2021 ᠣᠨ ᠤ ᠬᠥᠬᠡᠬᠤᠲᠠ ᠶᠢᠨ ᠪᠠᠶᠠᠷ ᠳᠤᠷᠠᠰᠬᠠᠯ ᠤᠨ ᠡᠳᠦᠷ ᠦᠵᠡᠮᠵᠢ ᠶᠢᠨ ᠣᠷᠣᠨ ᠳᠤ《 ᠵᠢᠷᠭᠤᠭ᠎ᠠ ᠶᠢ ᠣᠷᠣᠭᠤᠯᠬᠤ 》ᠰᠢᠷᠢᠰ ᠠᠵᠢᠯᠯᠠᠭ᠎ᠠ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2021/6/11
     ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠷᠠᠳ ᠣᠯᠠᠨ  ᠳᠤ ᠤᠷᠠᠯᠢᠭ᠂ ᠪᠣᠳᠠᠰ ᠤᠨ ᠪᠤᠰᠤ ᠰᠣᠶᠣᠯ ᠤᠨ ᠥᠪ᠂ ᠬᠤᠪᠢᠰᠬᠠᠯ ᠤᠨ ᠰᠣᠶᠣᠯ ᠤᠨ ᠷᠢᠳᠢ ᠰᠢᠳᠢ ᠶᠢ ᠨᠠᠩ ᠰᠠᠶᠢᠲᠤᠷ ᠡᠳ᠋ᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠤᠤᠯᠯᠠᠨ ᠡᠷᠭᠢᠯᠡᠭᠰᠡᠨ 《2021 ᠣᠨ ᠤ ᠬᠥᠬᠡᠬᠤᠲᠠ ᠶᠢᠨ ᠪᠠᠶᠠᠷ ᠳᠤᠷᠠᠰᠬᠠᠯ ᠤᠨ ᠡᠳᠦᠷ ᠦᠵᠡᠮᠵᠢ ᠶᠢᠨ ᠣᠷᠣᠨ ᠳᠤ《 ᠵᠢᠷᠭᠤᠭ᠎ᠠ ᠶᠢ ᠣᠷᠣᠭᠤᠯᠬᠤ 》ᠰᠢᠷᠢᠰ ᠠᠵᠢᠯᠯᠠᠭ᠎ᠠ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠭᠤᠶᠢᠳᠠ ᠰᠠᠶᠢᠬᠠᠨ ᠶᠠᠪᠤᠭᠳᠠᠵᠤ  ᠵᠢᠭᠤᠯᠴᠢᠯᠠᠭᠴᠢᠳ ᠲᠤ ᠨᠢᠭᠡ ᠤᠳᠠᠭᠠᠨ ᠤ ᠬᠤᠪᠢᠰᠬᠠᠯᠲᠤ ᠰᠣᠶᠣᠯ ᠤᠨ ᠦᠪᠡᠳᠡᠭᠰᠢ ᠨᠠᠶᠢᠷ ᠢ  ᠡᠷᠭᠦᠨ ᠲᠡᠪᠰᠢᠭᠦᠯᠪᠡ᠃
      ᠬᠠᠯᠠᠭᠤᠨ ᠤᠷᠮᠠᠰ ᠨᠢ ᠪᠢᠯᠬᠠᠭᠰᠠᠨ ᠡᠬᠢᠯᠡᠯᠲᠡ ᠶᠢᠨ ᠪᠥᠵᠢᠭ 《 ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠶ᠎ᠠ 》 ᠨᠢ ᠲᠣᠭᠯᠠᠯᠲᠠ   ᠶᠢᠨ ᠬᠥᠰᠢᠭᠡ ᠶᠢ ᠰᠡᠬᠦᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ  ᠤ ᠬᠠᠮᠲᠤ ᠪᠠᠷ ᠲᠡᠮᠡᠴᠡᠵᠦ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠴᠤᠭ ᠪᠠᠳᠠᠷᠠᠩᠭᠤᠶ ᠬᠦᠴᠦᠨ ᠢ ᠢᠯᠡᠷᠡᠭᠦᠯᠵᠦ᠂ ᠳᠠᠭᠤᠤ《 ᠵᠥᠩᠨᠡᠯ 》᠂ 《 ᠪᠢ ᠡᠬᠡ ᠤᠯᠤᠰ ᠲᠠᠢ ᠪᠠᠨ 》 ᠨᠢ ᠲᠠᠯ᠎ᠠ ᠨᠤᠲᠤᠭ ᠤᠨ ᠬᠥᠪᠡᠭᠦᠳ ᠥᠬᠢᠳ ᠤᠨ ᠠᠭᠤᠤ ᠶᠡᠭᠡ ᠡᠬᠡ ᠤᠯᠤᠰ ᠤᠨ ᠢᠶᠠᠨ ᠲᠤᠬᠠᠶ ᠵᠥᠩᠨᠡᠯ ᠢ ᠢᠯᠡᠳᠭᠡᠵᠡᠢ᠃ ᠳᠠᠷᠠᠭ᠎ᠠ ᠨᠢ ᠮᠣᠷᠢᠨ ᠬᠤᠭᠤᠷ ᠤᠨ ᠭᠤᠴᠣᠯᠠᠯ《 ᠬᠡᠶᠢᠮᠤᠷᠢ》᠂ ᠫᠢᠫᠠ ᠶᠢᠨ ᠭᠤᠴᠣᠯᠠᠯ《 ᠢ
ᠦᠨᠳᠦᠰᠦᠲᠡᠨ ᠤ ᠪᠥᠵᠢᠭ ᠤᠨ ᠠᠶ᠎ᠠ 》 ᠵᠡᠷᠭᠡ ᠲᠣᠭᠯᠠᠯᠲᠠ ᠵᠠᠯᠭᠠᠭ᠎ᠠ ᠪᠠᠷ ᠭᠠᠷᠪᠠ  ᠃       ᠠᠵᠢᠯᠯᠠᠭᠠᠨ ᠤ
ᠬᠤᠭᠤᠴᠠᠭᠠᠨ ᠳᠤ᠂ ᠦᠴᠤᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠬᠦᠷᠴᠦ᠂ ᠬᠤᠪᠢᠰᠬᠠᠯ ᠤᠨ ᠰᠣᠶᠣᠯ ᠤᠨ ᠦᠵᠡᠰᠭᠦᠯᠡᠩ ᠤᠨ ᠲᠢᠩᠬᠢᠮ ᠢ ᠲᠣᠭᠤᠷᠢᠨ ᠦᠵᠡᠵᠦ᠂ VR ᠶᠢ ᠪᠡᠶᠡᠴᠢᠯᠡᠨ ᠣᠶᠢᠯᠠᠭᠠᠵᠤ᠂ ᠬᠤᠨ ᠭᠠᠯᠠᠭᠤ ᠬᠤᠪᠢᠰᠬᠠᠯ ᠤᠨ ᠨᠣᠮ ᠤᠩᠰᠢᠬᠤ ᠦᠵᠡᠰᠭᠦᠯᠡᠩ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠤᠨ ᠰᠤᠶᠤᠯᠵᠢᠭᠤᠨ ᠪᠦᠲᠦᠭᠡᠭᠳᠡᠭᠦᠨ ᠤ ᠦᠵᠡᠰᠭᠦᠯᠡᠩ ᠢ ᠰᠣᠨᠢᠷᠬᠠᠵᠤ᠂ ᠲᠣᠭᠤᠷᠢᠨ ᠦᠵᠡᠬᠦ ᠶᠢᠨ ᠳᠠᠭᠠᠤ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠡᠬᠡ ᠣᠷᠣᠨᠴᠢ ᠬᠠᠶᠢᠷ᠎ᠠ ᠰᠡᠳᠬᠢᠯᠭᠡ ᠪᠠᠨ ᠵᠤᠵᠠᠭᠠᠳᠬᠠᠪᠠ  ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号