ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠨᠠᠮ ᠤᠨ ᠪᠠᠶᠢᠭᠤᠯᠤᠯᠲᠠ  ᠶᠢᠨ ᠤᠶᠤᠨᠴᠢ ᠬᠡᠷᠡᠮ ᠢ ᠴᠤᠭᠴᠠᠯᠠᠨ ᠪᠠᠶᠢᠭᠤᠯᠵᠤ ᠰᠤᠷᠤᠯᠴᠠᠯᠭ᠎ᠠ  ᠶᠢ ᠨᠠᠩ ᠲᠥᠬᠦᠮ ᠲᠦᠳᠡ ᠪᠣᠯᠭᠠᠪᠠ
ᠨᠡᠶᠢᠲᠡᠯᠡᠭᠰᠡᠨ ᠴᠠᠭ᠄
2021/2/4
     ᠣᠶᠢᠷ᠎ᠠ ᠳᠤ᠂ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠪᠠᠶᠢᠭᠤᠯᠤᠯᠲᠠ  ᠶᠢᠨ ᠠᠵᠢᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠶᠢ ᠡᠳᠦᠷ ᠲᠤᠲᠤᠮ ᠤᠨ ᠠᠵᠢᠯ ᠠᠮᠢᠳᠤᠷᠠᠯ ᠳᠤ ᠠᠭᠤᠰᠤᠯᠴᠠᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠲᠣᠭᠠᠴᠢᠯᠠᠭᠰᠠᠨ ᠮᠡᠷᠭᠡᠵᠢᠯ ᠪᠠ ᠲᠠᠪᠴᠠᠩ ᠢ ᠠᠰᠢᠭᠯᠠᠵᠤ᠂ ᠣᠷᠳᠣᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠨᠠᠷᠢᠨ ᠨᠢᠮᠪᠠᠶ ᠵᠢᠷᠤᠵᠤ ᠲᠥᠯᠥᠪᠯᠡᠭᠰᠡᠨ ︽ᠨᠠᠮ ᠤᠨ ᠪᠠᠶᠢᠭᠤᠯᠤᠯᠲᠠ ᠶᠢᠨ ᠤᠶᠤᠨᠴᠢ ᠬᠡᠷᠡᠮ︾   ᠢ ᠪᠠᠶᠢᠭᠤᠯᠪᠠ᠃
     ᠡᠨᠡ ᠬᠦ ︽ᠨᠠᠮ ᠤᠨ ᠪᠠᠶᠢᠭᠤᠯᠤᠯᠲᠠ ᠶᠢᠨ ᠤᠶᠤᠨᠴᠢ ᠬᠡᠷᠡᠮ︾ ᠨᠢ ︽ᠨᠠᠮ ᠤᠨ ᠣᠶᠤᠨᠴᠢ ᠪᠠᠶᠢᠭᠤᠯᠤᠯᠲᠠ︾᠂ ︽ᠬᠤᠪᠢᠰᠬᠠᠯ ᠤᠨ ᠣᠷᠣᠨ ᠵᠠᠢ︾᠂ ︽ᠳᠠᠭᠤᠲᠤ ᠤᠩᠰᠢᠯᠭ᠎ᠠ︾ ᠶᠢ ᠨᠢᠭᠡ ᠴᠤᠬᠴᠠᠵᠢᠭᠤᠯᠵᠤ᠂ ᠺᠣᠳ᠋ ᠰᠢᠷᠪᠢᠪᠡᠯ ᠳᠠᠷᠤᠢ ᠬᠠᠮᠢᠶ᠎ᠠ ᠪᠦᠬᠦᠢ ︽ᠬᠤᠪᠢᠰᠬᠠᠯ ᠤᠨ ᠨᠣᠮ ᠪᠢᠴᠢᠭ︾᠂ ︽ᠬᠤᠪᠢᠰᠬᠠᠯ ᠤᠨ ᠰᠣᠩᠭᠤᠳᠠᠭ ᠳᠠᠭᠤᠤ︾ ᠶᠢ ᠬᠦᠯᠢᠶᠡᠨ ᠰᠣᠨᠣᠰᠴᠤ᠂ ︽ᠬᠤᠪᠢᠰᠬᠠᠯ ᠤᠨ ᠺᠢᠨᠣ᠋︾ ᠶᠢ ᠬᠦᠯᠢᠶᠡᠨ ᠦᠵᠡᠵᠦ᠂ ᠴᠠᠭᠠᠰᠤᠨ ᠬᠡᠪᠯᠡᠯ  ᠤᠨ ᠨᠣᠮ ᠪᠢᠴᠢᠭ ᠤᠩᠰᠢᠬᠤ ᠠᠴᠠ ᠨᠡᠩ ᠳᠥᠭᠦᠮ ᠳᠥᠲᠡ  ᠪᠤᠯᠵᠤ᠂ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠴᠠᠭ ᠢᠮᠠᠭᠲᠠ ᠭᠠᠷ ᠤᠲᠠᠰᠤ ᠪᠠᠷ ᠢᠶᠠᠨ ᠨᠠᠮ ᠤᠨ ᠤᠨᠤᠯ ᠪᠣᠯᠤᠨ ᠨᠠᠮ ᠤᠨ ᠱᠤᠭᠤᠮ ᠴᠢᠭᠯᠡᠯᠲᠡ ᠲᠦᠷᠦ  ᠶᠢᠨ ᠪᠤᠳᠤᠯᠭ᠎ᠠ ᠶᠢ ᠣᠶᠢᠯᠠᠭᠠᠵᠤ᠂ ᠨᠠᠮ ᠤᠨ ᠲᠡᠦᠬᠡ ᠪᠣᠯᠤᠨ ᠢᠷᠠᠭᠤ ᠠᠯᠳᠠᠷᠲᠤ ᠤᠯᠠᠮᠵᠢᠯᠠᠯ ᠢ ᠰᠤᠷᠤᠯᠴᠠᠵᠤ ᠴᠢᠳᠠᠬᠤ ᠪᠤᠯᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号