1 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠴᠠᠪ ᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ | ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | | | | | ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ︽ᠲᠥᠯᠥᠪᠵᠢᠭᠦᠯᠭᠡ︾ ᠶᠢᠨ ᠠᠭᠤᠯᠭ᠎ᠠ ᠶᠢᠨ ᠲᠤᠬᠠᠶ | ᠨᠠᠶᠢᠷᠠᠭᠤᠯᠤᠨ ᠵᠣᠬᠢᠶᠠᠭᠰᠠᠨ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠤᠰᠤᠭᠰᠠᠨ ᠤ | ᠵᠡᠷᠭᠡᠴᠡᠭᠡ ᠪᠠᠷ ᠪᠠᠰᠠ ᠲᠤᠯᠭᠠᠨ ᠠᠰᠠᠭᠤᠵᠤ ᠰᠢᠭᠦᠨ ᠦᠨᠡᠯᠡᠵᠡᠢ᠃ ᠣᠯᠠᠨ ᠢᠶᠠᠷ ᠢᠶᠠᠨ ︽ᠲᠥᠯᠥᠪᠵᠢᠭᠦᠯᠭᠡ︾ ᠨᠢ | ︽ᠤᠯᠤᠰ ᠠᠷᠠᠳ ᠤᠨ ᠠᠵᠤ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠭᠤᠯᠭ᠎ᠠ︾ | ᠳᠤ ᠦᠨᠳᠦᠰᠦᠯᠡᠵᠦ᠂ ᠤᠯᠠᠭᠠᠨᠴᠠᠪ ᠬᠤᠲᠠ ᠶᠢᠨ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ | ᠳᠤ ᠰᠠᠭᠤᠷᠢᠯᠠᠨ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠳᠤ ᠲᠥᠯᠥᠪᠵᠢᠭᠦᠯᠭᠡ ᠬᠢᠪᠡ᠃ ᠪᠦᠲᠦᠴᠡ ᠨᠢ ᠪᠦᠷᠢᠨ᠂ | ᠠᠭᠤᠯᠭ᠎ᠠ ᠨᠢ ᠭᠦᠢᠴᠡᠳ᠂ ᠮᠠᠲ᠋ᠧᠷᠢᠶᠠᠯ ᠨᠢ ᠪᠣᠳᠠᠲᠠᠶ᠂ ᠤᠷᠢᠳᠠᠴᠢ ᠴᠢᠨᠠᠷ ᠪᠠ ᠬᠡᠷᠡᠭᠵᠢᠭᠦᠯᠬᠦᠶᠢᠴᠡ ᠴᠢᠨᠠᠷ ᠲᠠᠢ | ᠭᠡᠮᠡᠨ ᠨᠣᠳ᠋ᠯᠠᠭᠠᠳ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠳ ︽ᠲᠥᠯᠥᠪᠵᠢᠭᠦᠯᠭᠡ︾ ᠶᠢ ᠰᠠᠨᠠᠯ ᠨᠢᠭᠡᠲᠡᠶ | ᠵᠥᠪᠰᠢᠶᠡᠷᠡᠪᠡ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤᠭᠤᠶᠢᠯᠠᠩ ᠨᠢ ᠲᠤᠰᠬᠠᠶ ᠮᠡᠷᠭᠡᠵᠢᠯᠲᠡᠨ ᠤ | ᠰᠠᠨᠠᠯ ᠰᠠᠨᠠᠭᠤᠯᠭ᠎ᠠ ᠶᠢ ᠪᠦᠷᠢᠨ ᠭᠦᠶᠴᠡᠳ ᠰᠢᠩᠭᠡᠭᠡᠨ ᠠᠪᠴᠤ᠂ ᠲᠥᠯᠥᠪᠵᠢᠭᠦᠯᠭᠡ ᠳᠤ ᠤᠯᠠᠮ ᠨᠢᠭᠡ ᠠᠯᠬᠤᠮ | ᠵᠠᠰᠠᠪᠤᠷᠢ ᠬᠢᠵᠦ ᠲᠡᠭᠦᠯᠳᠡᠷᠵᠢᠭᠦᠯᠦᠨ᠎ᠡ ᠭᠡᠵᠦ ᠢᠯᠡᠷᠬᠡᠶᠢᠯᠡᠪᠡ᠃ | ︽ᠲᠥᠯᠥᠪᠵᠢᠭᠦᠯᠭᠡ︾ ᠨᠠᠶᠢᠷᠠᠭᠤᠯᠤᠨ ᠵᠣᠬᠢᠶᠠᠵᠤ ᠰᠢᠯᠭᠠᠷᠠᠭᠤᠯᠬᠤ ᠡᠭᠦᠷᠭᠡ ᠶᠢ ᠪᠡᠶᠡᠯᠡᠭᠦᠯᠦᠭᠰᠡᠨ ᠨᠢ ︽ | ᠠᠷᠪᠠᠨ ᠳᠥᠷᠪᠡᠳᠦᠭᠡᠷ ᠲᠠᠪᠤᠨ ᠵᠢᠯ︾ ᠳᠣᠲᠤᠷ᠎ᠠ ᠤᠯᠠᠭᠠᠨᠴᠠᠪ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠵᠢᠯᠣᠭᠤᠳᠬᠤ ᠳᠤ ᠰᠠᠭᠤᠷᠢ ᠲᠠᠯᠪᠢᠪᠠ᠃ |