ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ᠶᠢᠨ ᠶᠡᠷᠦᠩᠬᠡᠶᠢᠯᠡᠭᠰᠡᠨ ᠪᠤᠯᠪᠠᠰᠤᠷᠠᠯ ᠶᠠᠭ ᠡᠮᠬᠢ ᠵᠢᠷᠤᠮ ᠲᠠᠢ ᠪᠠᠷ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2021/6/25
     ᠲᠥᠪ ᠤᠨ ᠬᠤᠯᠪᠣᠭᠳᠠᠯ ᠪᠥᠬᠦᠶ ᠠᠵᠢᠯᠯᠠᠭ᠎ᠠ ᠶᠢᠨ ᠲᠣᠬᠢᠷᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ︽ᠠᠭᠤᠤ ᠶᠡᠭᠡ ᠠᠶᠠᠨ︾ ᠢ 2021 ᠣᠨ ᠤ ︽ᠲᠤᠯᠤᠭᠠᠨ ᠰᠠᠷ᠎ᠠ ᠶᠢᠨ ᠨᠢᠭᠡᠨ︾ ᠠᠴᠠ ᠡᠮᠦᠨᠡᠬᠡᠨ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠡᠷᠭᠢᠯᠡᠬᠦ ᠪᠣᠯᠤᠨ᠎ᠠ  ᠃ ᠲᠤᠬᠠᠶ ᠶᠢᠨ ᠦᠶ᠎ᠡ ᠳᠤ᠂ ᠨᠠᠮ ᠪᠣᠯᠤᠨ ᠲᠥᠷᠥ ᠶᠢᠨ ᠤᠳᠤᠷᠢᠳᠬᠤ ᠬᠥᠮᠦᠨ᠂ ᠭᠠᠪᠢᠶ᠎ᠠ ᠵᠢᠳᠬᠦᠯ ᠢᠷᠠᠭᠤ ᠠᠯᠳᠠᠷ ᠢ ᠬᠦᠷᠲᠡᠭᠰᠡᠳ ᠤᠨ ᠲᠥᠯᠥᠭᠡᠯᠡᠭᠴᠢ᠂ ᠦᠨᠳᠦᠰᠦᠨ ᠱᠠᠲᠤᠨ ᠤ ᠨᠠᠮ ᠤᠨ ᠭᠡᠰᠢᠭᠦᠨ ᠪᠣᠯᠤᠨ ᠣᠯᠠᠨ ᠲᠦᠮᠡᠨ ᠤ ᠲᠥᠯᠥᠭᠡᠯᠡᠭᠴᠢ ᠵᠡᠷᠭᠡ ᠡᠯ᠎ᠡ ᠡᠲᠡᠭᠡᠳ ᠤᠨ ᠬᠥᠮᠦᠰ ᠠᠬᠤᠶ ᠲᠠᠯᠠᠪᠠᠶ ᠳᠤ ᠲᠣᠭᠯᠠᠯᠲᠠ ᠰᠣᠨᠢᠷᠬᠠᠬᠤ ᠪᠣᠯᠤᠨ᠎ᠠ᠃ ᠤᠷᠠᠨ ᠰᠠᠶᠢᠬᠠᠨ ᠤ ᠲᠣᠭᠯᠠᠯᠲᠠ ᠶᠢ ᠲᠥᠪ ᠤᠨ ᠤᠬᠠᠭᠤᠯᠬᠤ ᠬᠡᠯᠲᠡᠰ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ᠂ ᠪᠡᠭᠡᠵᠢᠩ ᠬᠤᠲᠠ ᠠᠴᠠ ᠭᠤᠤᠯᠯᠠᠨ ᠡᠷᠭᠢᠯᠡᠪᠡ᠃ ᠤᠷᠠᠨ ᠰᠠᠶᠢᠬᠠᠨ ᠤ ᠲᠣᠭᠯᠠᠯᠲᠠ ᠨᠢ ᠲᠤᠮᠤ ᠬᠡᠯᠪᠡᠷᠢ ᠶᠢᠨ ᠦᠵᠡᠭᠳᠡᠯᠲᠦ ᠲᠤᠤᠯᠢᠰ ᠤᠨ ᠬᠡᠯᠪᠡᠷᠢ ᠪᠠᠷ ᠢᠯᠡᠷᠡᠵᠦ᠂ ᠤᠯᠠᠨ ᠵᠦᠢᠯ ᠤᠨ ᠤᠷᠠᠯᠢᠭ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ  ᠤᠨ ᠵᠠᠭᠤᠨ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠰᠦᠷᠯᠢᠭ ᠰᠠᠶᠢᠬᠠᠨ ᠬᠠᠭᠤᠳᠠᠰᠤ ᠶᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠬᠠᠯᠠᠭᠤᠨ ᠢᠶᠠᠷ ᠮᠠᠭᠲᠠᠨ ᠳᠠᠭᠤᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠡᠭᠡᠨ ᠰᠠᠷᠠᠭᠤᠯ ᠢᠷᠡᠭᠡᠳᠦᠢ ᠶᠢ ᠳᠡᠯᠭᠡᠨ ᠦᠵᠡᠭᠦᠯᠬᠦ ᠪᠣᠯᠤᠨ᠎ᠠ᠃ ᠣᠳᠣᠬᠠᠨ ᠳᠤ ᠤᠷᠠᠨ ᠰᠠᠶᠢᠬᠠᠨ ᠤ ᠲᠣᠭᠯᠠᠯᠲᠠ ᠶᠢᠨ ᠡᠭᠦᠰᠭᠡᠨ ᠪᠠᠶᠢᠭᠤᠯᠬᠤ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号