ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 28 ᠤ | ᠡᠳᠦᠷ ᠤᠨ ᠦᠳᠡ ᠶᠢᠨ ᠬᠤᠶᠢᠨ᠎ᠠ ᠭᠧᠷᠮᠠᠨ ᠤ ᠶᠡᠷᠦᠩᠬᠡᠢ ᠰᠠᠶᠢᠳ ᠮᠤᠺᠧᠷ ᠲᠠᠢ ᠬᠠᠮᠲᠤ ᠪᠠᠷ ᠵᠢᠷᠭᠤᠳᠤᠭᠠᠷ ᠡᠭᠡᠯᠵᠢ ᠶᠢᠨ | ᠳᠤᠮᠳᠠᠳᠤ ᠭᠧᠷᠮᠠᠨ ᠤ ᠵᠠᠰᠠᠭ ᠤᠨ ᠣᠷᠳᠣᠨ ᠤ ᠵᠥᠪᠳᠡᠯᠴᠡᠭᠡ ᠶᠢ ᠡᠷᠬᠢᠯᠡᠬᠦ ᠬᠤᠭᠤᠴᠠᠭᠠᠨ ᠳᠤ᠂ ᠸᠢᠳᠢᠣ᠋ ᠶᠢᠨ ᠬᠡᠯᠪᠡᠷᠢ ᠪᠠᠷ | ᠠᠷᠪᠠᠳᠤᠭᠠᠷ ᠬᠤᠭᠤᠴᠠᠭᠠᠨ ᠤ ᠳᠤᠮᠳᠠᠳᠤ ᠭᠧᠷᠮᠠᠨ ᠤ ᠠᠵᠤ ᠠᠬᠤᠢ ᠮᠡᠷᠭᠡᠵᠢᠯ ᠤᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠳᠤ ᠣᠷᠣᠯᠴᠠᠭᠰᠠᠨ ᠬᠤᠶᠠᠷ ᠤᠯᠤᠰ ᠤᠨ ᠠᠵᠤ ᠠᠬᠤᠢ ᠶᠢᠨ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ᠃ | ᠬᠤᠶᠠᠷ ᠤᠯᠤᠰ ᠤᠨ ᠶᠡᠷᠦᠩᠬᠡᠢ ᠰᠠᠶᠢᠳ ᠳᠤᠮᠳᠠᠳᠤ ᠤᠯᠤᠰ ᠤᠨ ᠪᠠᠢ ᠳ᠋ᠦ᠋᠂ ᠨᠠᠨ ᠹᠠᠩ ᠴᠠᠬᠢᠯᠭᠠᠨ ᠲᠣᠣᠷ᠂ ᠰᠠᠨ ᠰᠢᠶᠠ | ᠪᠦᠯᠦᠭᠯᠡᠯ ᠪᠣᠯᠤᠨ ᠭᠧᠷᠮᠠᠨ ᠤ ᠲᠠᠯ᠎ᠠ ᠶᠢᠨ ᠰᠢ ᠮᠧᠨ ᠽᠢ᠂ ᠺᠧ ᠯᠧ ᠱᠸᠦ᠂ ᠪᠦᠦ ᠮᠠ ᠵᠡᠷᠭᠡ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠪᠥᠭᠡᠳ ᠲᠡᠳᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠭᠧᠷᠮᠠᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ | ᠲᠠᠰᠤᠷᠠᠯᠳᠡ ᠦᠭᠡᠢ ᠭᠦᠨᠵᠡᠭᠡᠶᠢᠷᠡᠵᠦ ᠪᠠᠶᠢᠨ᠎ᠠ᠃ ᠨᠢᠳᠤᠨᠤᠨ ᠬᠢᠵᠢᠭ ᠤᠨ ᠪᠠᠶᠢᠳᠠᠯ ᠤᠨ ᠲᠠᠭᠠᠷᠢᠯᠳᠠ ᠳᠤ ᠤᠴᠠᠷᠠᠭᠰᠠᠨ | ᠪᠣᠯᠪᠠᠴᠤ᠂ ᠬᠤᠶᠠᠷ ᠤᠯᠤᠰ ᠤᠨ ᠠᠷᠠᠯᠵᠢᠶᠠᠨ ᠤ ᠬᠡᠮᠵᠢᠶ᠎ᠡ ᠮᠥᠨ ᠬᠦ ᠤᠷᠤᠰᠬᠠᠯ ᠰᠥᠷᠥᠨ ᠨᠡᠮᠡᠭᠳᠡᠵᠦ᠂ ᠡᠨᠡ ᠵᠢᠯ ᠤᠨ | ᠨᠢᠭᠡᠳᠦᠭᠡᠷ ᠤᠯᠠᠷᠢᠯ ᠳᠤ ᠨᠡᠩ ᠴᠤ ᠠᠳᠠᠯᠢ ᠬᠤᠭᠤᠴᠠᠭᠠᠨ ᠤ ᠬᠢ ᠠᠴᠠ 41.5% ᠪᠠᠷ ᠨᠡᠮᠡᠭᠳᠡᠵᠦ᠂ ᠳᠤᠮᠳᠠᠳᠤ ᠭᠧᠷᠮᠠᠨ ᠤ | ᠬᠠᠮᠲᠤᠷᠠᠯᠴᠠᠭ᠎ᠠ ᠶᠢᠨ ᠥᠨᠳᠥᠷ ᠲᠦᠪᠰᠢᠨ ᠪᠠ ᠯᠤᠲᠤ ᠶᠡᠭᠡ ᠲᠠᠯᠳᠠ ᠬᠦᠴᠦᠨ ᠢ ᠭᠦᠢᠴᠡᠳ ᠢᠯᠡᠷᠡᠭᠦᠯᠵᠡᠢ᠃ | ᠣᠳᠣᠬᠠᠨ ᠳᠤ ᠳᠤᠮᠳᠠᠳᠤ ᠤᠯᠤᠰ ᠲᠤ ᠪᠠᠶᠢᠭ᠎ᠠ ᠭᠧᠷᠮᠠᠨ ᠤ 7000 ᠭᠠᠷᠤᠢ ᠠᠵᠤ ᠠᠬᠤᠶᠢᠯᠠᠯ ᠪᠣᠯᠤᠨ ᠭᠧᠷᠮᠠᠨ ᠳᠤ | ᠪᠠᠶᠢᠭ᠎ᠠ ᠳᠤᠮᠳᠠᠳᠤ ᠤᠯᠤᠰ ᠤᠨ 2000 ᠭᠠᠷᠤᠢ ᠠᠵᠤ ᠠᠬᠤᠶᠢᠯᠠᠯ ᠨᠢ ᠨᠢᠭᠡᠨᠲᠡ ᠬᠤᠶᠠᠷ ᠤᠯᠤᠰ ᠤᠨ ᠬᠠᠮᠲᠤᠷᠠᠯᠴᠠᠭᠠᠨ ᠤ | ︽ᠭᠤᠣᠯ ᠬᠦᠴᠦᠨ︾ ᠪᠣᠯᠤᠭᠰᠠᠨ ᠪᠠᠶᠢᠨ᠎ᠠ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠬᠢᠵᠢᠭ ᠤᠨ | ᠪᠠᠶᠢᠳᠠᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠵᠢᠭ ᠢ ᠴᠢᠩᠭ᠎ᠠ ᠰᠡᠷᠭᠡᠶᠢᠯᠡᠭᠰᠡᠨ ᠤᠷᠢᠲᠠᠯ ᠳᠣᠣᠷ᠎ᠠ | ᠬᠥᠮᠦᠰ ᠤᠨ ᠬᠠᠷᠢᠯᠴᠠᠭ᠎ᠠ ᠶᠠᠪᠤᠯᠴᠠᠭ᠎ᠠ ᠳᠤ ᠤᠯᠠᠮ ᠴᠢᠨᠠᠭᠰᠢᠳᠠ ᠲᠦᠬᠦᠮ ᠦᠵᠡᠭᠦᠯᠬᠦ ᠶᠢ ᠬᠦᠰᠡᠵᠦ ᠪᠠᠶᠢᠨ᠎ᠠ᠃ ᠸᠠᠺᠼᠢᠨ | ᠪᠠ ᠣᠯᠠᠨ ᠤᠯᠤᠰ ᠤᠨ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠶᠢ ᠢᠳᠡᠪᠬᠢᠲᠡᠶ ᠰᠦᠪᠡᠭᠴᠢᠯᠡᠵᠦ᠂ ᠠᠵᠤ | ᠠᠬᠤᠶᠢᠯᠠᠯ ᠤᠨ ᠬᠡᠪ ᠤᠨ ᠡᠵᠡᠩᠨᠡᠯᠲᠡ ᠶᠢ ᠦᠨᠡᠨ ᠬᠦ ᠪᠠᠲᠤᠯᠠᠬᠤ᠂ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠳᠡᠯᠡᠬᠡᠶ ᠶᠢᠨ ᠠᠵᠤ ᠠᠬᠤᠶ ᠶᠢᠨ | ᠰᠡᠷᠭᠦᠯᠲᠡ ᠶᠢ ᠳᠡᠮᠵᠢᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | | | ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠳᠤᠮᠳᠠᠳᠤ ᠤᠯᠤᠰ ᠦᠷᠭᠦᠯᠵᠢᠯᠡᠨ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠠᠶᠠᠭᠠᠷᠰᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠪᠠᠷ ᠴᠢᠷᠮᠠᠶᠢᠵᠤ᠂ | ᠳᠣᠲᠣᠭᠠᠳᠤ ᠭᠠᠳᠠᠭᠠᠳᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠭᠧᠷᠮᠠᠨ ᠢ | ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠦᠢᠯᠡᠰ | ᠪᠤᠰᠬᠠᠵᠤ᠂ ᠬᠠᠷᠢᠯᠴᠠᠨ ᠠᠰᠢᠭᠲᠠᠢ ᠪᠠᠶᠢᠬᠤ᠂ ᠬᠠᠮᠲᠤ ᠪᠠᠷ ᠠᠰᠢᠭ ᠬᠦᠷᠳᠡᠬᠦ ᠶᠢ ᠨᠡᠩ ᠰᠠᠶᠢᠲᠤᠷ ᠪᠡᠶᠡᠯᠡᠭᠦᠯᠬᠦ ᠶᠢ ᠪᠠᠶᠠᠷᠯᠠᠨ | ᠤᠭᠲᠤᠵᠤ ᠪᠠᠶᠢᠨ᠎ᠠ ᠭᠡᠵᠡᠢ᠃ | ᠮᠤᠺᠧᠷ ᠢᠯᠡᠷᠬᠡᠶᠢᠯᠡᠬᠦ ᠳᠤ ᠪᠠᠨ᠂ ᠭᠧᠷᠮᠠᠨ ᠳᠤᠮᠳᠠᠳᠤ ᠶᠢᠨ ᠦᠢᠯᠡᠳᠬᠡᠯ ᠤᠨ ᠦᠢᠯᠡᠰ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠲᠦᠢᠯ ᠤᠨ ᠨᠢᠭᠲᠠ ᠪᠣᠯᠵᠤ᠂ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠬᠦᠰᠡᠵᠦ ᠪᠠᠶᠢᠨ᠎ᠠ᠃ | ᠭᠧᠷᠮᠠᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠷᠢᠯᠴᠠᠨ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠪᠠᠨ ᠥᠷᠭᠡᠳᠬᠡᠬᠦ᠂ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ | ᠡᠷᠲᠡ ᠡᠳᠦᠷ ᠬᠦᠴᠦᠨ ᠲᠠᠢ ᠪᠣᠯᠬᠤ ᠶᠢ ᠠᠬᠢᠭᠤᠯᠬᠤ ᠵᠡᠷᠭᠡ ᠠᠰᠠᠭᠤᠳᠠᠯ ᠤᠨ ᠲᠤᠬᠠᠢ ᠣᠶᠢᠯᠠᠭᠠᠯᠴᠠᠭ᠎ᠠ ᠨᠡᠪᠲᠡᠷᠡᠯᠴᠡᠭᠡ ᠪᠠᠨ | ᠪᠠᠲᠤᠯᠠᠵᠤ᠂ ᠸᠠᠺᠼᠢᠨ ᠢ ᠬᠠᠷᠢᠯᠴᠠᠨ ᠮᠠᠭᠠᠳᠯᠠᠨ ᠲᠣᠭᠲᠠᠭᠠᠬᠤ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ | ᠤᠯᠤᠰ ᠤᠨ ᠡᠯ᠎ᠡ ᠬᠦᠷᠢᠶ᠎ᠡ ᠣᠨᠴᠠᠭᠠᠶᠢᠯᠠᠨ ᠠᠵᠤ ᠠᠬᠤᠢ ᠶᠢᠨ ᠡᠲᠡᠭᠡᠳ ᠤᠨ ᠬᠥᠮᠦᠰ ᠤᠨ ᠬᠡᠪ ᠤᠨ ᠶᠠᠪᠤᠯᠴᠠᠭ᠎ᠠ ᠶᠢ | ᠪᠠᠲᠤᠯᠠᠨ᠎ᠠ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠣᠴᠢᠵᠤ ᠪᠡᠯᠡ ᠣᠷᠣᠭᠤᠯᠬᠤ ᠶᠢ ᠪᠠᠶᠠᠷᠯᠠᠨ | ᠤᠭᠲᠤᠵᠤ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠠᠵᠤ ᠠᠬᠤᠢ | ᠮᠡᠷᠭᠡᠵᠢᠯ ᠤᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ | ᠪᠠᠶᠢᠨ᠎ᠠ ᠭᠡᠵᠡᠢ᠃ | ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |