ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ | ᠰᠤᠳᠤᠯᠤᠯ ᠤᠨ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ | ᠲᠣᠪᠴᠢᠶ᠎ᠠ ᠶᠢᠨ ᠬᠠᠷᠢᠶ᠎ᠠ ᠪᠥᠬᠦᠶ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ | ᠠᠵᠢᠯ ᠦᠶᠯᠡᠰ ᠤᠨ ᠨᠢᠭᠡᠴᠢ ᠪᠣᠯᠤᠨ᠎ᠠ᠃ | ( ᠨᠢᠭᠡ ) ᠭᠤᠣᠯ ᠡᠭᠦᠷᠭᠡ ᠬᠠᠷᠢᠭᠤᠴᠠᠯᠭ᠎ᠠ | 1 . ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠭᠤᠴᠢ ᠰᠤᠳᠤᠯᠤᠯ ᠤᠨ ᠪᠠᠶᠢᠴᠠᠭᠠᠯᠲᠠ | ᠬᠢᠬᠦ᠂ ᠬᠠᠶᠢᠨ ᠰᠢᠨᠵᠢᠯᠡᠬᠦ᠂ ᠠᠭᠤᠳᠠᠯᠠᠬᠤ᠂ ᠬᠠᠮᠠᠭᠠᠯᠠᠬᠤ ᠵᠢᠴᠢ ᠰᠢᠨᠵᠢᠯᠡᠬᠦ ᠤᠬᠠᠭᠠᠨ ᠤ ᠰᠤᠳᠤᠯᠤᠯ ᠬᠢᠬᠦ ᠵᠡᠷᠭᠡ | ᠠᠵᠢᠯ ᠢ ᠡᠭᠦᠷᠭᠡᠯᠡᠨ᠎ᠡ᠃ | 2 . ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠴᠤᠭᠯᠠᠭᠤᠯᠤᠨ | ᠡᠮᠬᠢᠯᠡᠬᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠳᠠᠩᠰᠠ ᠡᠪᠬᠡᠮᠡᠯ ᠪᠠᠶᠢᠭᠤᠯᠬᠤ᠂ ᠤᠬᠠᠭᠤᠯᠤᠨ ᠨᠡᠶᠢᠲᠡᠯᠡᠬᠦ ᠵᠡᠷᠭᠡ | ᠠᠵᠢᠯ ᠢ ᠡᠭᠦᠷᠭᠡᠯᠡᠨ᠎ᠡ᠃ | 3 . ᠪᠥᠬᠦ ᠣᠷᠣᠨ ᠤ ᠤᠷᠲᠤ ᠴᠠᠭᠠᠨ ᠬᠡᠷᠡᠮ ᠤᠨ ᠡᠬᠢ ᠪᠠᠶᠠᠯᠢᠭ ᠢ ᠪᠠᠶᠢᠴᠠᠭᠠᠬᠤ᠂ ᠬᠠᠮᠠᠭᠠᠯᠠᠨ ᠰᠤᠳᠤᠯᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 4 . ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ | ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠦᠷᠨᠢᠭᠦᠯᠦᠨ᠎ᠡ᠃ | 5 . ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ | ᠲᠤᠰᠢᠶᠠᠨ ᠭᠦᠢᠴᠡᠳᠬᠡᠯᠭᠡᠬᠦ ᠪᠤᠰᠤᠳ ᠡᠭᠦᠷᠭᠡ ᠶᠢ ᠪᠡᠶᠡᠯᠡᠭᠦᠯᠦᠨ᠎ᠡ᠃ | ( ᠬᠤᠶᠠᠷ ) ᠳᠣᠲᠣᠭᠠᠳᠤ ᠪᠠᠶᠢᠭᠤᠯᠤᠮᠵᠢ | ᠳᠣᠲᠣᠭᠠᠳᠤ ᠳᠤ ᠪᠠᠨ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠶᠠᠪᠤᠳᠠᠯ ᠤᠨ ᠠᠯᠪᠠᠨ ᠬᠡᠷ ( ᠠᠵᠢᠯᠲᠠᠨ ᠤ | ᠶᠠᠪᠤᠳᠠᠯ ᠤᠨ ᠰᠠᠯᠠᠭ᠎ᠠ )᠂ ᠬᠠᠭᠤᠴᠢ ᠰᠤᠳᠤᠯᠤᠯ ᠤᠨ ᠰᠤᠳᠤᠯᠬᠤ ᠲᠠᠰᠤᠭ᠂ ᠲᠡᠦᠬᠡ ᠶᠢᠨ ᠳᠤᠷᠠᠰᠬᠠᠯᠲᠤ ᠵᠦᠶᠯᠡᠰ | ᠢ ᠬᠠᠮᠠᠭᠠᠯᠠᠬᠤ ᠲᠠᠰᠤᠭ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠠᠰᠤᠭ᠂ ᠮᠠᠲ᠋ᠧᠷᠢᠶᠠᠯ ᠮᠡᠳᠡᠭᠡ ᠵᠠᠩᠭᠢ | ᠶᠢᠨ ᠲᠠᠰᠤᠭ᠂ ᠠᠮᠤᠷ ᠢ ᠬᠠᠮᠠᠭᠠᠯᠠᠬᠤ ᠰᠠᠯᠠᠭ᠎ᠠ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠬᠠᠭᠤᠴᠢ | ᠰᠤᠳᠤᠯᠤᠯ ᠤᠨ ᠰᠠᠯᠠᠭ᠎ᠠ ᠵᠡᠷᠭᠡ ᠵᠢᠩᠬᠢᠨᠢ ᠰᠠᠯᠠᠭᠠᠨ ᠲᠠᠰ ᠤᠨ ᠪᠠᠶᠢᠭᠤᠯᠤᠮᠵᠢ ᠲᠠᠢ᠃ |