ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/10
     ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ 2020 ᠣᠨ ᠤ 4 ᠳ᠋ᠤᠭᠡᠷ ᠰᠠᠷ᠎ᠠ ᠳᠤ ᠡᠦ ᠠᠨ ᠵᠧᠦ ᠶᠢᠨ ᠯᠢᠶᠣᠤ ᠶᠢᠨ ᠰᠤᠪᠤᠷᠭ᠎ᠠ ᠶᠢᠨ ᠬᠠᠮᠠᠭᠠᠯᠠᠯᠲᠠ ᠶᠢᠨ ᠠᠵᠢᠯ ᠳᠤ ᠥᠭᠭᠦᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ  ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠭᠦᠨᠵᠡᠭᠡᠶ ᠲᠤᠩᠭᠠᠨ ᠪᠣᠳᠣᠯᠬᠢᠯᠠᠵᠤ᠂ ᠪᠥᠬᠦ ᠣᠷᠣᠨ ᠤ ᠬᠠᠭᠤᠴᠢ ᠠᠵᠢᠯ  ᠤᠨ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠲᠠᠰᠤᠷᠠᠯᠲᠠ ᠥᠬᠡᠶ ᠴᠢᠩᠭᠠᠳᠬᠠᠬᠤ ᠪᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ 5 ᠳ᠋ᠤᠭᠠᠷ ᠰᠠᠷ᠎ᠠ ᠶᠢᠨ 27 ᠤ ᠡᠳᠦᠷ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠸᠢᠳᠢᠣ᠋ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠧᠩ ᠳ᠋ᠦᠩ ᠪᠥᠸᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠭᠤᠤᠯ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠦ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠬᠠᠮᠠᠭᠠᠯᠠᠨ ᠰᠡᠯᠪᠢᠵᠦ ᠵᠠᠰᠠᠭᠰᠠᠨ ᠠᠵᠢᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠮᠠᠨ ᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠡᠷᠭᠢᠴᠡᠭᠦᠯᠦᠨ ᠪᠣᠳᠣᠯᠬᠢᠯᠠᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠰᠤᠷᠲᠠᠯ ᠤᠨ ᠲᠠᠯ᠎ᠠ ᠪᠠᠷ ᠦᠨᠳᠦᠰᠦ ᠰᠤᠷᠪᠤᠯᠵᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠴᠢᠬᠤᠯᠠᠴᠢᠯᠠᠵᠤ᠂《 ᠴᠢᠯᠠᠭᠤ ᠶᠢ  ᠬᠢᠰᠬᠢᠪᠡᠯ ᠮᠥᠷ ᠲᠠᠢ᠂ ᠲᠡᠮᠦᠷ ᠢ ᠠᠳᠬᠤᠪᠠᠯ ᠤᠷᠤᠮ ᠲᠠᠢ 》ᠪᠠᠶᠢᠬᠤ ᠵᠣᠷᠢᠭ ᠰᠠᠨᠠᠭ᠎ᠠ ᠪᠠᠷ ᠬᠠᠭᠤᠴᠢᠨ ᠠᠷᠬᠠᠭ ᠢ ᠠᠷᠢᠯᠭᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠬᠡᠷᠡᠭᠲᠡᠢ︔ ᠲᠡᠦᠬᠡ  ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠰᠢᠨᠵᠢᠯᠡᠬᠦ ᠤᠬᠠᠭᠠᠨᠴᠢ ᠤᠢᠢᠯᠠᠭᠠᠭᠳᠠᠬᠤᠨ ᠢ ᠪᠤᠢ ᠪᠣᠯᠭᠠᠵᠤ᠂《 ᠬᠠᠮᠠᠭᠠᠯᠠᠬᠤ ᠪᠠᠷ ᠭᠤᠣᠯ ᠪᠤᠯᠭᠠᠵᠤ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠢ ᠵᠣᠬᠢᠰᠲᠠᠢ ᠠᠰᠢᠭᠯᠠᠵᠤ᠂ ᠬᠠᠮᠢᠶᠠᠷᠤᠯᠲᠠ ᠶᠢ ᠴᠢᠩᠭᠠᠳᠬᠠᠬᠤ 》ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂《 ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢ ᠴᠦ ᠵᠠᠰᠠᠭ ᠤᠨ ᠠᠵᠢᠯ ᠤᠨ ᠠᠮᠵᠢᠯᠲᠠ ᠮᠥᠨ 》ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠮᠢᠶᠠᠷᠤᠯᠲᠠ ᠶᠢ ᠴᠢᠩᠭᠠᠳᠬᠠᠬᠤ ᠪᠠᠷ ᠬᠠᠮᠠᠭᠠᠯᠠᠯᠲᠠ ᠶᠢᠨ ᠦᠨᠳᠦᠰᠦ ᠰᠠᠭᠤᠷᠢ ᠪᠤᠯᠭᠠᠬᠤ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠡᠷᠬᠡᠪᠰᠢ ᠬᠠᠷᠢᠭᠤᠴᠠᠯᠭ᠎ᠠ ᠲᠤᠯᠭᠠᠵᠤ ᠦᠷ᠎ᠡ ᠪᠦᠲᠦᠮᠵᠢ ᠶᠢ ᠠᠰᠠᠭᠤᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠰᠦᠪ ᠤᠨ ᠲᠤᠬᠢᠷᠠᠭᠤᠯᠤᠯᠳᠠ ᠪᠣᠯᠤᠨ ᠲᠦᠷᠦᠯ ᠵᠦᠢᠯ ᠤᠨ ᠬᠤᠪᠢᠶᠠᠷᠢᠯᠠᠯᠲᠠ ᠲᠠᠢ ᠬᠤᠯᠪᠣᠵᠤ᠂ ᠵᠣᠭᠤᠰ ᠵᠠᠷᠤᠬᠤ ᠳᠤ ᠡᠷᠬᠡᠪᠰᠢ ᠦᠷ᠎ᠡ ᠪᠦᠲᠦᠮᠵᠢ ᠶᠢ ᠠᠰᠠᠭᠤᠬᠤ᠂ ᠦᠷ᠎ᠡ ᠪᠦᠲᠦᠮᠵᠢ ᠦᠭᠡᠢ ᠪᠣᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠲᠦᠷᠦ  ᠶᠢᠨ ᠪᠤᠳᠤᠯᠭ᠎ᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠨᠡᠩ ᠬᠦᠴᠦ ᠪᠠᠨ ᠲᠥᠪᠯᠡᠷᠡᠭᠦᠯᠦᠨ ᠦᠷ᠎ᠡ ᠠᠰᠢᠭ  ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃
 
     ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠬᠠᠭᠤᠴᠢ ᠠᠵᠢᠯ ᠤᠨ ᠨᠢᠭᠡᠴᠢ ᠨᠦᠭᠦᠳ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠲᠡᠦᠬᠡ  ᠶᠢᠨ ᠳᠤᠷᠠᠰᠬᠠᠯᠲᠤ ᠵᠦᠶᠯᠡᠰ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠲᠤᠯᠭᠠᠷᠠᠵᠤ ᠪᠠᠶᠢᠭ᠎ᠠ ᠪᠠᠶᠢᠳᠠᠯ᠂ ᠦᠷᠢᠰᠦᠯᠳᠦᠭᠡᠨ ᠢ ᠭᠦᠶᠴᠡᠳ ᠲᠣᠳᠣᠷᠬᠠᠶ ᠲᠠᠨᠢᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠪᠣᠯ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠬᠤ ᠦᠵᠡᠯ ᠰᠠᠨᠠᠭ᠎ᠠ ᠤᠬᠠᠮᠰᠠᠷ ᠢ ᠪᠠᠲᠤ ᠪᠠᠬᠢ ᠪᠣᠶ ᠪᠤᠯᠭᠠᠵᠤ᠂ ᠣᠳᠣᠬᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠵᠢᠮ᠎ᠡ ᠬᠠᠤᠯᠢ ᠶᠢᠨ ᠰᠢᠨ᠎ᠡ ᠣᠨᠴᠠᠯᠢᠭ ᠢ ᠰᠤᠳᠤᠯᠤᠨ ᠳ᠋ᠦᠩᠨᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠠᠵᠢᠯ  ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠠᠷ ᠠᠭᠤᠰᠤᠯᠴᠠᠭᠤᠯᠬᠤ ᠪᠠ ᠦᠶᠯᠡᠴᠢᠯᠡᠭᠦᠯᠬᠦ ᠬᠡᠷᠡᠭᠲᠡᠶ  ᠃      ᠬᠤᠷᠠᠯ ᠠᠴᠠ ᠲᠠᠷᠠᠭᠠᠴᠢ ᠶᠢᠨ ᠠᠯᠬᠤᠮ ᠳᠤ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ᠂ ᠲᠡᠦᠬᠡ ᠶᠢᠨ ᠳᠤᠷᠠᠰᠬᠠᠯᠲᠤ ᠵᠦᠶᠯᠡᠰ  ᠤᠨ ᠠᠮᠤᠷ ᠲᠦᠪᠰᠢᠨ ᠤ ᠲᠠᠯ᠎ᠠ ᠪᠠᠷ ᠬᠤᠷᠢᠭ᠎ᠠ ᠱᠤᠭᠤᠮ ᠢ ᠰᠠᠬᠢᠬᠤ ᠬᠡᠷᠡᠭᠲᠡᠶ᠃ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ  ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯᠲᠡ ᠪᠠᠨ ᠢᠳᠡᠪᠬᠢᠲᠡᠶ ᠪᠠᠷ ᠬᠤᠪᠢᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠲᠡᠦᠬᠡ ᠶᠢᠨ ᠳᠤᠷᠠᠰᠬᠠᠯᠲᠤ ᠵᠦᠢᠯ ᠢ ᠠᠰᠢᠭᠯᠠᠬᠤ ᠲᠠᠯ᠎ᠠ ᠪᠠᠷ ᠬᠢ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠮᠣ ᠪᠠᠭᠤᠷᠢ ᠶᠢ ᠬᠠᠮᠠᠭᠠᠯᠠᠬᠤ ᠪᠠ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠦᠽᠧᠶ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠰᠢᠷᠢᠰ ᠤᠬᠠᠭᠤᠯᠭ᠎ᠠ ᠪᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠬᠡᠷᠡᠭᠲᠡᠢ᠃ ᠳᠥᠷᠪᠡ ᠳᠤ᠂ ᠬᠠᠭᠤᠴᠢ ᠰᠤᠳᠤᠯᠤᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠶ᠃ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠴᠢᠩᠭᠠᠳᠬᠠᠵᠤ᠂ ᠬᠠᠭᠤᠴᠢ ᠰᠤᠳᠤᠯᠤᠯ ᠤᠨ ᠡᠬᠢ ᠪᠠᠶᠠᠯᠢᠭ  ᠤᠨ ᠠᠰᠢᠭᠯᠠᠯᠲᠠ ᠶᠢ ᠰᠠᠶᠢᠲᠤᠷ ᠬᠢᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠰᠤᠳᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠪᠤ ᠳᠤ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠳᠡᠭᠡᠷ᠎ᠡ ᠬᠤᠷᠢᠭ᠎ᠠ ᠱᠤᠭᠤᠮ ᠢ ᠰᠠᠬᠢᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠮᠦᠽᠧᠶ ᠶᠢᠨ ᠳᠡᠯᠭᠡᠨ ᠦᠵᠡᠭᠦᠯᠬᠦ ᠦᠵᠡᠯ ᠤᠬᠠᠮᠰᠠᠷ ᠤᠨ ᠬᠡᠯᠪᠡᠷᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠣᠷᠣᠰᠢᠵᠤ ᠪᠠᠶᠢᠭ᠎ᠠ ᠳᠡᠯᠭᠡᠨ ᠦᠵᠡᠭᠦᠯᠬᠦ ᠬᠥᠲᠥᠯᠪᠦᠷᠢ ᠪᠣᠯᠤᠨ ᠲᠠᠶᠢᠯᠪᠤᠷᠢᠯᠠᠬᠤ ᠦᠭᠡ ᠶᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠦᠨᠳᠦᠰᠦᠲᠡᠨ ᠤ ᠠᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠬᠢᠬᠦ ᠠᠵᠢᠯ ᠳᠤᠮᠳᠠᠬᠢ ᠮᠦᠽᠧᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠢᠮᠠᠭᠲᠠ ᠲᠤᠭᠤᠰᠢᠯᠠᠭᠤᠯᠵᠤ᠂ ᠮᠦᠽᠧᠢ ᠶᠢ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ《 ᠬᠥᠭᠦᠷᠭᠡ 》ᠪᠣᠯᠭᠠᠬᠤ ᠬᠡᠷᠡᠭᠲᠡᠢ᠃
     ᠬᠤᠷᠠᠯ ᠠᠴᠠ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠬᠥᠬᠡᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠠᠯᠠᠱᠠ ᠠᠶᠢᠮᠠᠭ᠂ ᠠᠤᠬᠠᠨ ᠬᠤᠰᠢᠭᠤ ᠲᠤᠰ ᠲᠤᠰ ᠡᠦ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠬᠠᠮᠠᠭᠠᠯᠠᠬᠤ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠲᠣᠭᠤᠷᠢᠨ ᠳᠤ ᠦᠭᠡ ᠬᠡᠯᠡᠪᠡ  ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ  ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠵᠢᠯᠲᠠᠨ᠂ ᠰᠢᠭᠤᠳ ᠬᠠᠷᠢᠶ᠎ᠠ ᠬᠠᠭᠤᠴᠢ ᠠᠵᠢᠯ ᠤᠨ ᠨᠢᠭᠡᠴᠢ ᠶᠢᠨ ᠳᠤᠮᠳᠠᠬᠢ ᠠᠴᠠ ᠳᠡᠭᠡᠭᠰᠢᠬᠢ ᠺᠠᠳ᠋ᠷᠴᠤᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠭᠤᠤᠯ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠭᠰᠠᠳ ᠲᠠᠢ ᠬᠠᠷᠢᠴᠠᠭᠤᠯᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号