ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2021/2/4
     ᠥᠪᠥᠷ ᠮᠣᠩᠭᠤᠯ ᠤᠨ ᠤᠷᠠᠯᠢᠭ ᠤᠨ ᠵᠦᠴᠦᠭᠡ ᠶᠢᠨ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠬᠤᠶᠠᠳᠤᠭᠠᠷ ᠲᠥᠷᠥᠯ ᠤᠨ ᠠᠵᠢᠯ ᠦᠶᠯᠡᠰ ᠤᠨ ᠨᠢᠭᠡᠴᠢ ᠪᠣᠯᠤᠨ᠎ᠠ᠂ ᠪᠠᠶᠢᠭᠤᠯᠤᠮᠵᠢ ᠶᠢᠨ ᠪᠠᠷᠢᠮᠵᠢᠶ᠎ᠠ ᠨᠢ ᠲᠢᠩᠬᠢᠮ  ᠤᠨ ᠲᠠᠰ ᠲᠠᠢ ᠲᠡᠩᠴᠡᠨ᠎ᠡ᠃      ︵ᠨᠢᠭᠡ︶ ᠭᠤᠣᠯ ᠡᠭᠦᠷᠭᠡ ᠬᠠᠷᠢᠭᠤᠴᠠᠯᠭ᠎ᠠ      1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃      2. ᠥᠪᠥᠷ ᠮᠣᠩᠭᠤᠯ ᠤᠨ ᠰᠣᠶᠣᠯ ᠤᠨ ᠣᠨᠴᠠᠯᠢᠭ ᠪᠦᠬᠦᠢ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠲᠤᠭᠯᠠᠵᠤ᠂ ᠳᠡᠯᠭᠡᠷᠡᠭᠦᠯᠵᠦ᠂ ᠪᠥᠵᠢᠭᠲᠦ ᠵᠦᠴᠦᠭᠡ᠂ ᠳᠠᠭᠤᠷᠢ᠂ ᠳᠠᠭᠤᠤ ᠪᠥᠵᠢᠭᠲᠦ ᠵᠦᠴᠦᠭᠡ᠂ ᠮᠣᠩᠭᠤᠯ ᠵᠦᠴᠦᠭᠡ᠂ ᠳᠠᠭᠤᠤ ᠬᠥᠭᠵᠢᠮᠲᠦ ᠵᠦᠴᠦᠭᠡ᠂ ᠬᠥᠭᠵᠢᠮ ᠤᠨ ᠬᠠᠪᠰᠤᠷᠤᠯᠭ᠎ᠠ ᠦᠭᠡᠶ ᠨᠠᠶᠢᠷᠠᠯ ᠳᠠᠭᠤᠤ᠂ ᠨᠠᠶᠢᠷᠠᠯ ᠬᠥᠭᠵᠢᠮ᠂ ᠦᠨᠳᠦᠰᠦᠲᠡᠨ ᠤ ᠬᠥᠭᠵᠢᠮ᠂ ᠦᠨᠳᠦᠰᠦᠲᠡᠨ ᠤ ᠳᠠᠭᠤᠷᠢᠯᠢᠭ᠂ ᠡᠯ ᠷᠧᠨ ᠲᠠᠢ ᠵᠦᠴᠦᠭᠡ᠂ ᠪᠡᠭᠡᠵᠢᠩ ᠰᠢ᠂ ᠼᠢᠷᠺ᠂ ᠶᠠᠷᠢᠶᠠᠲᠤ ᠵᠦᠴᠦᠭᠡ ᠵᠡᠷᠭᠡ ᠤᠷᠠᠯᠢᠭ ᠤᠨ ᠬᠡᠯᠪᠡᠷᠢ ᠶᠢ ᠴᠡᠴᠡᠭᠯᠡᠭᠦᠯᠦᠨ ᠬᠥᠭᠵᠢᠭᠦᠯᠦᠨ᠎ᠡ᠃      3.ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠪᠣᠯᠤᠨ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ  ᠤ ᠡᠭᠦᠷᠭᠡ ᠶᠢ ᠡᠭᠦᠷᠭᠡᠯᠡᠨ᠎ᠡ᠃      4.ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠤᠳᠤᠯᠭᠠᠨ᠂ ᠲᠣᠭᠯᠠᠯᠲᠠ ᠶᠢᠨ ᠡᠵᠡᠩᠨᠡᠯᠲᠡ᠂ ᠲᠢᠶᠠᠲᠷ ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠪᠥᠵᠢᠭ ᠤᠨ ᠲᠠᠶᠢᠰᠠᠨ ᠤ ᠤᠷᠠᠯᠢᠭ ᠤᠨ ᠦᠶᠯᠡᠴᠢᠯᠡᠭᠡ ᠵᠡᠷᠭᠡ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃      5.ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠪᠣᠯᠤᠨ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠶᠢ ᠬᠥᠮᠦᠵᠢᠭᠦᠯᠦᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃      6.ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠬᠤᠶᠠᠷ︶ ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠲᠤᠬᠢᠷᠠᠭᠤᠯᠤᠭᠰᠠᠨ ᠭᠠᠵᠠᠷ ᠤᠨ ᠲᠠᠰ ᠤᠨ ᠪᠠᠶᠢᠭᠤᠯᠤᠮᠵᠢ᠄ ᠠᠯᠪᠠᠨ ᠬᠡᠷ᠂ ᠨᠠᠮ ᠤᠨ ᠬᠤᠷᠢᠶ᠎ᠠ ᠶᠢᠨ ᠠᠯᠪᠠᠨ ᠬᠡᠷ᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠠᠵᠢᠯᠲᠠᠨ ᠤ ᠶᠠᠪᠤᠳᠠᠯ ᠤᠨ ᠭᠠᠵᠠᠷ᠂ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠰᠤᠳᠤᠯᠬᠤ ᠲᠠᠰᠤᠭ᠂ ᠵᠣᠬᠢᠶᠠᠨ ᠪᠦᠲᠦᠭᠡᠯᠭᠡ ᠶᠢᠨ ᠰᠤᠳᠤᠯᠭᠠᠨ ᠤ ᠲᠥᠪ᠂ ᠲᠣᠭᠯᠠᠯᠲᠠ ᠶᠢᠨ ᠬᠠᠮᠢᠶᠠᠷᠤᠯᠲᠠ ᠶᠢᠨ ᠲᠥᠪ᠂ ᠤᠬᠠᠭᠤᠯᠭ᠎ᠠ ᠰᠣᠯᠢᠯᠴᠠᠭᠠᠨ ᠤ ᠭᠠᠵᠠᠷ᠂ ᠠᠵᠤ ᠦᠶᠯᠡᠰ  ᠤᠨ ᠬᠠᠮᠢᠶᠠᠷᠤᠯᠲᠠ ᠶᠢᠨ ᠭᠠᠵᠠᠷ᠂ ᠳᠠᠭᠤᠤ ᠪᠥᠵᠢᠭ ᠤᠨ ᠪᠦᠯᠬᠦᠮ᠂ ᠮᠣᠩᠭᠤᠯ ᠵᠦᠴᠦᠭᠡ ᠶᠢᠨ ᠤᠷᠠᠯᠢᠭ ᠤᠨ ᠪᠦᠯᠬᠦᠮ᠂ ᠦᠨᠳᠦᠰᠦᠲᠡᠨ ᠤ ᠳᠠᠭᠤᠷᠢᠯᠢᠭ ᠤᠨ ᠪᠦᠯᠬᠦᠮ᠂ ᠡᠯ ᠷᠧᠨ ᠲᠠᠢ ᠤᠷᠠᠯᠢᠭ ᠤᠨ ᠪᠦᠯᠬᠦᠮ᠂ ᠼᠢᠷᠺ ᠤᠨ ᠪᠦᠯᠬᠦᠮ᠂ ᠪᠡᠭᠡᠵᠢᠩ ᠰᠢ ᠶᠢᠨ ᠪᠦᠯᠬᠦᠮ᠂ ᠦᠨᠳᠦᠰᠦᠲᠡᠨ ᠤ ᠬᠥᠭᠵᠢᠮ ᠤᠨ ᠪᠦᠯᠬᠦᠮ᠂ ᠨᠠᠶᠢᠷᠠᠯ ᠳᠠᠭᠤᠤ ᠶᠢᠨ ᠪᠦᠯᠬᠦᠮ᠂ ᠨᠠᠶᠢᠷᠠᠯ ᠬᠥᠭᠵᠢᠮ ᠤᠨ ᠪᠦᠯᠬᠦᠮ᠂ ᠶᠠᠷᠢᠶᠠᠲᠤ ᠵᠦᠴᠦᠭᠡ ᠶᠢᠨ ᠪᠦᠯᠬᠦᠮ᠂ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠤᠨ ᠭᠠᠵᠠᠷ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号