ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2021 ᠣᠨ ᠤ ᠪᠥᠬᠦ ᠣᠷᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ  ᠶᠢ ᠡᠬᠢᠯᠡᠭᠦᠯᠬᠦ ᠪᠠᠷ ᠪᠣᠶ
ᠨᠡᠶᠢᠲᠡᠯᠡᠭᠰᠡᠨ ᠴᠠᠭ᠄
2021/2/1
     2021 ᠣᠨ ᠤ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠬᠡᠪᠴᠢᠶᠡᠨ ᠳᠤ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠶᠠᠩᠵᠤ ᠬᠡᠯᠪᠡᠷᠢ ᠶᠢᠨ᠂ ᠰᠢᠨ᠎ᠡ ᠠᠭᠤᠯᠭ᠎ᠠ ᠪᠥᠬᠦᠶ ᠰᠣᠶᠣᠯ ᠤᠨ ᠠᠵᠢᠯᠯᠠᠭ᠎ᠠ ᠪᠠ ᠤᠷᠠᠨ ᠰᠠᠶᠢᠬᠠᠨ ᠤ ᠲᠣᠭᠯᠠᠯᠲᠠ  ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠣᠯᠠᠨ ᠲᠦᠮᠡᠨ ᠤ ᠪᠠᠶᠠᠷ ᠤᠨ ᠡᠳᠦᠷ  ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ ᠬᠥᠭᠵᠢᠭᠡᠵᠦ᠂ ᠭᠦᠨ ᠵᠤᠵᠠᠭᠠᠨ ᠪᠠᠶᠠᠷ ᠤᠨ ᠡᠳᠦᠷ ᠤᠨ ᠰᠣᠶᠣᠯ  ᠤᠨ ᠠᠭᠤᠷ ᠠᠮᠢᠰᠬᠤᠯ ᠢ ᠪᠣᠶ ᠪᠣᠯᠭᠠᠨ᠎ᠠ᠃
     2021 ᠣᠨ ᠤ ᠪᠥᠬᠦ ᠣᠷᠣᠨ ᠤ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ  ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠭᠤᠤᠯ ᠰᠡᠳᠦᠪ ᠲᠠᠢ ᠨᠢᠭᠲᠠ ᠤᠶᠠᠯᠳᠤᠭᠤᠯᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠤᠯᠭᠠᠵᠤ᠂ ᠨᠢᠭᠡᠳᠦᠯᠲᠡᠶ ᠰᠦᠯᠵᠢᠶᠡᠨ ᠤ ᠲᠠᠪᠴᠠᠩ ᠢ ᠪᠠᠶᠢᠭᠤᠯᠵᠤ᠂ ᠡᠭᠦᠨ ᠤ ᠳᠠᠭᠠᠤ ᠲᠢᠭ᠋ ᠲᠤᠭ᠂ ᠬᠤᠷᠳᠤᠨ ᠭᠠᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠢᠨᠲ᠋ᠧᠷ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠳᠠᠪᠠᠭᠤᠯᠢᠭ  ᠢ ᠭᠦᠢᠴᠡᠳ ᠠᠰᠢᠭᠯᠠᠨ᠂ ᠴᠠᠭ ᠦᠶ᠎ᠡ ᠶᠢᠨ ᠵᠣᠷᠢᠭ ᠰᠠᠨᠠᠭ᠎ᠠ ᠪᠠ ᠰᠣᠶᠣᠯ ᠤᠨ ᠠᠭᠤᠯᠤᠭᠳᠠᠬᠤᠨ ᠢᠶᠠᠷ ᠪᠠᠶᠠᠯᠢᠭ ᠰᠦᠯᠵᠢᠶᠡᠨ ᠳᠡᠭᠡᠷᠡᠬᠢ ᠰᠣᠶᠣᠯ ᠤᠨ ᠠᠵᠢᠯᠯᠠᠭ᠎ᠠ ᠶᠢ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ  ᠳᠤ ᠬᠦᠴᠦᠨ ᠴᠢᠳᠠᠯ ᠢᠶᠠᠨ ᠪᠠᠲᠤᠳᠬᠠᠨ᠎ᠠ᠃
     ᠠᠵᠢᠯᠯᠠᠭ᠎ᠠ ᠶᠢᠨ ᠭᠤᠤᠯ ᠠᠭᠤᠯᠭ᠎ᠠ ᠳᠤ᠄ 1 ᠳ᠋ᠤᠭᠡᠷ ᠰᠠᠷ᠎ᠠ ᠶᠢᠨ 30   ᠤ ᠡᠳᠦᠷ᠂ ᠰᠦᠯᠵᠢᠶᠡᠨ ᠳᠡᠭᠡᠷᠡᠬᠢ ᠤᠯᠠᠭᠠᠨᠮᠥ᠋ᠴᠢᠷ ᠤᠨ ᠴᠠᠭᠠᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠵᠤ᠂ ᠳᠠᠯᠠᠳ ᠬᠤᠰᠢᠭᠤᠨ ᠤ ᠤᠯᠠᠭᠠᠨᠮᠥ᠋ᠴᠢᠷ ᠳᠠᠭᠤᠤ ᠪᠥᠵᠢᠭ᠂ ᠳᠠᠭᠤᠷᠢᠯᠢᠭ᠂ ᠣᠷᠣᠨ ᠨᠤᠲᠤᠭ ᠤᠨ ᠰᠢ ᠵᠡᠷᠭᠡ ᠲᠤᠰᠬᠠᠶ ᠲᠠᠯᠠᠪᠠᠶ ᠶᠢᠨ ᠰᠦᠯᠵᠢᠶᠡᠨ ᠤ ᠦᠳᠡᠰᠢᠯᠡᠭᠡ ᠪᠡᠯᠡᠳᠬᠡᠬᠦ ᠶᠢᠨ ᠬᠠᠮᠲᠤ ᠪᠥᠬᠦ ᠣᠷᠣᠨ ᠤ ᠤᠯᠠᠭᠠᠨᠮᠥ᠋ᠴᠢᠷ ᠢ ᠲᠥᠯᠥᠭᠡᠯᠡᠨ ᠰᠦᠯᠵᠢᠶᠡᠨ ᠤ ᠬᠡᠯᠪᠡᠷᠢ ᠪᠠᠷ ᠠᠷᠠᠳ ᠣᠯᠠᠨ ᠳᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠦ᠂ ᠥᠷᠭᠡᠨ ᠣᠯᠠᠨ ᠦᠵᠡᠭᠴᠢᠳ ᠢ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠴᠠᠭᠠᠨ ᠰᠠᠷ᠎ᠠ ᠶᠢᠨ ᠦᠪᠡᠳᠡᠭᠰᠢ ᠨᠠᠶᠢᠷ ᠢ ᠰᠤᠨᠢᠷᠬᠠᠭᠤᠯᠤᠨ᠎ᠠ᠃ ᠪᠥᠬᠦ ᠣᠷᠣᠨ ᠤ ᠡᠯ᠎ᠡ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ《 ᠤᠯᠠᠭᠠᠨᠮᠥ᠋ᠴᠢᠷ ᠤᠨ  ᠬᠢᠨ 》ᠪᠢᠴᠢᠯ ᠬᠢᠴᠢᠶᠡᠯ ᠤᠨ ᠤᠷᠠᠯᠢᠭ ᠤᠨ ᠪᠣᠯᠪᠠᠰᠤᠷᠠᠭᠤᠯᠤᠯ ᠪᠠ ᠤᠷᠠᠯᠢᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠴᠠᠭᠠᠨ ᠰᠠᠷ᠎ᠠ ᠶᠢᠨ ᠰᠣᠶᠣᠯ ᠤᠨ ᠢᠨᠲ᠋ᠧᠷ ᠰᠦᠯᠵᠢᠶᠡᠨ ᠤ ᠰᠢᠨ᠎ᠡ ᠵᠢᠯ ᠢᠶᠠᠨ ᠪᠡᠯᠭᠡᠯᠡᠬᠦ ᠠᠵᠢᠯᠯᠠᠭ᠎ᠠ  ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ᠎ᠡ᠃ ᠰᠦᠯᠵᠢᠶᠡᠨ ᠳᠡᠭᠡᠷᠡᠬᠢ《 ᠰᠢᠨ᠎ᠡ ᠵᠢᠯ ᠢ ᠤᠭᠲᠤᠵᠤ  ᠴᠠᠭᠠᠨ ᠰᠠᠷ᠎ᠠ ᠪᠠᠨ ᠪᠡᠯᠭᠡᠯᠡᠬᠦ 》ᠠᠷᠠᠳ ᠲᠤ ᠠᠰᠢᠭ ᠬᠦᠷᠲᠡᠭᠡᠬᠦ ᠰᠢᠷᠢᠰ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠴᠠᠭᠠᠨ ᠰᠠᠷ᠎ᠠ ᠶᠢᠨ ᠠᠭᠤᠷ ᠠᠮᠢᠰᠬᠤᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠨᠢᠭᠲᠠ ᠬᠤᠯᠪᠤᠨ᠎ᠠ᠃ ᠰᠦᠯᠵᠢᠶᠡᠨ ᠳᠡᠭᠡᠷ᠎ᠡ ᠲᠥᠪᠯᠡᠷᠡᠭᠦᠯᠦᠨ ᠲᠠᠨᠢᠯᠴᠠᠭᠤᠯᠬᠤ ᠪᠠ ᠰᠦᠯᠵᠢᠶᠡᠨ ᠭᠠᠳᠠᠨ᠎ᠠ ᠲᠠᠷᠬᠠᠭᠠᠨ ᠪᠣᠷᠣᠯᠠᠭᠤᠯᠬᠤ ᠶᠢ ᠬᠠᠷᠢᠯᠴᠠᠨ ᠤᠶᠠᠯᠳᠤᠭᠤᠯᠵᠤ᠂ 2021 ᠣᠨ ᠤ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠯ ᠤᠨ ᠪᠠᠷᠠᠭ᠎ᠠ ᠶᠢᠨ ᠦᠵᠡᠭᠦᠯᠦᠯᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠢᠶᠠᠷ ᠶᠠᠳᠠᠭᠤ ᠶᠢ ᠲᠡᠳᠬᠦᠬᠦ ᠪᠦᠲᠦᠭᠡᠭᠳᠡᠬᠦᠨ ᠤ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠴᠤᠭᠯᠠᠭᠠᠨ ᠢ ᠡᠷᠭᠢᠯᠡᠨ᠎ᠡ᠃ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠦᠳᠡᠰᠢ ᠶᠢ ᠰᠦᠯᠵᠢᠶᠡᠨ ᠳᠡᠭᠡᠷ᠎ᠡ ᠦᠵᠡᠭᠦᠯᠦᠨ ᠰᠤᠨᠢᠷᠬᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠳᠡᠭᠡᠷ᠎ᠡ ᠲᠠ ᠨᠠᠷ ᠲᠤ ᠬᠥᠳᠡᠭᠡ ᠲᠣᠰᠬᠤᠨ ᠤ ᠦᠳᠡᠰᠢ ᠶᠢ ᠰᠣᠨᠢᠷᠬᠠᠭᠤᠯᠵᠤ᠂ ᠨᠤᠲᠤᠭ ᠤᠨ ᠮᠥᠷᠥᠭᠡᠳᠦᠯ ᠳᠤ ᠤᠮᠪᠠᠭᠤᠯᠤᠨ᠂ ᠴᠠᠭᠠᠨ ᠰᠠᠷ᠎ᠠ ᠶᠢᠨ ᠪᠠᠶᠠᠷ ᠴᠡᠩᠭᠡᠯ ᠢ ᠮᠡᠳᠡᠷᠡᠭᠦᠯᠦᠨ᠂ ᠰᠢᠨ᠎ᠡ ᠵᠢᠯ ᠢ ᠤᠭᠲᠤᠬᠤ ᠪᠤᠯᠤᠨ᠎ᠠ᠃      ᠡᠭᠦᠨ ᠤ ᠬᠠᠮᠲᠤ᠂ ᠥᠪᠥᠷ ᠮᠣᠩᠭᠤᠯ ᠤᠨ ᠰᠣᠶᠣᠯ ᠤᠨ ᠡᠭᠦᠯᠡ ᠲᠠᠪᠴᠠᠩ᠂ ᠡᠯ᠎ᠡ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠰᠦᠯᠵᠢᠶ᠎ᠡ ᠪᠠ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢᠶᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠴᠠᠭᠠᠨ ᠰᠠᠷ᠎ᠠ᠂ ᠥᠯᠵᠡᠶᠢᠲᠦ ᠡᠳᠦᠷ ᠤᠨ ᠣᠯᠠᠨ ᠲᠦᠮᠡᠨᠴᠢ ᠴᠢᠨᠠᠷᠲᠠᠶ ᠭᠤᠤᠯ ᠰᠡᠳᠦᠪᠲᠦ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠡᠭᠦᠨ ᠢᠶᠠᠷ ᠳᠠᠮᠵᠢᠭᠤᠯᠤᠨ ᠪᠠᠶᠠᠷ ᠤᠨ ᠡᠳᠦᠷ ᠤᠨ ᠬᠤᠭᠤᠴᠠᠭᠠᠨ  ᠳᠤ ᠬᠢ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠡᠷᠡᠭᠦᠯ ᠥᠭᠡᠳᠡᠷᠬᠡᠭ᠂ ᠡᠯᠪᠡᠭ ᠪᠠᠶᠠᠯᠢᠭ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠶᠯᠡᠴᠢᠯᠡᠭᠡ ᠶᠢ ᠡᠳ᠋ᠯᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号