᠨ ᠢ | ᠪᠣᠢ ᠪᠣᠯᠭᠠᠵᠤ᠂ ᠵᠢᠯ ᠪᠦᠷᠢ ᠰᠢ ᠵᠦᠴᠦᠭᠡ ᠶᠢ ᠬᠥᠳᠡᠭᠡ ᠲᠣᠰᠬᠤᠨ ᠳᠤ 400 ᠲᠠᠯᠠᠪᠠᠢ ᠠᠴᠠ ᠳᠡᠭᠡᠭᠰᠢ | ᠲᠣᠭᠯᠠᠭᠤᠯᠤᠨ᠎ᠠ ᠃ | ᠲᠠᠪᠤ ᠳᠤ᠂ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ ᠃ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠰᠢᠨ᠎ᠡ | ᠬᠡᠯᠪᠡᠷᠢ ᠶᠢ ᠪᠣᠶᠢᠵᠢᠭᠤᠯᠵᠤ᠂ ᠬᠠᠲᠤᠨ ᠭᠤᠤᠯ ᠤᠨ ᠰᠣᠶᠣᠯ ᠤᠯᠤᠰ ᠤᠨ ᠴᠡᠴᠡᠷᠯᠢᠭ ᠢ ᠪᠥᠲᠥᠭᠡᠨ ᠪᠠᠶᠢᠭᠤᠯᠵᠤ᠂ | ᠵᠡᠭᠦᠨᠭᠠᠷ — ᠴᠢᠩ ᠱᠦᠶ ᠾᠧ ᠭᠤᠤᠯ ᠤᠨ ᠬᠠᠲᠤᠨ ᠭᠤᠤᠯ ᠤᠨ ᠶᠡᠭᠡ ᠬᠠᠪᠴᠢᠯ᠂ ᠰᠠᠨ ᠱᠧᠩ ᠬᠥᠩ ᠤᠰᠤᠨ | ᠠᠰᠢᠭᠯᠠᠯᠲᠠ ᠶᠢᠨ ᠬᠦᠶᠰᠦ᠂ ᠦᠬᠠᠶ ᠨᠠᠭᠤᠷ ᠵᠡᠷᠭᠡ ᠨᠢᠭᠡ ᠪᠦᠯᠦᠭ ᠬᠠᠲᠤᠨ ᠭᠤᠤᠯ ᠤᠨ ᠰᠣᠶᠣᠯ ᠵᠢᠭᠤᠯᠴᠢᠯᠠᠯ | ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ ᠃ ᠪᠣᠳᠠᠰ ᠤᠨ ᠪᠤᠰᠤ | ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ | ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ | ᠤᠶᠢᠯᠠᠭᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠲᠥᠷᠥᠯ ᠵᠦᠢᠯ ᠥᠷᠨᠢᠭᠦᠯᠬᠦ ᠶᠢ ᠵᠣᠷᠢᠭᠵᠢᠭᠤᠯᠵᠤ᠂ | ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠰᠢᠯᠢᠳᠡᠭ ᠲᠥᠷᠥᠯ ᠵᠦᠶᠯ ᠢ ᠦᠵᠡᠮᠵᠢ ᠶᠢᠨ ᠣᠷᠣᠨ᠂ | ᠠᠮᠠᠷᠠᠯᠲᠠ ᠶᠢᠨ ᠣᠷᠣᠨ ᠳᠤ ᠣᠷᠣᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠵᠦ᠂ ᠨᠢᠭᠡ ᠪᠦᠯᠦᠭ | ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠪᠠ ᠪᠥᠬᠦ ᠤᠯᠤᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠤᠨ᠎ᠠ ᠃ ᠣᠷᠣᠨ ᠪᠦᠰᠡ | ᠠᠯᠤᠰᠯᠠᠨ ᠤᠯᠠᠭᠠᠨᠴᠠᠪ ᠬᠤᠳᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ | ᠦᠬᠠᠢ ᠬᠤᠳᠠ ᠪᠣᠯᠤᠨ ᠠᠯᠠᠱᠠ ᠠᠶᠢᠮᠠᠭ ᠤᠨ ᠬᠠᠳᠤᠨ ᠭᠤᠣᠯ ᠳᠠᠭᠠᠤ ᠣᠷᠣᠨ ᠪᠦᠰᠡ ᠶᠢᠨ ᠰᠣᠶᠣᠯ ᠪᠠ | ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠳᠤᠨ ᠭᠤᠣᠯ ᠤᠨ《 几ᠥᠰᠥᠭ ᠤᠨ | ᠳᠤᠬᠤᠢ 》ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠨ᠎ᠠ ᠃ | ᠠᠰᠠᠭᠤᠯᠲᠠ᠄ ᠬᠠᠲᠤᠨ ᠭᠤᠤᠯ ᠥᠪᠥᠷ ᠮᠣᠩᠭᠤᠯ ᠢᠶᠠᠷ 840 ᠭᠠᠷᠤᠶ ᠺᠢᠯᠣᠮᠧᠲᠷ ᠤᠷᠤᠰᠤᠨ ᠦᠩᠭᠡᠷᠡᠵᠦ | ᠪᠠᠶᠢᠨ᠎ᠠ᠂ ᠥᠪᠥᠷ ᠮᠣᠩᠭᠤᠯ ᠶᠠᠮᠠᠷ ᠶᠠᠮᠠᠷ ᠬᠡᠯᠪᠡᠷᠢ ᠪᠠᠷ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ | ᠰᠠᠶᠢᠲᠤᠷ ᠶᠠᠷᠢᠬᠤ ᠪᠣᠶ︖ | ᠬᠠᠷᠢᠭᠤᠯᠲᠠ᠄ ᠥᠪᠥᠷ ᠮᠣᠩᠭᠤᠯ ᠨᠢ ᠬᠠᠲᠤᠨ ᠭᠤᠤᠯ ᠤᠨ 《 几ᠥᠰᠥᠭ ᠤᠨ ᠳᠤᠬᠤᠢ 》 ᠶᠢᠨ | ᠳᠡᠭᠡᠳᠦ ᠬᠠᠭᠠᠰ ᠬᠡᠰᠡᠭ ᠲᠤ ᠣᠷᠣᠰᠢᠵᠤ᠂ ᠭᠠᠵᠠᠷ ᠵᠦᠶ ᠶᠢᠨ ᠪᠠᠶᠢᠷᠢᠯᠠᠯ ᠨᠢ ᠥᠪᠡᠷᠮᠢᠴᠡ᠂ ᠰᠠᠪᠠ ᠭᠠᠵᠠᠷ ᠤᠨ | ᠲᠠᠯᠠᠪᠠᠶ ᠨᠢ ᠥᠷᠭᠡᠨ ᠠᠭᠤᠳᠠᠮ ᠪᠠᠶᠢᠵᠤ᠂ ᠠᠮᠢ ᠠᠬᠤᠶ ᠶᠢᠨ ᠵᠠᠰᠠᠯᠲᠠ ᠶᠢᠨ ᠣᠷᠣᠨ᠂ ᠣᠯᠠᠨ ᠡᠰᠢᠲᠦ ᠰᠣᠶᠣᠯ | ᠤᠨ ᠠᠭᠤᠰᠤᠯᠴᠠᠯ ᠨᠡᠶᠢᠯᠡᠯ ᠤᠨ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ᠂ ᠬᠢᠯᠢ ᠬᠢᠵᠠᠭᠠᠷ ᠣᠷᠣᠨ᠂ | ᠴᠥᠭᠡᠨ ᠲᠣᠭᠠᠲᠤ ᠦᠨᠳᠦᠰᠦᠲᠡᠨ ᠤ ᠲᠥᠪᠯᠡᠷᠡᠭᠰᠡᠨ ᠣᠷᠣᠨ᠂ ᠤᠯᠠᠮᠵᠢᠯᠠᠯᠲᠤ ᠣᠨᠴᠠᠯᠢᠭᠲᠤ ᠮᠠᠯᠵᠢᠬᠤ ᠲᠠᠷᠢᠶᠠᠯᠠᠬᠤ | ᠣᠷᠣᠨ ᠪᠠ ᠥᠪᠥᠷ ᠮᠣᠩᠭᠤᠯ ᠤᠨ ᠠᠵᠤ ᠠᠬᠤᠶ ᠶᠢᠨ ᠭᠤᠤᠯ ᠣᠷᠣᠨ ᠵᠡᠷᠭᠡ 《 ᠲᠤᠯᠤᠭᠠᠨ ᠣᠷᠣᠨ ᠢ | ᠨᠢᠭᠡᠳᠬᠡᠭᠰᠡᠨ 》 ᠣᠷᠣᠨ ᠪᠦᠰᠡ ᠶᠢᠨ ᠣᠨᠴᠠᠯᠢᠭ ᠲᠠᠢ᠃ ᠬᠠᠲᠤᠨ ᠭᠤᠤᠯ ᠳᠠᠭᠠᠤ ᠶᠢᠨ ᠭᠠᠵᠠᠷ ᠣᠷᠣᠨ ᠳᠤ | ᠪᠥᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ | ᠨᠡᠶᠢᠲᠡ 62 ᠪᠠᠶᠢᠵᠤ᠂ ᠪᠠᠶᠢᠯᠳᠤᠭᠠᠨᠲᠤ ᠤᠯᠤᠰ᠂ ᠴᠢᠨ᠂ ᠬᠠᠨ᠂ ᠤᠮᠠᠷᠠᠲᠤ ᠸᠧᠶ᠂ ᠤᠮᠠᠷᠠᠲᠤ ᠴᠢ᠂ ᠰᠦᠶ᠂ | ᠠᠯᠲᠠᠨ ᠤᠯᠤᠰ᠂ ᠮᠢᠩ ᠵᠡᠷᠭᠡ ᠦᠶ᠎ᠡ ᠶᠢᠨ ᠣᠷᠳᠣ ᠴᠠᠭᠠᠨ ᠬᠡᠷᠡᠮ 655 . 25 ᠺᠢᠯᠣᠮᠧᠲᠷ ᠪᠠᠶᠢᠵᠤ᠂ ᠤᠯᠤᠰ | ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠶᠯᠡᠰ 24᠂ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ 25᠂ ᠥᠪᠡᠷᠲᠡᠭᠡᠨ | ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ 4 ᠪᠣᠶ ᠃ ᠬᠤᠶᠠᠷ 5 | A ᠲᠠᠰ᠂ ᠨᠠᠶᠠᠨ ᠳᠥᠷᠪᠡᠨ 4 A ᠲᠠᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠠᠭᠲᠠᠭᠠᠭᠰᠠᠨ | 216 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠂ ᠬᠥᠬᠡᠬᠤᠲᠠ᠂ ᠪᠤᠭᠤᠲᠤ ᠬᠤᠲᠠ᠂ ᠣᠷᠳᠣᠰ | ᠬᠤᠲᠠ ᠶᠢᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠤᠨ ᠵᠢᠱᠢᠶ᠎ᠡ | ᠦᠵᠡᠭᠦᠯᠬᠦ ᠣᠷᠣᠨ ᠂ ᠣᠷᠳᠣᠰ ᠬᠤᠲᠠ ᠶᠢᠨ ᠪᠥᠬᠦ ᠤᠯᠤᠰ ᠤᠨ ᠵᠢᠭᠤᠯᠴᠢᠯᠠᠯ ᠤᠨ ᠦᠶᠯᠡᠰ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠰᠢᠭᠤᠴᠢ ᠣᠷᠣᠨ᠂ ᠴᠡᠯᠡᠭᠡᠷ ᠲᠠᠯ᠎ᠠ ᠵᠢᠭᠤᠯᠴᠢᠯᠠᠯ ᠤᠨ ᠣᠷᠣᠨ ( | ᠬᠠᠷ᠎ᠠ ᠤᠰᠤ ) ᠤ ᠤᠯᠤᠰ ᠤᠨ ᠠᠩᠬᠠᠳᠠᠭᠴᠢ ᠪᠦᠯᠦᠭ ᠨᠤᠭᠤ ᠭᠠᠵᠠᠷ ᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠂ ᠥᠪᠥᠷ ᠮᠣᠩᠭᠤᠯ ᠤᠨ ᠢ ᠯᠢ ᠪᠦᠯᠦᠭᠯᠡᠯ ᠤᠨ ᠤᠯᠤᠰ ᠤᠨ ᠠᠵᠤ ᠦᠶᠯᠡᠳᠪᠦᠷᠢ | ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠡᠭᠡᠷᠡᠯᠡᠭᠴᠢ e ᠠᠩᠬᠢ ᠠᠯᠠᠱᠠ ᠶᠢᠨ | ᠬᠦᠰᠡᠯᠡᠩᠲᠦ ᠡᠯᠡᠰᠦᠨ ᠴᠥᠯ ᠤᠨ ᠮᠠᠰᠢᠨ ᠲᠡᠷᠭᠡᠨ ᠤ ᠠᠭᠠᠷ ᠤᠨ ᠠᠶᠠᠯᠠᠯ ᠤᠨ ᠴᠡᠩᠭᠡᠯ ᠤᠨ ᠬᠦᠷᠢᠶᠡᠯᠡᠩ ᠤᠯᠤᠰ | ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠠᠭᠲᠠᠭᠠᠭᠰᠠᠨ | ᠨᠢᠭᠡ ᠪᠦᠯᠦᠭ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠥᠷᠥᠯ ᠵᠦᠶᠯ ᠪᠠᠶᠢᠨ᠎ᠠ ᠃ | ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠥᠪᠥᠷ | ᠮᠣᠩᠭᠤᠯ ᠤᠨ ᠥᠪᠡᠷᠮᠢᠴᠡ ᠣᠨᠴᠠᠯᠢᠭ ᠪᠥᠬᠦᠶ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠪᠢᠳᠡ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠬᠠᠮᠲᠤᠷᠠᠭᠰᠠᠨ | ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ | ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠲᠤᠨ ᠭᠤᠤᠯ ᠤᠨ ᠵᠢᠭᠤᠯᠴᠢᠯᠠᠯ ᠤᠨ ᠡᠬᠢ ᠪᠠᠶᠠᠯᠢᠭ ᠪᠠ | ᠦᠶᠯᠡᠳᠬᠦᠨ ᠢ ᠳᠡᠯᠭᠡᠷᠡᠭᠦᠯᠦᠨ᠎ᠡ ᠃ 《 ᠬᠠᠲᠤᠨ ᠭᠤᠤᠯ ᠤᠨ ᠰᠣᠶᠣᠯ ᠵᠢᠭᠤᠯᠴᠢᠯᠠᠯ 》 ᠤᠨ ᠤᠬᠠᠭᠤᠯᠭ᠎ᠠ ᠶᠢᠨ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠪ ᠪᠠ ᠣᠷᠣᠨ ᠤ ᠳᠣᠲᠣᠷᠠᠬᠢ ᠵᠠᠭᠤᠴᠢᠯᠠᠭᠤᠷ ᠢ ᠵᠣᠬᠢᠶᠠᠨ | ᠪᠠᠶᠢᠭᠤᠯᠵᠤ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠮᠠᠲ᠋ᠧᠷᠢᠶᠠᠯ ᠴᠤᠭᠯᠠᠭᠤᠯᠬᠤ ᠤᠬᠠᠭᠤᠯᠭ᠎ᠠ ᠶᠢ | ᠥᠷᠨᠢᠭᠦᠯᠵᠦ᠂ ᠬᠠᠲᠤᠨ ᠭᠤᠤᠯ ᠤᠨ 《 几 ᠥᠰᠥᠭ ᠤᠨ ᠲᠣᠬᠤᠶ 》 ᠶᠢᠨ ᠪᠠᠷᠢᠮᠲᠠᠲᠤ ᠹᠢᠯᠢᠮ ᠤᠨ | ᠰᠡᠭᠦᠳᠡᠷᠯᠡᠭᠡᠨ ᠢ ᠥᠷᠨᠢᠭᠦᠯᠵᠦ᠂ ᠣᠷᠳᠣᠰ ᠤᠨ ᠵᠡᠭᠦᠨᠭᠠᠷ ᠤᠨ ᠶᠡᠭᠡ ᠬᠠᠪᠴᠢᠯ᠂ ᠬᠥᠬᠡᠬᠤᠲᠠ ᠶᠢᠨ ᠯᠣᠤ ᠨᠢᠤ ᠸᠠᠨ | ᠪᠤᠯᠤᠩ ᠢ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠵᠦ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ | ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠬᠠᠲᠤᠨ ᠭᠤᠤᠯ ᠤᠨ ᠰᠣᠶᠣᠯ ᠢ | ᠤᠬᠠᠭᠤᠯᠤᠨ ᠳᠡᠯᠭᠡᠷᠡᠭᠦᠯᠬᠦ ᠶᠢ ᠥᠷᠭᠡᠳᠬᠡᠨ᠎ᠡ ᠃ ᠬᠠᠲᠤᠨ ᠭᠤᠤᠯ ᠤᠨ 《 几 ᠥᠰᠥᠭ ᠤᠨ ᠲᠣᠬᠤᠶ 》 | ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ᠂ ᠥᠪᠥᠷ ᠮᠣᠩᠭᠤᠯ ᠤᠨ | ᠬᠠᠲᠤᠨ ᠭᠤᠤᠯ ᠤᠨ 《 几 ᠥᠰᠥᠭ ᠤᠨ ᠲᠣᠬᠤᠶ 》 ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ | ᠵᠡᠷᠭᠡ ᠨᠢᠭᠡ ᠪᠦᠯᠦᠭ ᠬᠠᠲᠤᠨ ᠭᠤᠤᠯ ᠤᠨ ᠰᠣᠶᠣᠯ ᠢᠶᠠᠷ ᠭᠤᠤᠯ ᠰᠡᠳᠦᠪ ᠪᠣᠯᠭᠠᠭᠰᠠᠨ ᠨᠠᠶᠢᠷ ᠨᠠᠭᠠᠳᠤᠮ᠂ | ᠤᠷᠤᠯᠳᠤᠭᠠᠨ᠂ ᠲᠣᠭᠯᠠᠯᠲᠠ᠂ ᠦᠵᠡᠰᠬᠦᠯᠡᠩ ᠵᠡᠷᠭᠡ ᠠᠵᠢᠯᠯᠠᠭ᠎ᠠ ᠶᠢ ᠲᠥᠰᠥᠪᠯᠡᠨ ᠡᠷᠬᠢᠯᠡᠨ᠎ᠡ ᠃ ᠤᠯᠤᠰ ᠤᠨ | ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠠᠭᠤᠰᠤᠯᠴᠠᠵᠤ᠂ 《 ᠳᠤᠮᠳᠠᠳᠤ ᠶᠢᠨ ᠡᠵᠢ ᠭᠤᠣᠯ | 》 ᠵᠡᠷᠭᠡ ᠤᠯᠤᠰ ᠤᠨ ᠲᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠵᠤ᠂ ᠬᠠᠳᠤᠨ | ᠭᠤᠣᠯ ᠤᠨ 《几 ᠥᠰᠥᠭ ᠤᠨ ᠲᠣᠬᠤᠶ 》 ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ | ᠬᠠᠳᠤᠨ ᠭᠤᠣᠯ ᠤᠨ ᠰᠣᠶᠣᠯ ᠤᠨ ᠳᠡᠯᠡᠬᠡᠢ ᠳᠤ ᠬᠢ ᠨᠥᠯᠥᠭᠡᠯᠡᠬᠦ ᠬᠦᠴᠦᠨ ᠢ ᠥᠷᠭᠡᠳᠬᠡᠨ᠎ᠡ ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ | ᠶᠢᠨ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ | ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠪᠢᠳᠡᠨ ᠤ ᠠᠵᠢᠯ ᠢᠶᠠᠨ ᠠᠬᠢᠭᠤᠯᠬᠤ | ᠠᠵᠢᠯᠯᠠᠭᠠᠨ ᠤ ᠵᠦᠭᠯᠡᠭᠦᠷ᠂ ᠣᠶᠤᠨ ᠰᠠᠨᠠᠭᠠᠨ ᠤ ᠬᠦᠴᠦᠨ ᠪᠠ ᠦᠵᠡᠯ ᠰᠠᠨᠠᠭᠠᠨ ᠤ ᠵᠡᠪᠰᠡᠭ ᠮᠥᠨ᠂ ᠬᠠᠲᠤᠨ | ᠭᠤᠤᠯ ᠭᠡᠬᠦ ᠡᠨᠡ ᠬᠦ ᠳᠠᠭᠤᠤ ᠶᠢ ᠦᠷᠭᠦᠯᠵᠢᠯᠡᠨ ᠰᠠᠶᠢᠲᠤᠷ ᠳᠠᠭᠤᠯᠠᠵᠤ᠂ ᠬᠠᠲᠤᠨ ᠭᠤᠤᠯ ᠭᠡᠬᠦ ᠡᠨᠡ ᠬᠦ ᠰᠢᠯᠦᠭ ᠢ | ᠰᠠᠶᠢᠲᠤᠷ ᠤᠶᠠᠩᠭᠠᠯᠠᠵᠤ᠂ ᠬᠠᠲᠤᠨ ᠭᠤᠤᠯ ᠭᠡᠬᠦ ᠡᠨᠡ ᠬᠦ ᠵᠢᠷᠤᠭ ᠢ ᠰᠠᠶᠢᠲᠤᠷ ᠵᠢᠷᠤᠬᠤ ᠪᠣᠯ ᠪᠢᠳᠡᠨ ᠤ | ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠮᠥᠨ ᠃ |