《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ 》 ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/25
     ᠲᠥᠷᠥ ᠶᠢᠨ ᠶᠠᠪᠤᠳᠠᠯ ᠤᠨ ᠬᠤᠷᠢᠶᠠᠨ ᠤ 《 ᠰᠠᠶᠢᠨ ᠳᠤᠷ᠎ᠠ ᠶᠢᠨ ᠦᠶᠯᠡᠴᠢᠯᠡᠭᠡᠨ ᠤ ᠳᠦᠷᠢᠮ 》᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠠᠯᠪᠠᠨ ᠬᠡᠷ ᠤᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ 》 ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠳᠠᠯ ᠳᠤ ᠵᠤᠬᠢᠴᠠᠭᠤᠯᠤᠨ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ  ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠤᠳᠤ ᠦᠶ᠎ᠡ ᠶᠢᠨ ᠰᠣᠶᠣᠯ ᠪᠠ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠢᠳᠡᠪᠬᠢ ᠦᠢᠯᠡᠳᠦᠯ ᠢ ᠨᠡᠩ ᠰᠠᠶᠢᠲᠤᠷ ᠪᠠᠲᠠᠷᠠᠭᠤᠯᠬᠤ  ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ 》 ᠶᠢ ᠲᠣᠭᠲᠠᠭᠠᠪᠠ᠂ ᠤᠳᠤ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠶᠠᠭᠤᠨ ᠳᠤ 《 ᠬᠠᠮᠢᠶᠠᠷᠤᠯᠲᠠ ᠶᠢᠨ ᠠᠷᠭ᠎ᠠ 》 ᠲᠣᠭᠲᠠᠭᠠᠬᠤ ᠪᠣᠶ︖      ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠤᠳ ᠢ ᠡᠯᠰᠡᠬᠦ᠂ ᠪᠣᠯᠪᠠᠰᠤᠷᠠᠭᠤᠯᠬᠤ᠂ ᠬᠠᠮᠢᠶᠠᠷᠬᠤ᠂ ᠰᠢᠯᠭᠠᠨ ᠬᠢᠨᠠᠬᠤ ᠵᠡᠷᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠣᠷᠣᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ᠂ ᠵᠢᠷᠤᠮᠵᠢᠯ ᠲᠠᠢ ᠡᠮᠬᠢ ᠵᠢᠷᠤᠮ ᠲᠠᠢ ᠥᠷᠨᠢᠭᠦᠯᠬᠦ ᠶᠢ ᠬᠥᠲᠥᠯᠦᠨ ᠵᠢᠯᠣᠭᠤᠳᠬᠤ ᠪᠠ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠬᠡᠷᠡᠭᠴᠡᠭᠡ  ᠳᠤ ᠵᠣᠬᠢᠴᠠᠭᠤᠯᠬᠤ ᠶᠢᠨ ᠲᠤᠰᠠᠳᠠ᠂ ᠮᠠᠨ ᠤ ᠲᠢᠩᠬᠢᠮ ᠠᠴᠠ 2017 ᠣᠨ ᠤ ᠤᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠰᠠᠶᠢᠨ ᠲᠤᠷᠠᠴᠣᠳ ᠤᠨ ᠬᠠᠮᠢᠶᠠᠷᠤᠯᠲᠠ ᠶᠢᠨ ᠠᠷᠭ᠎ᠠ ( ᠲᠤᠷᠰᠢᠨ ᠬᠡᠷᠡᠭᠵᠢᠭᠦᠯᠬᠦ ) 》 ᠳᠤ ᠵᠠᠰᠠᠪᠤᠷᠢ ᠣᠷᠣᠭᠤᠯᠪᠠ  ᠃      ᠬᠤᠶᠠᠷ᠂ ᠶᠠᠭᠤ ᠶᠢ ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠣᠳ ᠭᠡᠬᠦ ᠪᠤᠢ︖      ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠣᠳ ᠭᠡᠳᠡᠭ ᠨᠢ ᠥᠪᠡᠷ ᠤᠨ ᠴᠠᠭ᠂ ᠮᠡᠳᠡᠯᠭᠡ᠂ ᠤᠷ᠎ᠠ ᠴᠢᠳᠠᠪᠤᠷᠢ ᠵᠡᠷᠭᠡ ᠪᠠᠨ ᠠᠰᠢᠭᠯᠠᠨ᠂ ᠰᠠᠶᠢᠨ ᠳᠤᠷ᠎ᠠ ᠠᠴᠠ ᠪᠠᠨ ᠨᠡᠶᠢᠭᠡᠮ ᠪᠤᠶᠤ ᠪᠤᠰᠤᠳ ᠬᠦᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠣᠶᠣᠯ ᠪᠠ ᠵᠢᠭᠤᠯᠴᠢᠯᠠᠯ ᠤᠨ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠬᠤᠪᠢ ᠬᠥᠮᠦᠨ ᠢ ᠵᠢᠭᠠᠵᠤ ᠪᠠᠶᠢᠨ᠎ᠠ  ᠃      ᠭᠤᠷᠪᠠ᠂ ᠶᠠᠭᠤ ᠶᠢ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠭᠡᠬᠦ ᠪᠣᠶ︖      ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠭᠡᠳᠡᠭ ᠨᠢ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠬᠦ ᠪᠠᠷ ᠵᠣᠷᠢᠯᠲᠠ ᠪᠣᠯᠭᠠᠭᠰᠠᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ  ᠃      ᠳᠥᠷᠪᠡ᠂ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠬᠡᠷᠬᠢᠨ ᠬᠠᠮᠢᠶᠠᠷᠬᠤ ᠪᠣᠶ︖      ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠠᠯᠪᠠᠨ ᠬᠡᠷ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ  ᠤ ᠳᠣᠲᠣᠷᠠᠬᠢ ᠰᠠᠶᠢᠨ ᠳᠤᠷ᠎ᠠ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠲᠤ ᠲᠣᠬᠢᠷᠠᠭᠤᠯᠵᠤ᠂ ᠪᠦᠬᠦ ᠣᠷᠣᠨ ᠤ ᠰᠣᠶᠣᠯ ᠪᠠ ᠵᠢᠭᠤᠯᠴᠢᠯᠠᠯ  ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠵᠢᠭᠠᠨ ᠵᠢᠯᠣᠭᠤᠳᠬᠤ᠂ ᠬᠠᠮᠢᠶᠠᠷᠬᠤ᠂ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ  ᠃      ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠰᠣᠶᠣᠯ ᠪᠠ ᠵᠢᠭᠤᠯᠴᠢᠯᠠᠯ ᠤᠨ ᠦᠶᠯᠡᠴᠢᠯᠡᠭᠡᠨ ᠤ ᠨᠢᠭᠡᠴᠢ ᠲᠤᠰ ᠲᠤᠰ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠶᠡᠷᠦᠩᠬᠡᠶ ᠠᠩᠭᠢ᠂ ᠰᠠᠯᠪᠤᠷᠢ ᠠᠩᠭᠢ᠂ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠲᠤᠰ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ  ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ  ᠶᠢᠨ ᠦᠶᠯᠡᠴᠢᠯᠡᠭᠡᠨ ᠤ ᠶᠡᠷᠦᠩᠬᠡᠶ ᠠᠩᠭᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠬᠤᠲᠠ ᠶᠢᠨ ᠲᠠᠰ ᠤᠨ ᠰᠣᠶᠣᠯ ᠵᠢᠭᠤᠯᠴᠢᠯᠠᠯ ᠤᠨ ᠦᠶᠯᠡᠴᠢᠯᠡᠭᠡᠨ ᠤ ᠨᠢᠭᠡᠴᠢ   ᠳᠤ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠰᠠᠯᠪᠤᠷᠢ ᠠᠩᠭᠢ ᠶᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠤ ᠰᠣᠶᠣᠯ ᠵᠢᠭᠤᠯᠴᠢᠯᠠᠯ ᠤᠨ ᠨᠢᠭᠡᠴᠢ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠬᠤᠪᠢᠶᠠᠷᠢ ᠠᠩᠭᠢ ᠪᠠᠶᠢᠭᠤᠯᠤᠨ᠎ᠠ  ᠃      ᠲᠠᠪᠤ᠂ 《 ᠬᠠᠮᠢᠶᠠᠷᠤᠯᠲᠠ ᠶᠢᠨ ᠠᠷᠭ᠎ᠠ 》 ᠳᠤ ᠶᠠᠮᠠᠷ ᠶᠠᠮᠠᠷ ᠪᠠᠲᠤᠯᠠᠬᠤ ᠪᠠ ᠤᠷᠮᠠᠰᠢᠭᠤᠯᠬᠤ ᠠᠷᠭ᠎ᠠ ᠬᠡᠮᠵᠢᠶ᠎ᠡ ᠶᠢ ᠳᠤᠷᠠᠳᠤᠭᠰᠠᠨ ᠪᠣᠶ︖      ᠰᠣᠶᠣᠯ ᠪᠠ ᠵᠢᠭᠤᠯᠴᠢᠯᠠᠯ ᠤᠨ ᠰᠠᠶᠢᠨ ᠲᠤᠷᠠᠴᠤᠳ ᠤᠨ ᠡᠷᠬᠡ ᠶᠢ ᠪᠠᠲᠤᠯᠠᠬᠤ ᠶᠢᠨ ᠲᠥᠯᠥᠭᠡ᠂ ᠬᠠᠮᠢᠶᠠᠷᠤᠯᠲᠠ ᠶᠢᠨ ᠠᠷᠭ᠎ᠠ ᠶᠢᠨ ᠱᠠᠭᠠᠷᠳᠠᠯᠭ᠎ᠠ ᠶᠤᠰᠤ ᠪᠠᠷ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠶᠯᠡᠴᠢᠯᠡᠭᠡ ᠥᠷᠨᠢᠭᠦᠯᠦᠨ᠎ᠡ  ᠃          ᠨᠠᠩ ᠣᠯᠠᠨ ᠨᠠᠷᠢᠨ ᠪᠠᠶᠢᠳᠠᠯ ᠢ wlt . nmg . gov . cn ᠰᠦᠯᠵᠢᠶᠡᠨ ᠠᠴᠠ  ᠦᠵᠡᠭᠡᠷᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ  ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号