ᠰᠣᠶᠣᠯ ᠪᠠ ᠵᠢᠭᠤᠯᠴᠢᠯᠠᠯ ᠤᠨ ᠶᠠᠮᠤᠨ 2022 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ  ᠳᠤ ᠬᠢ ᠬᠢᠵᠢᠭ ᠢ ᠪᠠᠶᠢᠳᠠᠯ  ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠶᠯᠡᠳᠪᠦᠷᠢᠯᠡᠯ ᠪᠠ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/31
     12 ᠳ᠋ᠣᠭᠠᠷ ᠰᠠᠷ᠎ᠠ ᠶᠢᠨ 27 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠲᠤᠬᠠᠶ ᠴᠢᠬᠤᠯᠠ ᠥᠭᠦᠯᠡᠯᠲᠡ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2022 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠶᠯᠡᠳᠪᠦᠷᠢᠯᠡᠯ ᠪᠠ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠠᠵᠢᠯ ᠢ ᠪᠠᠶᠢᠷᠢᠯᠠᠭᠤᠯᠪᠠ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠵᠠᠩ ᠰᠢᠤᠢ ᠬᠤᠷᠠᠯ ᠡᠷᠭᠢᠯᠡᠪᠡ  ᠃      ᠬᠤ᠋ ᠾᠧ ᠫᠢᠩ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠲᠣᠰ ᠭᠠᠵᠠᠷ ᠤᠨ  ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠠᠳᠠᠯᠢ ᠪᠤᠰᠤ ᠪᠠᠶᠠᠷ ᠤᠨ ᠡᠳᠦᠷ  ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠵᠦᠷᠢᠶᠡᠴᠢᠯᠡᠭᠰᠡᠨ ᠬᠡᠷᠡᠭᠴᠡᠭᠡ ᠶᠢ ᠣᠨᠣᠪᠴᠢᠲᠠᠶ ᠡᠵᠡᠮᠳᠡᠨ᠂ ᠬᠠᠨᠳᠤᠯᠭᠠᠲᠤ ᠴᠢᠨᠠᠷᠲᠠᠶ ᠦᠶᠯᠡᠳᠬᠦᠨ ᠭᠠᠷᠭᠠᠬᠤ᠂ ᠴᠢᠨᠠᠷ ᠰᠠᠶᠢᠲᠠᠶ ᠦᠶᠯᠡᠴᠢᠯᠡᠭᠡ ᠬᠠᠩᠭᠠᠬᠤ᠂ ᠨᠠᠩ ᠠᠮᠤᠷ ᠲᠦᠪᠰᠢᠨ ᠣᠷᠴᠢᠨ ᠲᠣᠭᠤᠷᠢᠨ ᠢ ᠡᠭᠦᠳᠬᠦ ᠳᠡᠭᠡᠷ᠎ᠡ ᠬᠦᠴᠦ ᠲᠠᠯᠪᠢᠵᠤ᠂ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠢ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠠᠮᠤᠷ ᠲᠦᠪᠰᠢᠨ ᠰᠢᠨ᠎ᠡ ᠵᠢᠯ᠂ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ᠃ ᠣᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠴᠢᠷᠮᠠᠶᠢᠨ ᠬᠠᠮᠠᠭᠠᠯᠠᠬᠤ ᠬᠡᠷᠡᠭᠲᠡᠶ  ᠃ ᠠᠵᠢᠯ ᠤᠨ ᠲᠥᠰᠦᠯ ᠢ ᠰᠠᠶᠢᠲᠤᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠶᠯ ᠤᠨ ᠪᠠᠶᠢᠷᠢᠯᠠᠭᠤᠯᠤᠯᠲᠠ ᠶᠢ ᠡᠷᠡᠰ ᠪᠣᠳᠠᠲᠠᠶ ᠳᠤ ᠨᠠᠶᠢᠳᠠᠪᠤᠷᠢᠵᠢᠭᠤᠯᠵᠤ᠂ ᠨᠠᠷᠢᠨ ᠵᠦᠶᠯᠡᠰ ᠨᠢᠭᠡᠪᠦᠷᠢ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠵᠢᠯ ᠤᠨ ᠦᠷ᠎ᠡ ᠪᠦᠲᠦᠭᠡᠯ ᠲᠠᠢ ᠪᠠᠶᠢᠬᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠥᠪᠥᠷ ᠮᠣᠩᠭᠤᠯ᠂ ᠬᠠᠷᠠᠮᠥ᠋ᠷᠡᠨ᠂ ᠬᠤᠨᠠᠨ᠂ ᠨᠢᠩᠰᠢᠶᠠ ᠳᠥᠷᠪᠡᠨ ᠮᠤᠵᠢ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠲᠤᠬᠠᠶ ᠶᠢᠨ ᠭᠠᠵᠠᠷ ᠤᠨ ᠠᠪᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠮᠤᠵᠢ ( ᠣᠷᠣᠨ᠂ ᠬᠤᠲᠠ ) ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ( ᠲᠣᠪᠴᠢᠶ᠎ᠠ ) ᠵᠢᠴᠢ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠠᠷᠮᠢ ᠶᠢᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠤᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ  ᠤ ᠠᠯᠪᠠᠨ  ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号