《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠲᠦᠷᠢᠮ ᠢ  ᠬᠡᠷᠡᠭᠵᠢᠭᠦᠯᠬᠦ ᠨᠠᠷᠢᠨ ᠲᠦᠷᠢᠮ 》 ᠤᠨ ᠲᠥᠷᠥ  ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/25
     ᠪᠥᠬᠦ ᠣᠷᠣᠨ ᠤ ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠠᠵᠢᠯ  ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠬᠠᠮᠢᠶ᠎ᠠ ᠪᠥᠬᠦᠶ ᠬᠠᠤᠯᠢ ᠲᠣᠭᠲᠠᠭᠠᠯ ᠪᠠ ᠤᠯᠤᠰ  ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ  ᠲᠠᠷᠬᠠᠭᠠᠭᠰᠠᠨ 《 ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠲᠦᠷᠢᠮ ᠲᠣᠭᠲᠠᠭᠠᠯ 》 ᠢ ᠦᠨᠳᠦᠰᠦᠯᠡᠨ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠲᠦᠷᠢᠮ  ᠢ ᠬᠡᠷᠡᠭᠵᠢᠭᠦᠯᠬᠦ ᠨᠠᠷᠢᠨ ᠲᠦᠷᠢᠮ 》 ᠢ ᠬᠠᠮᠲᠤᠷᠠᠨ ᠲᠣᠭᠲᠠᠭᠠᠵᠤ ᠳᠠᠷᠤᠮᠠᠯᠯᠠᠨ ᠲᠠᠷᠬᠠᠭᠠᠪᠠ  ᠃ ᠨᠢᠭᠡ᠂ ᠲᠣᠭᠲᠠᠭᠠᠬᠤ ᠴᠢᠬᠤᠯᠠ ᠴᠢᠨᠠᠷ      ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ 《 ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠳᠦᠷᠢᠮ 》 ᠤᠨ ᠶᠣᠰᠣᠭᠠᠷ᠂ ᠡᠯ᠎ᠡ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠳᠦᠷᠢᠮ ᠲᠣᠭᠲᠠᠭᠠᠯ ᠶᠣᠰᠣᠭᠠᠷ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠣᠷᠣᠨ ᠤ ᠬᠠᠳᠠᠭᠠᠯᠠᠮᠵᠢ   ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ᠪᠤᠶᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ  ᠃ ᠬᠤᠶᠠᠷ᠂ ᠭᠤᠤᠯ ᠦᠨᠳᠦᠰᠦᠯᠡᠯ  ᠵᠢᠴᠢ ᠬᠠᠤᠯᠢ ᠳᠤ ᠬᠤᠯᠪᠣᠭᠳᠠᠬᠤ ᠠᠭᠤᠯᠭ᠎ᠠ        ( ᠨᠢᠭᠡ ) 《 ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠬᠠᠤᠯᠢ︾᠃        ( ᠬᠤᠶᠠᠷ ) 《 ᠮᠦᠽᠧᠢ ᠶᠢᠨ ᠲᠦᠷᠢᠮ 》 ( ᠲᠦᠷᠦ ᠶᠢᠨ ᠶᠠᠪᠤᠳᠠᠯ ᠤᠨ ᠬᠤᠷᠢᠶᠠᠨ ᠤ 659 ᠳ᠋ᠦ᠋ᠭᠡᠷ  ᠵᠠᠷᠯᠢᠭ )  ᠃        ( ᠭᠤᠷᠪᠠ ) 《 ᠮᠦᠽᠧᠢ ᠶᠢᠨ ᠬᠠᠳᠠᠭᠠᠯᠠᠮᠵᠢ ᠶᠢ ᠬᠠᠮᠢᠶᠠᠷᠬᠤ ᠠᠷᠭ᠎ᠠ 》 ( ᠰᠣᠶᠣᠯ ᠤᠨ ᠶᠠᠮᠤᠨ ᠤ 35 ᠳ᠋ᠤᠭᠠᠷ  ᠵᠠᠷᠯᠢᠭ )᠃      ( ᠳᠥᠷᠪᠡ ) 《 ᠤᠯᠤᠰ ᠤᠨ ᠥᠮᠴᠢᠯᠡᠯᠲᠦ ᠮᠦᠽᠧᠶ ᠶᠢᠨ ᠲᠡᠦᠬᠡ ᠶᠢᠨ ᠳᠤᠷᠠᠰᠬᠠᠯᠲᠤ ᠵᠦᠶᠯᠡᠰ  ᠢ ᠡᠯᠰᠡᠨ ᠴᠤᠭᠯᠠᠭᠤᠯᠬᠤ ᠲᠦᠷᠢᠮ 》 ᠤᠨ ᠮᠡᠳᠡᠭᠳᠡᠯ ( ᠲᠡᠦᠬᠡ ᠶᠢᠨ ᠳᠤᠷᠠᠰᠬᠠᠯᠲᠤ ᠵᠦᠶᠯᠡᠰ ᠤᠨ ᠮᠦᠽᠧᠶ  ᠶᠢᠨ ᠲᠠᠷᠬᠠᠭᠠᠭᠰᠠᠨ [ 2021 ] 21 ᠳ᠋ᠦ᠋ᠭᠡᠷ ᠲᠣᠭᠠᠲᠤ )᠃      ( ᠲᠠᠪᠤ ) 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠬᠢᠭᠡᠳ ᠤᠷᠠᠨ ᠵᠢᠷᠤᠭ ᠤᠨ ᠪᠦᠲᠦᠭᠡᠯ ᠢ ᠴᠤᠭᠯᠠᠭᠤᠯᠬᠤ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ 》 ( ᠥᠪᠥᠷ ᠡᠳ᠋ ᠰᠤᠷᠭᠠᠨ [ 2012 ] 197 ᠳ᠋ᠤᠭᠠᠷ ᠲᠣᠭᠠᠲᠤ )  ᠃  ᠭᠤᠷᠪᠠ᠂ ᠲᠣᠭᠲᠠᠭᠠᠬᠤ ᠵᠢᠷᠤᠮ       ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂  ᠡᠳ᠋ ᠤᠨ ᠵᠠᠰᠠᠭ ᠤᠨ ᠶᠠᠮᠤᠨ《 ᠤᠯᠤᠰ ᠤᠨ ᠥᠮᠴᠢᠯᠡᠯᠲᠦ ᠮᠦᠽᠧᠶ ᠶᠢᠨ  ᠬᠠᠳᠠᠭᠠᠯᠠᠮᠵᠢ  ᠶᠢ ᠡᠯᠰᠡᠨ ᠴᠤᠭᠯᠠᠭᠤᠯᠬᠤ ᠳᠦᠷᠢᠮ 》 ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠠᠷᠳᠠᠨ ᠲᠤᠭᠤᠷᠪᠢᠬᠤ ᠶᠢᠨ ᠬᠠᠮᠲᠤ ᠡᠯ᠎ᠡ ᠠᠶᠢᠮᠠᠭ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠠᠴᠠ ᠲᠤᠰᠬᠠᠶᠢᠯᠠᠨ ᠰᠠᠨᠠᠯ ᠬᠤᠷᠢᠶᠠᠵᠤ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠦᠯᠵᠢᠶ᠎ᠡ ᠪᠠᠷ  ᠳᠠᠮᠵᠢᠨ ᠨᠡᠶᠢᠭᠡᠮ ᠨᠡᠶᠢᠲᠡ ᠠᠴᠠ ᠰᠠᠨᠠᠯ ᠬᠤᠷᠢᠶᠠᠵᠤ᠂ ᠪᠦᠬᠦ ᠣᠷᠣᠨ ᠤ ᠮᠦᠽᠧᠶ ᠶᠢᠨ ᠳᠡᠯᠭᠡᠨ ᠦᠵᠡᠭᠦᠯᠬᠦ ᠠᠵᠢᠯ ᠤᠨ ᠬᠤᠷᠠᠯᠳᠤᠭᠠᠨ ᠳᠡᠭᠡᠷ᠎ᠡ ᠬᠤᠷᠠᠯ ᠳᠤ ᠣᠷᠣᠯᠴᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠶ ᠮᠡᠷᠭᠡᠵᠢᠯᠲᠡᠳ ᠤᠨ ᠰᠠᠨᠠᠯ ᠢ ᠬᠤᠷᠢᠶᠠᠪᠠ  ᠃  ᠡᠨᠡ ᠬᠦ ᠰᠠᠭᠤᠷᠢᠨ ᠳᠡᠭᠡᠷ᠎ᠡ᠂ ᠡᠯ᠎ᠡ ᠲᠠᠯ᠎ᠠ ᠶᠢᠨ ᠬᠢᠨ ᠤ ᠰᠠᠨᠠᠯ ᠶᠣᠰᠣᠭᠠᠷ ᠵᠠᠰᠠᠪᠤᠷᠢ ᠣᠷᠣᠭᠤᠯᠵᠤ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠶ ᠶᠢᠨ ᠬᠠᠳᠠᠭᠠᠯᠠᠮᠵᠢ  ᠶᠢ ᠡᠯᠰᠡᠨ ᠴᠤᠭᠯᠠᠭᠤᠯᠬᠤ ᠳᠦᠷᠢᠮ  ᠢ ᠬᠡᠷᠡᠭᠵᠢᠭᠦᠯᠬᠦ ᠨᠠᠷᠢᠨ ᠳᠦᠷᠢᠮ 》 ( ᠬᠢᠨᠠᠭᠤᠯᠬᠤ ᠡᠬᠡ ᠨᠤᠤᠷᠠᠭ )   ᠢ ᠪᠣᠶ ᠪᠣᠯᠭᠠᠪᠠ  ᠃       ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠨᠢ 9 ᠳ᠋ᠦ᠋ᠭᠡᠷ ᠰᠠᠷ᠎ᠠ ᠶᠢᠨ 15 ᠤ ᠡᠳᠦᠷ ᠲᠣᠪᠴᠢᠶ᠎ᠠ ᠶᠢᠨ ᠶᠠᠪᠤᠳᠠᠯ ᠤᠨ ᠬᠤᠷᠠᠯ ᠬᠤᠷᠠᠯᠳᠤᠭᠤᠯᠵᠤ ᠬᠢᠨᠠᠨ  ᠪᠠᠲᠤᠯᠠᠵᠤ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ 9 ᠳ᠋ᠦ᠋ᠭᠡᠷ ᠰᠠᠷ᠎ᠠ ᠶᠢᠨ 26 ᠤ ᠡᠳᠦᠷ  ᠤᠨ ᠬᠤᠷᠠᠯ ᠳᠡᠭᠡᠷ᠎ᠡ ᠰᠤᠳᠤᠯᠤᠨ ᠵᠥᠪᠰᠢᠶᠡᠷᠡᠵᠦ᠂ 10 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠭᠠᠷ ᠤᠨ ᠥᠰᠥᠭ ᠵᠢᠷᠤᠵᠤ ᠳᠠᠷᠤᠮᠠᠯᠯᠠᠨ ᠲᠠᠷᠬᠠᠭᠠᠪᠠ  ᠃ ᠳᠥᠷᠪᠡ᠂ ᠭᠤᠤᠯ ᠠᠭᠤᠯᠭ᠎ᠠ     《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠶ   ᠶᠢᠨ ᠬᠠᠳᠠᠭᠠᠯᠠᠮᠵᠢ  ᠶᠢ ᠡᠯᠰᠡᠨ ᠴᠤᠭᠯᠠᠭᠤᠯᠬᠤ ᠳᠦᠷᠢᠮ  ᠢ ᠬᠡᠷᠡᠭᠵᠢᠭᠦᠯᠬᠦ ᠨᠠᠷᠢᠨ ᠳᠦᠷᠢᠮ 》 ᠨᠢ ᠨᠡᠶᠢᠲᠡ ᠳᠥᠷᠪᠡᠨ ᠪᠦᠯᠦᠭ ᠠᠷᠪᠠᠨ ᠳᠥᠷᠪᠡᠨ ᠵᠦᠢᠯ ᠲᠠᠢ  ᠃ ᠨᠢᠭᠡᠳᠦᠭᠡᠷ ᠪᠦᠯᠦᠭ ᠶᠡᠷᠦᠩᠬᠡᠢ ᠲᠥᠷᠢᠮ ᠳᠤ ᠭᠤᠣᠯᠳᠠᠭᠤ ᠲᠣᠰ ᠠᠷᠭ᠎ᠠ  ᠶᠢ ᠲᠣᠭᠲᠠᠭᠠᠭᠰᠠᠨ ᠦᠨᠳᠦᠰᠦᠯᠡᠯ᠂ ᠬᠠᠳᠠᠭᠠᠯᠠᠮᠵᠢ ᠶᠢ ᠴᠤᠭᠯᠠᠭᠤᠯᠬᠤ᠂ ᠴᠤᠭᠯᠠᠭᠤᠯᠬᠤ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠤ ᠲᠣᠮᠢᠶᠠᠯᠠᠯ᠂ ᠬᠠᠳᠠᠭᠠᠯᠠᠮᠵᠢ ᠶᠢ ᠴᠤᠭᠯᠠᠭᠤᠯᠬᠤ ᠳᠤ ᠵᠢᠷᠤᠮᠯᠠᠬᠤ ᠵᠠᠷᠴᠢᠮ ᠢ ᠥᠭᠦᠯᠡᠵᠦ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠴᠤᠭᠯᠠᠭᠤᠯᠬᠤ ᠵᠠᠷᠤᠳᠠᠯ ᠵᠠᠷᠤᠯᠭ᠎ᠠ ᠶᠢᠨ ᠠᠭᠤᠯᠭ᠎ᠠ   ᠶᠢ ᠲᠤᠳᠤᠷᠬᠠᠶᠢᠯᠠᠪᠠ᠃ ᠬᠤᠶᠠᠳᠤᠭᠠᠷ ᠪᠦᠯᠦᠭ ᠬᠠᠳᠠᠭᠠᠯᠠᠮᠵᠢ  ᠶᠢ ᠡᠯᠰᠡᠨ ᠴᠤᠭᠯᠠᠭᠤᠯᠬᠤ ᠳᠤ  ᠭᠤᠣᠯᠳᠠᠭᠤ ᠬᠠᠳᠠᠭᠠᠯᠠᠮᠵᠢ ᠶᠢ ᠡᠯᠰᠡᠨ ᠴᠤᠭᠯᠠᠭᠤᠯᠬᠤ ᠠᠵᠢᠯ ᠤᠨ ᠵᠢᠷᠤᠮ ᠢ ᠥᠭᠦᠯᠡᠨ ᠲᠣᠭᠠᠴᠢᠪᠠ  ᠃ ᠭᠤᠷᠪᠠᠳᠤᠭᠠᠷ ᠪᠦᠯᠦᠭ ᠬᠢᠨᠠᠯᠲᠠ ᠬᠠᠮᠢᠶᠠᠷᠤᠯᠲᠠ   ᠳᠤ ᠭᠤᠤᠯᠳᠠᠭᠤ ᠬᠠᠤᠯᠢ ᠪᠤᠰᠤ ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠵᠤ ᠪᠣᠯᠬᠤ ᠦᠭᠡᠶ᠂ ᠪᠤᠰᠤᠳ ᠪᠡᠯᠡ ᠮᠥᠩᠭᠦ ᠶᠢ ᠨᠡᠭᠦᠯᠭᠡᠨ ᠬᠡᠷᠡᠭᠯᠡᠵᠦ ᠪᠤᠯᠬᠤ ᠦᠭᠡᠢ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ   ᠶᠢ ᠥᠭᠦᠯᠡᠪᠡ  ᠃ ᠳᠥᠷᠪᠡᠳᠦᠭᠡᠷ ᠪᠦᠯᠦᠭ ᠳᠠᠭᠠᠯᠳᠤᠭᠤᠯᠤᠯ ᠲᠦᠷᠢᠮ  ᠳᠤ ᠭᠤᠣᠯᠳᠠᠭᠤ ᠲᠠᠶᠢᠯᠪᠤᠷᠢᠯᠠᠬᠤ ᠡᠷᠬᠡ ᠪᠠ ᠬᠡᠷᠡᠭᠵᠢᠭᠦᠯᠬᠦ ᠴᠠᠭ ᠢ ᠥᠭᠦᠯᠡᠪᠡ  ᠃         ᠨᠠᠷᠢᠨ ᠪᠠᠢᠳᠠᠯ ᠢ wlt . nmg . gov . cn   ᠠᠴᠠ ᠦᠵᠡᠭᠡᠷᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号