ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2021/2/8
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠬᠡᠷᠡᠭᠵᠢᠭᠦᠯᠬᠦ ︽ᠠᠰᠠᠭᠤᠯᠲᠠ ᠳᠤ ᠬᠠᠷᠢᠭᠤᠯᠲᠠ ᠥᠭᠬᠦ︾ ᠵᠦᠪᠳᠡᠨ ᠯᠠᠪᠯᠠᠬᠤ ᠲᠠᠪᠴᠠᠩ ᠢ ᠨᠡᠪᠲᠡᠷᠡᠭᠦᠯᠦᠭᠰᠡᠨ ᠤ ᠳᠠᠷᠠᠭ᠎ᠠ᠂ ᠣᠯᠠᠨ ᠲᠦᠮᠡᠨ ᠳᠡᠭᠡᠳᠦ ᠬᠡᠮᠵᠢᠶ᠎ᠡ ᠪᠠᠷ ᠮᠡᠳᠡᠷᠡᠵᠦ᠂ ᠵᠠᠯᠭᠠᠭ᠎ᠠ ᠪᠠᠷ ᠲᠠᠪᠴᠠᠩ ᠳᠤ ᠭᠠᠷᠴᠤ ᠮᠠᠭᠲᠠᠨ ᠰᠠᠶᠢᠰᠢᠶᠠᠵᠤ᠂ ᠪᠠᠰᠠ ᠣᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠠᠰᠠᠭᠤᠳᠠᠯ ᠢ ᠳᠤᠷᠠᠳᠤᠭᠰᠠᠨ ᠢ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠬᠤ ᠪᠠᠷ ᠳᠡᠮᠵᠢᠨ ᠣᠲᠣ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠭᠡᠬᠦ ᠲᠤᠰᠬᠠᠶ ᠪᠤᠯᠤᠩ ᠢ ᠭᠠᠷᠭᠠᠵᠤ᠂ ᠣᠯᠠᠨ ᠨᠡᠶᠢᠲᠡ ᠳᠤ ᠬᠠᠨᠳᠤᠭᠤᠯᠤᠨ ᠮᠠᠳᠠᠭᠲᠠᠢ ᠠᠰᠠᠭᠤᠳᠠᠯ ᠢ ᠳᠡᠶᠢᠯᠵᠦ ᠥᠭᠬᠦ ᠪᠠᠷ ᠪᠠᠶᠢᠨ᠎ᠠ᠃      1. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠬᠠᠤᠯᠢ ᠴᠠᠭᠠᠵᠠ ᠶᠢᠨ ᠲᠣᠭᠲᠠᠭᠠᠯ ᠶᠠᠭᠤ ᠶᠠᠭᠤ ᠪᠠᠶᠢᠬᠤ ᠪᠤᠢ︖      ◆ ︽ᠪᠥᠭᠦᠳᠡ ᠨᠠᠶᠢᠷᠠᠮᠳᠠᠬᠤ ᠳᠤᠮᠳᠠᠳᠤ ᠤᠯᠤᠰ ᠤᠨ ᠦᠨᠳᠦᠰᠦᠨ ᠬᠠᠤᠯᠢ︾ ︵2018 ᠣᠨ ᠳᠤ ᠵᠠᠰᠠᠪᠤᠷᠢ ᠣᠷᠣᠭᠤᠯᠤᠭᠰᠠᠨ︶ ᠶᠢᠨ ᠠᠷᠪᠠ ᠶᠢᠰᠦᠳᠦᠭᠡᠷ ᠵᠦᠢᠯ ᠳᠤ᠄ ︽ᠤᠯᠤᠰ ᠠᠴᠠ ᠪᠦᠬᠦ ᠤᠯᠤᠰ ᠲᠤ ᠨᠡᠶᠢᠳᠡᠮ ᠬᠡᠷᠡᠭᠯᠡᠵᠦ ᠪᠠᠶᠢᠭ᠎ᠠ ᠨᠡᠶᠢᠲᠡᠯᠢᠭ ᠬᠡᠯᠡ ᠶᠢ ᠲᠥᠭᠡᠮᠡᠯᠵᠢᠭᠦᠯᠦᠨ᠎ᠡ︾ ᠭᠡᠵᠦ ᠳᠣᠭᠲᠠᠭᠠᠪᠠ᠃      ◆ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︵2001 ᠣᠨ ᠠᠴᠠ ᠬᠡᠷᠡᠭᠵᠢᠭᠦᠯᠦᠭᠰᠡᠨ︶ ᠶᠢᠨ ᠭᠤᠷᠪᠠᠳᠤᠭᠠᠷ ᠵᠦᠢᠯ ᠳᠤ ᠄ ︽ᠤᠯᠤᠰ ᠠᠴᠠ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠦᠯᠦᠭᠰᠡᠨ ᠬᠢᠲᠠᠳ ᠦᠰᠦᠭ ᠢ ᠬᠡᠷᠡᠭᠵᠢᠭᠦᠯᠦᠨ᠎ᠡ︾᠂ ᠳᠥᠷᠪᠡᠳᠦᠭᠡᠷ ᠵᠦᠢᠯ ᠳᠤ᠄ ︽ᠤᠯᠤᠰ ᠠᠴᠠ ᠠᠷᠠᠳ ᠢᠷᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ ᠢ ᠰᠤᠷᠬᠤ ᠪᠠ ᠬᠡᠷᠡᠭᠯᠡᠬᠦ ᠳᠤ ᠨᠥᠬᠦᠴᠡᠯ ᠬᠠᠩᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠦᠯᠦᠭᠰᠡᠨ ᠬᠢᠲᠠᠳ ᠦᠰᠦᠭ ᠢ ᠬᠡᠷᠡᠭᠵᠢᠭᠦᠯᠬᠦ ᠬᠡᠷᠡᠭᠲᠡᠢ︾᠂ ᠠᠷᠪᠠᠳᠤᠭᠠᠷ ᠵᠦᠢᠯ ᠳᠤ᠄ ︽ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠨᠡᠶᠢᠲᠡᠯᠢᠭ ᠬᠡᠯᠡ ᠪᠠ ᠳᠦᠷᠢᠮᠵᠢᠭᠦᠯᠦᠭᠰᠡᠨ ᠬᠢᠲᠠᠳ ᠦᠰᠦᠭ ᠢᠶᠠᠷ ᠵᠢᠭᠠᠨ ᠰᠤᠷᠭᠠᠯᠲᠠ ᠶᠢᠨ ᠢᠶᠠᠨ ᠦᠨᠳᠦᠰᠦᠨ ᠦᠭᠡ ᠬᠡᠯᠡ ᠦᠰᠦᠭ ᠪᠢᠴᠢᠭ ᠪᠣᠯᠭᠠᠨ᠎ᠠ︾ ᠭᠡᠵᠦ ᠳᠣᠭᠲᠠᠭᠠᠪᠠ᠃      ◆ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ︵2015 ᠣᠨ ᠳᠤ ᠵᠠᠰᠠᠪᠤᠷᠢ ᠣᠷᠣᠭᠤᠯᠤᠭᠰᠠᠨ︶ ᠶᠢᠨ ᠠᠷᠪᠠᠨ ᠬᠤᠶᠠᠳᠤᠭᠠᠷ ᠵᠦᠢᠯ ᠳᠤ᠄ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠤᠨ ᠦᠨᠳᠦᠰᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠭᠡ ᠬᠡᠯᠡ ᠦᠰᠦᠭ ᠪᠢᠴᠢᠭ ᠮᠥᠨ᠂ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠬᠢᠬᠦ ᠬᠡᠷᠡᠭᠲᠡᠢ︾ ᠭᠡᠵᠦ ᠳᠣᠭᠲᠠᠭᠠᠪᠠ᠃      2. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠳᠤ ᠭᠤᠣᠯᠳᠠᠭᠤ ᠶᠠᠭᠤ ᠶᠠᠭᠤ ᠪᠠᠶᠢᠬᠤ ᠪᠤᠢ︖      ◆ ︽ᠤᠯᠤᠰ ᠤᠨ ᠳᠤᠮᠳᠠ ᠪᠠ ᠤᠷᠳᠤ ᠬᠤᠭᠤᠴᠠᠭᠠᠨ ᠤ ᠦᠭᠡ ᠬᠡᠯᠡ ᠦᠰᠦᠭ ᠪᠢᠴᠢᠭ ᠤᠨ ᠦᠢᠯᠡᠰ ᠤᠨ ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠲᠥᠯᠦᠪᠵᠢᠭᠦᠯᠭᠡᠨ ᠤ ᠬᠥᠲᠥᠯᠪᠦᠷᠢ ︵2012 — 2020︶︾ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠥᠭᠡᠮᠡᠯᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ 2020 ᠣᠨ ᠪᠣᠯᠬᠤ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠨᠡᠶᠢᠭᠡᠮ ᠳᠤ ᠦᠨᠳᠦᠰᠦᠨ ᠳᠤ ᠪᠠᠨ ᠲᠦᠭᠡᠮᠡᠯᠵᠢᠭᠦᠯᠵᠦ᠂ ᠪᠦᠬᠦ ᠤᠯᠤᠰ ᠤᠨ ᠬᠡᠪᠴᠢᠶᠡᠨ ᠳᠠᠬᠢ ᠬᠡᠯᠡᠨ ᠤ ᠬᠠᠷᠢᠯᠴᠠᠭᠠᠨ ᠤ ᠬᠠᠷᠰᠢ ᠰᠠᠭᠠᠳ ᠢ ᠦᠨᠳᠦᠰᠦᠨ ᠳᠤ ᠪᠠᠨ ᠠᠷᠢᠯᠭᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠬᠤᠣᠰ ᠬᠡᠯᠡᠨ ᠤ ᠪᠠᠭᠰᠢ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ◆ 2014 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠶᠢᠳᠠᠯ ᠳᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠯᠪᠤᠭᠳᠠᠬᠤ ᠪᠢᠴᠢᠭ ᠮᠠᠲ᠋ᠧᠷᠢᠶᠠᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠴᠢᠶᠡᠯ ᠢ ᠪᠦᠬᠦ ᠲᠠᠯ᠎ᠠ ᠪᠠᠷ ᠨᠡᠭᠡᠭᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠤ ᠪᠠᠨ ᠡᠵᠡᠮᠰᠢᠬᠦ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ  ᠃      ◆ 2015 ᠣᠨ ᠤ ︽ᠦᠨᠳᠦᠰᠦᠲᠡᠨ ᠤ ᠰᠤᠷᠭᠠᠨ ᠬᠥᠮᠦᠵᠢᠯ ᠢ ᠥᠳᠲᠡᠷ ᠲᠦᠷᠭᠡᠨ ᠬᠥᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠳᠤ ᠬᠠᠤᠯᠢ ᠴᠠᠭᠠᠵᠠ ᠶᠢ ᠦᠨᠳᠦᠰᠦᠯᠡᠵᠦ᠂ ᠵᠢᠮ᠎ᠡ ᠶᠣᠰᠣ ᠶᠢ ᠵᠢᠷᠤᠮᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠨ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ◆ 2020 ᠣᠨ ᠤ 10 ᠰᠠᠷ᠎ᠠ ᠳᠤ ᠬᠤᠷᠠᠯᠳᠤᠭᠤᠯᠤᠭᠰᠠᠨ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠤᠨ ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠰᠤᠷᠤᠯᠴᠠᠯᠭ᠎ᠠ ᠪᠠ ᠰᠣᠯᠢᠯᠴᠠᠭᠠᠨ ᠤ ᠰᠠᠭᠤᠷᠢ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠭ ᠳᠡᠮᠳᠡᠭ ᠲᠣᠳᠣᠷᠬᠠᠢ ᠪᠠᠷ ᠪᠠᠬᠢᠵᠢᠭᠦᠯᠦᠨ ᠴᠢᠩᠭᠠᠳᠬᠠᠵᠤ᠂ ᠰᠤᠷᠭᠠᠭᠤᠯᠢ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠰᠠᠭᠤᠷᠢ ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠬᠤ ᠪᠢᠴᠢᠭ ᠮᠠᠲ᠋ᠧᠷᠢᠶᠠᠯ ᠳᠤ ᠴᠥᠭᠡᠨ ᠲᠣᠭᠠᠲᠤ ᠦᠨᠳᠦᠰᠦᠲᠡᠨ ᠤ ᠡᠯ᠎ᠡ ᠰᠤᠷᠤᠯᠭ᠎ᠠ ᠶᠢᠨ ᠱᠠᠲᠤᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠵᠦ ᠬᠡᠷᠡᠭᠯᠡᠬᠦ ᠲᠤᠬᠠᠢ ᠲᠣᠳᠣᠷᠬᠠᠢ ᠱᠠᠭᠠᠷᠳᠠᠯᠭ᠎ᠠ ᠶᠢ ᠳᠤᠷᠠᠳᠪᠠ᠃      ◆ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠬᠡᠲᠦ ᠶᠢᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠳᠤ ︽ᠦᠨᠳᠦᠰᠦᠲᠡᠨ ᠤ ᠣᠷᠣᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠶ︾ ᠭᠡᠵᠦ ᠲᠣᠳᠤᠷᠬᠠᠢ ᠱᠠᠭᠠᠷᠳᠠᠪᠠ᠃      3. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠬᠡᠷᠬᠢᠨ ᠣᠶᠢᠯᠠᠭᠠᠬᠤ ᠪᠤᠢ︖      ◆ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠦᠬᠦ ᠳᠤᠮᠳᠠᠳᠤ ᠤᠯᠤᠰ ᠤᠨ ᠪᠦᠬᠦ ᠨᠡᠶᠢᠭᠡᠮ ᠤᠨ ᠬᠠᠮᠲᠤ ᠶᠢᠨ ᠦᠭᠡ ᠬᠡᠯᠡ ᠦᠰᠦᠭ ᠪᠢᠴᠢᠭ ᠮᠥᠨ᠂ 56 ᠦᠨᠳᠦᠰᠦᠲᠡᠨ ᠤ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠭᠠᠨ ᠤ ᠬᠠᠮᠲᠤ ᠶᠢᠨ ᠬᠤᠯᠪᠣᠭᠠᠰᠤ ᠮᠥᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠶᠢᠨ ᠤᠯᠠᠮᠵᠢᠯᠠᠯ ᠪᠠ ᠬᠥᠭᠵᠢᠯᠲᠡ ᠶᠢᠨ ᠡᠷᠬᠢᠮ ᠨᠠᠨᠳᠢᠨ ᠥᠪ ᠬᠦᠷᠦᠩᠭᠡ ᠮᠥᠨ᠃      ◆ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠪᠣᠯ ᠮᠠᠨ ᠤ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠲᠣᠭᠲᠠᠭᠠᠭᠰᠠᠨ ᠦᠨᠳᠦᠰᠦᠲᠡᠨ ᠨᠦᠭᠦᠳ ᠤᠨ ᠬᠠᠮᠲᠤ ᠶᠢᠨ ᠬᠠᠷᠢᠭᠤᠴᠠᠯᠭ᠎ᠠ ᠪᠠᠶᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠡᠩ ᠲᠡᠷᠢᠭᠦᠨ ᠳᠤ ᠰᠠᠶᠢᠲᠤᠷ ᠰᠤᠷᠴᠤ᠂ ᠰᠠᠶᠢᠲᠤᠷ ᠬᠡᠷᠡᠭᠯᠡᠬᠦ ᠬᠡᠷᠡᠭᠲᠡᠢ᠃      ◆ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠢ ᠪᠣᠯᠭᠠᠬᠤ᠂ ᠰᠣᠶᠣᠯ ᠤᠨ ᠬᠦᠯᠢᠶᠡᠨ ᠵᠦᠪᠰᠢᠶᠡᠷᠡᠬᠦᠢ ᠪᠠ ᠤᠯᠤᠰ ᠤᠨ ᠬᠦᠯᠢᠶᠡᠨ ᠵᠦᠪᠰᠢᠶᠡᠷᠡᠬᠦᠢ ᠶᠢ ᠨᠡᠮᠡᠭᠳᠡᠭᠦᠯᠬᠦ᠂ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠭ᠎ᠠ ᠶᠢ ᠠᠬᠢᠭᠤᠯᠬᠤ ᠳᠤ ᠠᠰᠢᠭᠲᠠᠢ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ︔ ᠡᠬᠡ ᠣᠷᠣᠨᠴᠢ ᠦᠵᠡᠯ ᠢᠶᠠᠷ ᠭᠤᠣᠯᠯᠠᠭᠤᠯᠤᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠰᠢᠭᠲᠠᠢ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠲᠥᠪ ᠭᠤᠣᠯᠴᠢ᠂ ᠨᠡᠩ ᠴᠢᠨᠠᠷᠯᠢᠭ ᠰᠤᠷᠭᠠᠨ ᠬᠥᠮᠦᠵᠢᠯ ᠭᠦᠷᠲᠡᠵᠦ᠂ ᠦᠨᠳᠦᠰᠦᠲᠡᠨ  ᠨᠦᠭᠦᠳ ᠤᠨ ᠰᠤᠷᠤᠭᠴᠢᠳ ᠪᠦᠬᠦ ᠤᠯᠤᠰ ᠲᠤ ᠬᠠᠨᠳᠤᠵᠤ᠂ ᠠᠵᠢᠯ ᠤᠯᠬᠤ ᠶᠢ ᠭᠦᠢᠴᠡᠳ ᠠᠬᠢᠭᠤᠯᠵᠤ᠂ ᠦᠨᠳᠦᠰᠦᠲᠡᠨ ᠨᠦᠭᠦᠳ ᠤᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠳᠤ ᠠᠰᠢᠭᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号