ᠥᠪᠥᠷ ᠮᠣᠩᠭᠤᠯ ᠴᠠᠭᠠᠰᠤᠨ ᠬᠠᠶᠢᠴᠢᠯᠠᠮᠠᠯ ᠤᠨ ᠰᠣᠳᠣᠨ ᠪᠦᠲᠦᠭᠡᠯ ᠤᠨ ᠰᠦᠯᠵᠢᠶᠡᠨ ᠳᠡᠭᠡᠷᠡᠬᠢ ᠦᠵᠡᠭᠦᠯᠦᠯᠭᠡ ᠡᠷᠭᠢᠯᠡᠪᠡ
ᠨᠡᠶᠢᠲᠡᠯᠡᠭᠰᠡᠨ ᠴᠠᠭ᠄
2021/3/5
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ᠂ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠲᠦ ᠡᠳᠦᠷ ᠤᠨ ᠬᠤᠭᠤᠴᠠᠭᠠᠨ ᠳᠤ ᠳᠥᠷᠪᠡᠨ ᠬᠤᠭᠤᠴᠠᠭ᠎ᠠ ᠲᠠᠢ  ᠪᠠᠷ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠰᠣᠳᠣᠨ ᠪᠦᠲᠦᠭᠡᠯ ᠤᠨ  ᠰᠦᠯᠵᠢᠶᠡᠨ ᠳᠡᠭᠡᠷᠡᠬᠢ ᠦᠵᠡᠭᠦᠯᠦᠯᠭᠡ ᠬᠢᠪᠡ᠃ ᠯᠢᠦ ᠵᠢᠩ ᠯᠠᠨ᠂ ᠶᠣᠤ ᠬᠤᠩ ᠰᠢᠶᠠ᠂ ᠳ᠋ᠤᠸᠠᠨ ᠵᠢᠶᠠᠨ ᠵᠢᠶᠦ᠋ᠨ᠂ ᠷᠦᠩ ᠹᠧᠩ ᠮᠢᠨ ᠵᠡᠷᠭᠡ 50 ᠭᠠᠷᠤᠶ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠤ  120 ᠭᠠᠷᠤᠶ ᠪᠦᠲᠦᠭᠡᠯ ( ᠢᠵᠢ ) ᠢ ᠳᠡᠯᠭᠡᠨ ᠦᠵᠡᠭᠦᠯᠵᠡᠢ᠃      ᠳᠤᠮᠳᠠᠳᠤ ᠤᠯᠤᠰ ᠤᠨ ᠴᠠᠭᠠᠰᠤᠨ ᠬᠠᠶᠢᠴᠢᠯᠠᠮᠠᠯ 2009 ᠣᠨ ᠳᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠦᠨ ᠲᠥᠷᠥᠯᠬᠢᠲᠡᠨ ᠤ ᠠᠮᠠᠨ ᠶᠠᠷᠢᠶ᠎ᠠ ᠪᠠ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠤᠭᠰᠠᠨ ᠶᠤᠮ᠃ ᠲᠡᠦᠬᠡᠨ ᠳᠤ ᠬᠢ ᠤᠯᠠᠨ ᠦᠨᠳᠦᠰᠦᠲᠡᠨ ᠤ ᠠᠭᠤᠰᠤᠯᠴᠠᠯ᠂ ᠢᠯᠠᠩᠭᠤᠶ᠎ᠠ ᠮᠢᠩ᠂ ᠴᠢᠩ ᠤᠯᠤᠰ ᠠᠴᠠ ᠨᠠᠭᠠᠰᠢ ᠪᠠᠷᠠᠭᠤᠨ ᠬᠠᠭᠠᠯᠭ᠎ᠠ ᠪᠠᠷ ᠶᠠᠪᠤᠵᠤ᠂ ᠵᠡᠭᠦᠨ ᠬᠤᠶᠢᠲᠤ ᠣᠷᠣᠨ  ᠢᠶᠠᠷ ᠨᠡᠭᠦᠳᠡᠯᠯᠡᠭᠰᠡᠨ ᠠᠴᠠ ᠪᠣᠯᠤᠭᠰᠠᠨ ᠬᠥᠮᠦᠨ ᠠᠮᠠ ᠶᠢᠨ ᠶᠡᠭᠡ ᠨᠡᠭᠦᠳᠡᠯ ᠪᠠ ᠰᠣᠶᠣᠯ ᠤᠨ ᠮᠥᠷᠭᠦᠯᠳᠦᠭᠡᠨ᠂ ᠨᠡᠭᠦᠳᠡᠯ ᠮᠠᠯᠵᠢᠯ ᠤᠨ ᠰᠣᠶᠣᠯ ᠬᠢᠭᠡᠳ ᠲᠠᠷᠢᠶᠠᠯᠠᠬᠤ ᠰᠣᠶᠣᠯ ᠲᠤᠰ ᠲᠤᠰ ᠲᠤ ᠪᠠᠨ ᠤᠯᠠᠮᠵᠢᠯᠠᠭᠳᠠᠨ ᠳᠡᠯᠭᠡᠷᠡᠭᠰᠡᠨ ᠪᠦᠭᠡᠳ ᠬᠠᠷᠢᠯᠴᠠᠨ ᠠᠭᠤᠰᠤᠯᠴᠠᠭᠰᠠᠨ ᠢᠶᠠᠷ ᠮᠣᠩᠭᠤᠯ ᠬᠢᠲᠠᠳ ᠠᠷᠠᠳ ᠤᠨ ᠵᠠᠩ ᠦᠢᠯᠡ ᠶᠢᠨ ᠴᠠᠭᠠᠰᠤᠨ ᠬᠠᠶᠢᠴᠢᠯᠠᠮᠠᠯ ᠤᠨ ᠰᠦᠷᠯᠢᠭ ᠭᠤᠶᠢᠲᠠ ᠵᠢᠷᠤᠭ ᠵᠢᠷᠤᠭᠯᠠᠭᠳᠠᠪᠠ᠃ ᠮᠠᠨ ᠤ ᠤᠯᠤᠰ ᠤᠨ ᠴᠠᠭᠠᠰᠤᠨ ᠬᠠᠶᠢᠴᠢᠯᠠᠮᠠᠯ  ᠤᠨ ᠴᠢᠬᠤᠯᠠ ᠭᠠᠷᠤᠯᠲᠠ ᠶᠢᠨ ᠣᠷᠣᠨ ᠪᠣᠯᠬᠤ ᠬᠤᠷᠢᠨᠭᠡᠷ ᠴᠠᠭᠠᠰᠤᠨ ᠬᠠᠶᠢᠴᠢᠯᠠᠮᠠᠯ᠂ ᠪᠤᠭᠤᠲᠤ ᠶᠢᠨ ᠴᠠᠭᠠᠰᠤᠨ ᠬᠠᠶᠢᠴᠢᠯᠠᠮᠠᠯ ᠨᠢ ᠭᠦᠨ ᠵᠤᠵᠠᠭᠠᠨ ᠪᠥᠭᠡᠳ ᠥᠪᠡᠷᠮᠢᠴᠡ ᠣᠨᠴᠠᠯᠢᠭ ᠲᠠᠢ ᠴᠠᠭᠠᠰᠤᠨ ᠬᠠᠶᠢᠴᠢᠯᠠᠮᠠᠯ ᠤᠨ ᠰᠣᠶᠣᠯ ᠤᠨ ᠦᠯᠡᠳᠡᠭᠳᠡᠯ ᠲᠠᠢ᠂ ᠤᠷᠢᠳ ᠬᠤᠵᠢᠳ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠤᠯᠤᠰ ᠤᠨ ᠲᠠᠰ ᠤᠨ ᠪᠣᠳᠠᠰ  ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠶᠢᠨ ᠨᠡᠷᠡᠰ ᠤᠨ ᠵᠢᠭᠰᠠᠭᠠᠯᠲᠠ ᠳᠤ ᠣᠷᠤᠵᠤ ᠨᠡᠶᠢᠲᠡᠯᠡᠭᠳᠡᠪᠡ᠃      ᠣᠷᠴᠢᠮ ᠤᠨ ᠵᠢᠯ ᠤᠳ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢᠳ ᠪᠠ ᠤᠷᠠᠯᠢᠭᠴᠢᠳ ᠡᠷᠲᠡᠨ ᠤ ᠠᠷᠠᠳ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠯᠲᠤ ᠤᠷ᠎ᠠ ᠮᠡᠷᠭᠡᠰᠢᠯ ᠢ ᠢᠳᠡᠪᠬᠢᠲᠡᠶ ᠤᠯᠠᠮᠵᠢᠯᠠᠨ ᠠᠪᠴᠤ᠂ ᠴᠠᠭᠠᠰᠤᠨ ᠬᠠᠶᠢᠴᠢᠯᠠᠮᠠᠯ ᠤᠨ ᠰᠢᠨ᠎ᠡ ᠴᠠᠭ ᠦᠶ᠎ᠡ ᠳᠤ ᠬᠢ ᠰᠢᠨ᠎ᠡ ᠡᠭᠦᠳᠦᠯᠲᠡ ᠬᠢᠭᠡᠳ ᠬᠥᠭᠵᠢᠯᠲᠡ ᠶᠢ ᠴᠢᠷᠮᠠᠶᠢᠵᠤ ᠰᠦᠪᠡᠭᠴᠢᠯᠡᠨ᠂ ᠴᠠᠭᠠᠰᠤᠨ ᠬᠠᠶᠢᠴᠢᠯᠠᠮᠠᠯ ᠬᠢᠭᠡᠳ ᠤᠯᠠᠮᠵᠢᠯᠠᠯ ᠳᠤ ᠬᠥᠮᠦᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠭᠤᠪᠠ᠃ ᠠᠮᠤᠷᠪᠠᠲᠤ᠂ ᠶᠠᠨ ᠯᠢᠶᠠᠩ᠂ ᠳ᠋ᠤᠸᠠᠡ ᠵᠢᠶᠠᠨ ᠵᠢᠶᠦ᠋ᠨ᠂ ᠵᠠᠩ ᠬᠤᠸᠠ ᠨᠢᠤᠢ᠂ ᠯᠢᠦ ᠵᠢᠩ ᠯᠠᠨ᠂ ᠺᠠᠩ ᡁᠢ ᠡᠯ᠂ ᠷᠦᠩ ᠹᠧᠩ ᠮᠢᠨ᠂ ᠸᠠᠩ ᠬᠤᠩ ᠴᠤᠸᠠᠡ᠂ ᠸᠠᠩ ᠷᠦᠢ ᠯᠠᠨ᠂ ᠶᠣᠤ ᠬᠤᠩ ᠰᠢᠶᠠ᠂ ᠰᠠᠷᠠᠨ᠂ ᠰᠦ᠋ ᠮᠧᠶ᠂ ᠵᠣᠤ ᠹᠦ᠋᠂ ᠮᠠ ᠱᠤ᠋ ᠵᠧᠨ᠂ ᠪᠣᠤ ᠱᠤ᠋ ᠭᠤᠸᠠᠩ᠂ ᠭᠤᠤ ᠹᠧᠨ ᠮᠧᠶ᠂ ᠶᠠᠩ ᠶᠤᠸᠠᠢ ᠶᠢᠩ ᠵᠡᠷᠭᠡ ᠴᠠᠭᠠᠰᠤᠨ ᠬᠠᠶᠢᠴᠢᠯᠠᠮᠠᠯ ᠤᠨ ᠤᠷᠠᠯᠢᠭᠴᠢᠨ ᠪᠠ ᠲᠡᠳᠡᠨ ᠤ ᠪᠦᠲᠦᠭᠡᠯ ᠪᠣᠯ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠢᠵᠠᠭᠤᠷ ᠤᠷᠠᠯᠢᠭ ᠬᠢᠭᠡᠳ ᠠᠷᠠᠳ  ᠤᠨ ᠤᠷᠠᠨ ᠵᠢᠷᠤᠭ ᠤᠳ ᠠᠴᠠ ᠣᠬᠢ ᠰᠣᠳᠣ ᠶᠢ ᠨᠢ ᠰᠢᠩᠭᠡᠭᠡᠨ᠂ ᠪᠦᠲᠦᠭᠡᠯᠴᠢ ᠰᠡᠳᠬᠢᠭᠦᠢ ᠶᠢ ᠨᠢ ᠬᠦᠷᠲᠡᠵᠦ᠂ ᠢᠯᠡ ᠲᠣᠳᠣ ᠴᠠᠭ ᠦᠶ᠎ᠡ ᠶᠢᠨ ᠣᠨᠴᠠᠯᠢᠭ ᠪᠣᠯᠤᠨ ᠥᠳᠬᠡᠨ ᠵᠤᠵᠠᠭᠠᠨ ᠭᠠᠵᠠᠷ ᠣᠷᠣᠨ ᠤ ᠰᠣᠶᠣᠯ ᠤᠨ ᠬᠡᠪ ᠨᠠᠮᠪᠠ ᠲᠠᠢ ᠴᠠᠭᠠᠰᠤᠨ ᠬᠠᠶᠢᠴᠢᠯᠠᠮᠠᠯ ᠤᠨ ᠰᠣᠳᠣᠨ ᠪᠦᠲᠦᠭᠡᠯ  ᠪᠦᠲᠦᠭᠡᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠥᠪᠡᠷᠮᠢᠴᠡ ᠭᠤᠸ᠎ᠠ ᠲᠠᠭᠠᠰᠢᠶᠠᠯ ᠪᠠ ᠰᠣᠶᠣᠯ ᠤᠨ ᠠᠭᠤᠯᠤᠭᠳᠠᠬᠤᠨ ᠢ  ᠢᠯᠡᠷᠡᠭᠦᠯᠦᠭᠰᠡᠨ ᠪᠠᠶᠢᠳᠠᠭ᠃ ᠰᠢᠨ᠎ᠡ ᠵᠢᠯ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠬᠦ ᠴᠢᠨᠠᠷᠲᠠᠶ ᠣᠷᠣᠨ ᠪᠦᠰᠡ  ᠶᠢᠨ ᠴᠠᠭᠠᠰᠤᠨ ᠬᠠᠶᠢᠴᠢᠯᠠᠮᠠᠯ ᠤᠨ ᠰᠣᠶᠣᠯ ᠪᠠ ᠴᠠᠭᠠᠰᠤᠨ ᠬᠠᠶᠢᠴᠢᠯᠠᠮᠠᠯ ᠤᠨ ᠤᠯᠠᠮᠵᠢᠯᠠᠯ ᠬᠢᠭᠡᠳ ᠰᠢᠨ᠎ᠡ ᠶᠢ ᠡᠭᠦᠳᠦᠭᠰᠡᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠬᠦ ᠶᠢᠨ ᠲᠥᠯᠥᠭᠡ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ᠂ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠴᠠᠭᠠᠰᠤᠨ ᠬᠠᠶᠢᠴᠢᠯᠠᠮᠠᠯ ᠤᠨ  ᠭᠤᠣᠯᠯᠠᠭᠴᠢ ᠭᠠᠷᠤᠯᠲᠠ ᠶᠢᠨ ᠣᠷᠣᠨ ᠠᠴᠠ 120 ᠭᠠᠷᠤᠶ ᠴᠠᠭᠠᠰᠤᠨ ᠬᠠᠶᠢᠴᠢᠯᠠᠮᠠᠯ ᠤᠨ ᠤᠤᠷ ᠪᠦᠲᠦᠭᠡᠯ ᠢ ᠰᠣᠩᠭᠤᠵᠤ ᠬᠤᠭᠤᠴᠠᠭ᠎ᠠ ᠬᠤᠪᠢᠶᠠᠨ ᠳᠡᠯᠭᠡᠨ ᠦᠵᠡᠭᠦᠯᠪᠡ᠃      ᠬᠤᠷᠢᠨᠭᠡᠷ ᠴᠠᠭᠠᠰᠤᠨ ᠬᠠᠶᠢᠴᠢᠯᠠᠮᠠᠯ ᠪᠣᠯ ᠳᠤᠮᠳᠠᠳᠤ ᠤᠯᠤᠰ ᠤᠨ ᠤᠮᠠᠷᠠᠲᠤ ᠶᠢᠨ ᠴᠠᠭᠠᠰᠤᠨ ᠬᠠᠶᠢᠴᠢᠯᠠᠮᠠᠯ  ᠤᠨ ᠬᠠᠮᠤᠭ ᠤᠨ ᠲᠥᠯᠥᠭᠡᠯᠡᠬᠦ ᠴᠢᠨᠠᠷᠲᠠᠶ ᠴᠠᠭᠠᠰᠤᠨ ᠬᠠᠶᠢᠴᠢᠯᠠᠮᠠᠯ ᠤᠨ ᠰᠣᠶᠣᠯ ᠤᠨ ᠬᠡᠯᠪᠡᠷᠢ ᠶᠢᠨ ᠨᠢᠭᠡ ᠨᠢ ᠶᠤᠮ᠃ ᠬᠠᠲᠤᠨ ᠭᠤᠤᠯ ᠤᠨ ᠰᠠᠪᠠ ᠭᠠᠵᠠᠷ ᠪᠣᠯᠤᠨ ᠤᠮᠠᠷᠠᠲᠤ ᠶᠢᠨ ᠲᠠᠯ᠎ᠠ ᠨᠤᠲᠤᠭ ᠤᠨ ᠬᠤᠭᠤᠷᠤᠨᠳᠤᠬᠢ ᠠᠭᠤᠰᠤᠯᠴᠠᠯ᠂ ᠲᠠᠷᠢᠶᠠᠯᠠᠬᠤ ᠰᠣᠶᠣᠯ ᠯᠤᠭ᠎ᠠ ᠶᠢᠨ ᠰᠢᠯᠵᠢᠯᠲᠡ ᠵᠠᠯᠭᠠᠯᠳᠤᠭ᠎ᠠ ᠵᠡᠷᠭᠡ ᠠᠴᠠ ᠪᠣᠯᠵᠤ ᠪᠦᠷᠢᠯᠳᠦᠭᠰᠡᠨ ᠣᠷᠣᠨ ᠨᠤᠲᠤᠭ  ᠤᠨ ᠨᠡᠶᠢᠲᠡᠯᠢᠭ ᠴᠢᠨᠠᠷᠲᠠᠶ ᠰᠣᠶᠣᠯ ᠤᠨ ᠣᠨᠴᠠᠯᠢᠭ ᠰᠢᠨᠵᠢ ᠶᠢ ᠦᠵᠡᠭᠦᠯᠵᠦ ᠪᠠᠶᠢᠳᠠᠭ᠃ ᠲᠡᠷᠡ ᠨᠢ ᠳᠠᠯᠳᠠ ᠬᠠᠶᠢᠴᠢᠯᠠᠬᠤ ᠠᠷᠭ᠎ᠠ ᠶᠢ ᠢᠯᠡᠭᠦᠬᠡᠨ ᠬᠡᠷᠡᠭᠯᠡᠳᠡᠭ᠃ ᠰᠡᠶᠢᠯᠪᠦᠷᠢ ᠨᠢ ᠮᠠᠰᠢ ᠲᠥᠬᠦᠮ ᠠᠪᠰᠠᠷᠬᠠᠨ᠂ ᠡᠭᠡᠯ ᠪᠣᠷᠤ ᠠᠲᠠᠯ᠎ᠠ ᠢᠳᠡ ᠲᠣᠷᠪᠢ ᠲᠠᠢ ᠣᠨᠴᠠᠯᠢᠭ ᠢᠶᠠᠷ ᠢᠶᠠᠨ ᠮᠤᠨᠢ ᠠᠭᠤᠯᠠ ᠶᠢᠨ ᠬᠠᠲᠠᠨ ᠵᠢᠷᠤᠭ ᠤᠨ ︽ᠰᠡᠭᠦᠳᠡᠷ ᠵᠢᠷᠤᠭᠯᠠᠯ︾ ᠤᠨ ᠥᠪᠡᠷᠮᠢᠴᠡ ᠤᠷᠠᠯᠢᠭ ᠤᠨ ᠳᠦᠷᠰᠦ ᠪᠠᠶᠢᠳᠠᠯ ᠲᠠᠢ ᠪᠣᠯᠵᠣ᠂ ᠡᠷᠳᠡᠮ ᠰᠢᠨᠵᠢᠯᠡᠭᠡᠨ ᠤ ᠬᠢᠨ ᠳᠤ ︽ᠲᠠᠷᠢᠶᠠᠯᠠᠩ ᠣᠷᠤᠨ ᠪᠠ ᠲᠠᠯ᠎ᠠ ᠨᠤᠲᠤᠭ ᠤᠨ ᠲᠡᠦᠬᠡ ᠰᠣᠶᠣᠯ ᠤᠨ ᠠᠮᠢᠳᠤ ᠴᠢᠯᠠᠭᠤᠵᠢᠮᠠᠯ︾᠂ ︽ᠲᠠᠯ᠎ᠠ ᠨᠤᠲᠤᠭ  ᠤᠨ ᠴᠡᠴᠡᠭ︾ ᠬᠡᠮᠡᠭᠳᠡᠪᠡ᠃      1998 ᠣᠨ ᠤ 7 ᠳ᠋ᠤᠭᠠᠷ ᠰᠠᠷ᠎ᠠ ᠳᠤ᠂ ᠬᠤᠷᠢᠨᠭᠡᠷ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠪᠠᠶᠢᠭᠤᠯᠤᠭᠳᠠᠨ᠂ ᠭᠡᠭᠡᠭᠳᠡᠬᠦ ᠰᠢᠬᠠᠭᠰᠠᠨ ᠬᠤᠷᠢᠨᠭᠡᠷ ᠴᠠᠭᠠᠰᠤᠨ ᠬᠠᠶᠢᠴᠢᠯᠠᠮᠠᠯ ᠢ ᠪᠦᠲᠦᠭᠡᠯᠴᠢ ᠪᠠᠷ ᠠᠪᠤᠷᠠᠵᠤ᠂ ᠬᠠᠮᠠᠭᠠᠯᠠᠵᠤ᠂ ᠳᠡᠯᠭᠡᠷᠡᠭᠦᠯᠦᠭᠰᠡᠨ ᠠᠴᠢ ᠪᠠᠷ ᠶᠡᠭᠡ ᠬᠡᠮᠵᠢᠶᠡᠨ ᠤ ᠬᠤᠪᠣᠷ ᠨᠠᠨᠳᠢᠨ ᠴᠠᠭᠠᠰᠤᠨ ᠬᠠᠶᠢᠴᠢᠯᠠᠮᠠᠯ ᠬᠠᠮᠠᠭᠠᠯᠠᠭᠳᠠᠵᠠᠢ᠃ ᠲᠡᠭᠡᠭᠡᠳ ᠳ᠋ᠤᠸᠠᠨ ᠵᠢᠶᠠᠨ ᠵᠢᠶᠦ᠋ᠨ᠂ ᠵᠠᠩ ᠬᠤᠸᠠ ᠨᠢᠦᠢ ᠪᠠᠷ ᠲᠥᠯᠥᠭᠡᠯᠡᠭᠦᠯᠦᠭᠰᠡᠨ ᠤᠯᠤᠰ  ᠤᠨ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠪᠠ ᠰᠣᠩᠭᠤᠳᠠᠭ ᠴᠠᠭᠠᠰᠤᠨ ᠬᠠᠶᠢᠴᠢᠯᠠᠮᠠᠯ ᠤᠨ ᠪᠦᠲᠦᠭᠡᠯ ᠴᠣᠯᠭᠤᠷᠠᠨ ᠭᠠᠷᠪᠠ᠃ ( ᠠᠯᠲᠠᠷᠲᠤ )      ( ᠵᠢᠷᠤᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠬᠠᠩᠭᠠᠪᠠ )
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号