ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠠᠮᠵᠢᠯᠠᠯᠲᠤ ᠰᠣᠶᠣᠯ ᠤᠨ | ᠦᠯᠢᠭᠡᠷ ᠢ ᠰᠠᠶᠢᠲᠤᠷ ᠶᠠᠷᠢᠵᠤ᠂ ᠪᠦᠬᠦ ᠠᠷᠠᠳ ᠢᠶᠠᠷ ᠢᠶᠠᠨ ᠨᠤᠮ ᠤᠩᠰᠢᠬᠤ ᠠᠵᠢᠯᠯᠠᠭ᠎ᠠ ᠥᠷᠨᠢᠭᠦᠯᠬᠦ ᠶᠢ | ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 5 ᠤ ᠡᠳᠦᠷ᠂ ᠤᠯᠠᠭᠠᠨᠴᠠᠪ ᠬᠤᠲᠠ ᠶᠢᠨ ᠨᠣᠮ ᠤᠨ ᠰᠠᠩ | ᠼᠠᠢ ᠬᠤᠩ ᠲᠠᠩ ᠬᠡᠦᠬᠡᠳ ᠤᠨ ᠴᠡᠴᠡᠷᠯᠢᠭ ᠲᠤ ᠬᠦᠷᠴᠦ᠂ 《 ᠯᠧᠢ ᠹᠧᠩ ᠤᠨ ᠵᠣᠷᠢᠭ ᠰᠠᠨᠠᠭ᠎ᠠ ᠶᠢ | ᠰᠤᠷᠤᠯᠴᠠᠵᠤ᠂ ᠤᠯᠠᠮᠵᠢᠯᠠᠯᠲᠤ ᠰᠣᠶᠣᠯ ᠢᠶᠠᠨ ᠶᠠᠷᠢᠬᠤ — ᠬᠤᠲᠠ ᠶᠢᠨ ᠨᠣᠮ ᠤᠨ ᠰᠠᠩ ᠤᠨ ᠪᠥᠬᠦ ᠠᠷᠠᠳ | ᠢᠶᠠᠷ ᠢᠶᠠᠨ ᠨᠣᠮ ᠣᠩᠰᠢᠬᠤ ᠶᠢ ᠳᠡᠯᠭᠡᠷᠡᠭᠦᠯᠬᠦ ᠠᠵᠢᠯᠯᠠᠭ᠎ᠠ 》 ᠥᠷᠨᠢᠭᠦᠯᠪᠡ᠃ | ᠠᠵᠢᠯᠯᠠᠭᠠᠨ ᠤ ᠳᠤᠮᠳᠠ᠂ ᠨᠣᠮ ᠤᠨ ᠰᠠᠩ ᠤᠨ ᠰᠠᠶᠢᠨ ᠳᠤᠷᠠᠴᠤᠳ ᠼᠠᠢ ᠬᠤᠩ ᠲᠠᠩ ᠬᠡᠦᠬᠡᠳ ᠤᠨ ᠴᠡᠴᠡᠷᠯᠢᠭ | ᠤᠨ ᠳᠤᠮᠳᠠ ᠠᠩᠭᠢ ᠪᠠ ᠶᠡᠭᠡ ᠠᠩᠭᠢ ᠶᠢᠨ ᠪᠢᠴᠢᠬᠠᠨ ᠨᠠᠶᠢᠵᠠ ᠨᠠᠷ ᠲᠤ ᠯᠸᠢ ᠹᠧᠩ ᠤᠨ ᠥᠯᠢᠭᠡᠷ ᠪᠠ 《 | ᠢᠴᠡᠭᠰᠡᠳ ᠬᠦᠳᠡᠯᠬᠦ 》 ᠲᠤᠬᠠᠶ ᠤᠯᠠᠮᠵᠢᠯᠠᠯᠲᠤ ᠰᠣᠶᠣᠯ ᠢ ᠶᠠᠷᠢᠵᠤ ᠥᠭᠪᠡ᠃ ᠰᠠᠶᠢᠨ ᠳᠤᠷᠠᠴᠤᠳ ᠯᠸᠢ ᠹᠧᠩ | ᠤᠨ ᠬᠤᠶᠠᠷ ᠵᠢᠵᠢᠭ ᠦᠯᠢᠭᠡᠷ ᠢᠶᠠᠷ ᠳᠠᠮᠵᠢᠭᠤᠯᠤᠨ᠂ ᠪᠢᠴᠢᠬᠠᠨ ᠨᠠᠶᠢᠵᠠ ᠨᠠᠷ ᠢ ᠬᠠᠷᠠᠬᠠᠨ ᠪᠠᠭ᠎ᠠ ᠠᠴᠠ ᠪᠠᠨ 《 | ᠨᠥᠬᠦᠷᠰᠡᠭ ᠬᠠᠶᠢᠷ᠎ᠠ 》 ᠶᠢᠨ ᠦᠵᠡᠯ ᠰᠠᠨᠠᠭ᠎ᠠ ᠶᠢ ᠪᠤᠶ ᠪᠣᠯᠭᠠᠵᠤ᠂ ᠯᠸᠢ ᠹᠧᠩ ᠤᠨ ᠪᠤᠰᠤᠳ ᠢ ᠬᠠᠪᠰᠤᠷᠬᠤ | ᠳᠤᠷᠠᠲᠠᠶ ᠣᠶᠤᠨ ᠰᠠᠨᠠᠭᠠᠨ ᠤ ᠵᠠᠩ ᠴᠢᠨᠠᠷ ᠢ ᠰᠤᠷᠤᠯᠴᠠᠬᠤ ᠬᠡᠷᠡᠭᠲᠡᠶ ᠭᠡᠵᠦ ᠰᠤᠷᠭᠠᠵᠠᠢ᠃ | | | | | | ᠲᠣᠰ ᠤᠳᠠᠭᠠᠨ ᠤ ᠠᠵᠢᠯᠯᠠᠭ᠎ᠠ ᠨᠢ ᠼᠠᠢ ᠬᠤᠩ ᠲᠠᠩ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ | ᠨᠠᠷ ᠤᠨ ᠯᠸᠢ ᠹᠧᠩ ᠤᠨ ᠦᠶᠯᠡ ᠶᠠᠪᠤᠳᠠᠯ ᠢ ᠣᠶᠢᠯᠠᠭᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ | ᠪᠠᠳᠠᠷᠠᠭᠤᠯᠬᠤ ᠳᠤ ᠠᠰᠢᠭ ᠲᠠᠢ᠂《 ᠢᠴᠡᠭᠰᠡᠳ ᠬᠦᠳᠡᠯᠬᠦ 》 ᠵᠡᠷᠭᠡ ᠤᠯᠠᠮᠵᠢᠯᠠᠯᠲᠤ ᠰᠣᠶᠣᠯ ᠤᠨ ᠲᠤᠬᠠᠢ | ᠰᠤᠷᠤᠯᠴᠠᠯᠭ᠎ᠠ ᠨᠢ ᠲᠡᠳᠡᠨ ᠤ ᠰᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠪᠦᠬᠦ ᠠᠷᠠᠳ ᠢᠶᠠᠷ ᠢᠶᠠᠨ ᠨᠤᠮ | ᠤᠩᠰᠢᠬᠤ ᠠᠵᠢᠯᠯᠠᠭ᠎ᠠ ᠶᠢ ᠠᠬᠢᠭᠤᠯᠵᠠᠢ᠃ | | |