ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠭᠠᠵᠠᠷ ᠤᠨ ᠲᠠᠰ  ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠃      ( ᠨᠢᠭᠡ ) ᠭᠤᠣᠯ ᠡᠭᠦᠷᠭᠡ ᠬᠠᠷᠢᠭᠤᠴᠠᠯᠭ᠎ᠠ      1 . ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠶᠢ ᠥᠷᠨᠢᠭᠦᠯᠦᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃        2 . ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ‍ᠦᠨ‌‍ᠰᠢᠨ᠎ᠡ  ᠵᠣᠬᠢᠶᠠᠨ ᠪᠦᠲᠦᠭᠡᠬᠦ ᠠᠷᠭ᠎ᠠ ᠬᠡᠯᠪᠡᠷᠢ᠂ ᠲᠣᠭᠯᠠᠯᠲᠠ ᠶᠢᠨ ᠬᠡᠯᠪᠡᠷᠢ ᠪᠠ ᠤᠯᠠᠮᠵᠢᠯᠠᠨ ᠳᠠᠮᠵᠢᠭᠤᠯᠬᠤ ᠠᠷᠭ᠎ᠠ ᠵᠠᠮ   ᠢ ᠡᠭᠦᠳᠴᠦ᠂ ᠤᠷᠠᠯᠢᠭ ᠤᠨ ᠬᠡᠯᠪᠡᠷᠢ ᠪᠠᠷ ᠨᠠᠮ ᠤᠨ ᠱᠤᠭᠤᠮ ᠴᠢᠭᠯᠡᠯᠲᠡ᠂ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ ᠢ ᠤᠬᠠᠭᠤᠯᠤᠨ᠎ᠠ᠃      3 . ᠣᠯᠠᠨ ᠲᠦᠮᠡᠨ ᠤ ᠠᠵᠢᠯ ᠤᠨ ᠴᠢᠯᠥᠭᠡᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ   ᠶᠢ ᠬᠥᠮᠦᠵᠢᠭᠦᠯᠦᠨ᠎ᠡ᠃ ᠦᠨᠳᠦᠰᠦᠲᠡᠨ ᠤ ᠪᠠ  ᠠᠷᠠᠳ ᠤᠨ ᠤᠯᠠᠮᠵᠢᠯᠠᠯᠲᠤ ᠰᠢᠯᠢᠳᠡᠭ ᠰᠣᠶᠣᠯ ᠢ ᠬᠠᠮᠠᠭᠠᠯᠠᠨ ᠤᠯᠠᠮᠵᠢᠯᠠᠨ᠎ᠠ᠃      4 . ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃        5 .ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠢᠴᠡᠳᠭᠡᠯᠭᠡᠬᠦ ᠪᠤᠰᠤᠳ ᠡᠭᠦᠷᠭᠡ ᠶᠢ ᠪᠡᠶᠡᠯᠡᠭᠦᠯᠦᠨ᠎ᠡ᠃      ( ᠬᠤᠶᠠᠷ ) ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ‌‍ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ ᠶᠠᠪᠤᠳᠠᠯ ᠤᠨ ᠰᠠᠯᠠᠭ᠎ᠠ )᠂ ᠦᠪᠯᠡᠨ ᠤᠯᠠᠮᠵᠢᠯᠠᠵᠤ ᠵᠣᠬᠢᠶᠠᠨ ᠪᠦᠲᠦᠭᠡᠬᠦ ᠬᠡᠯᠲᠡᠰ᠂ ᠪᠤᠯᠪᠠᠰᠤᠷᠠᠭᠤᠯᠤᠨ ᠬᠠᠪᠰᠤᠷᠤᠨ ᠵᠢᠯᠣᠭᠤᠳᠬᠤ ᠬᠡᠯᠲᠡᠰ᠂ ᠲᠣᠭᠯᠠᠯᠲᠠ ᠶᠢᠨ ᠬᠠᠮᠢᠶᠠᠷᠤᠯᠲᠠ ᠶᠢᠨ ᠬᠡᠯᠲᠡᠰ᠂ ᠳᠠᠭᠤᠯᠠᠬᠤᠶ ᠶᠢᠨ ᠬᠡᠯᠲᠡᠰ᠂ ᠪᠥᠵᠢᠭ ᠤᠨ ᠬᠡᠯᠲᠡᠰ᠂ ᠬᠥᠭᠵᠢᠮ ᠤᠨ ᠬᠡᠯᠲᠡᠰ ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号