《ᠳᠤᠮᠳᠠᠳᠤ ᠤᠯᠤᠰ — ᠢᠷᠠᠨ ᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠭᠯᠠᠯᠲᠠ 》ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/7/1
     6 ᠳ᠋ᠤᠭᠠᠷ ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ᠂ ᠢᠷᠠᠨ ᠤ ᠢᠰᠯᠠᠮ ᠤᠨ ᠰᠣᠶᠣᠯ ᠤᠨ ᠬᠤᠯᠪᠣᠭ᠎ᠠ ᠵᠣᠬᠢᠶᠠᠨ ᠪᠠᠶᠢᠭᠤᠯᠤᠨ ᠭᠤᠤᠯᠯᠠᠨ ᠡᠷᠭᠢᠯᠡᠵᠦ᠂ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ ᠠᠴᠠ ᠳᠠᠭᠠᠭᠠᠨ ᠡᠷᠭᠢᠯᠡᠭᠰᠡᠨ《ᠳᠤᠮᠳᠠᠳᠤ ᠤᠯᠤᠰ — ᠢᠷᠠᠨ ᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠣᠶ ᠶᠢ ᠪᠡᠯᠭᠡᠯᠡᠬᠦ ᠳᠠᠭᠤᠤ ᠬᠥᠭᠵᠢᠮ ᠤᠨ ᠲᠤᠭᠯᠠᠯᠲᠠ 》 ᠢ ᠤᠯᠤᠰ  ᠤᠨ ᠶᠡᠭᠡ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠠᠮᠵᠢᠯᠲᠠ ᠲᠠᠢ ᠡᠷᠭᠢᠯᠡᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ᠂ ᠳᠤᠮᠳᠠᠳᠤ ᠤᠯᠤᠰ ᠲᠤ ᠰᠠᠭᠤᠭ᠎ᠠ ᠢᠷᠠᠨ ᠤ ᠡᠯᠴᠢᠨ ᠰᠠᠶᠢᠳ ᠺᠧᠱᠠᠸᠠᠷᠽᠵᠠᠳᠧ᠂ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ ᠤᠨ ᠳᠠᠷᠤᠭ᠎ᠠ ᠸᠠᠩ ᠨᠢᠩ ᠨᠡᠷ ᠲᠣᠭᠯᠠᠯᠲᠠ ᠶᠢ ᠰᠣᠨᠢᠷᠬᠠᠪᠠ᠃
     ᠲᠣᠰ ᠤᠳᠠᠭᠠᠨ ᠤ ᠳᠠᠭᠤᠤ ᠬᠥᠭᠵᠢᠮ ᠤᠨ ᠲᠤᠭᠯᠠᠯᠲᠠ ᠶᠢ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ  ᠤᠨ ᠤᠷᠺᠧᠰᠲᠷᠠ ᠬᠥᠭᠵᠢᠮ ᠤᠨ ᠪᠦᠯᠬᠦᠮ ᠲᠣᠭᠯᠠᠵᠤ᠂ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠤᠷᠠᠯᠢᠭ ᠤᠨ ᠶᠡᠷᠦᠩᠬᠡᠶ ᠬᠢᠨᠠᠭᠴᠢ᠂ ᠤᠳᠤᠷᠢᠳᠤᠭᠠᠴᠢ ᠯᠢᠦᠶ ᠵᠢᠶᠠ ᠤᠳᠤᠷᠢᠳᠤᠪᠠ᠃ ᠬᠥᠭᠵᠢᠮᠴᠢᠳ ᠳᠤᠮᠳᠠᠳᠤ ᠤᠯᠤᠰ ᠤᠨ ᠬᠥᠭᠵᠢᠮ ᠤᠨ ᠵᠣᠬᠢᠶᠠᠯᠴᠢ ᠵᠣᠣ ᠵᠢᠶ ᠫᠢᠩ ᠤᠨ ᠵᠣᠬᠢᠶᠠᠨ ᠪᠦᠲᠦᠭᠡᠭᠰᠡᠨ《 ᠲᠣᠷᠭᠠᠨ ᠤ ᠵᠠᠮ ᠤᠨ ᠬᠥᠭᠵᠢᠮ ᠠᠭᠱᠠᠨ 》᠂ ᠢᠷᠠᠨ ᠤ ᠬᠥᠭᠵᠢᠮ ᠤᠨ ᠵᠣᠬᠢᠶᠠᠯᠴᠢ ᠠᠯᠢ · ᠠᠯᠧᠺᠰᠠᠨᠳᠡᠷ ᠷᠠᠾᠪᠠᠷᠢ ᠶᠢᠨ ᠪᠦᠲᠦᠭᠡᠯ《 ᠮᠢᠨᠦ ᠡᠵᠢ ᠫᠧᠷᠰ 》ᠵᠢᠴᠢ ᠪᠧᠲ᠋ᠤᠹᠧᠨ ᠤ《 ᠵᠢᠷᠭᠤᠳᠤᠭᠠᠷ ᠨᠠᠶᠢᠷᠠᠯ ᠬᠥᠭᠵᠢᠮ 》 ᠢ ᠬᠥᠭᠵᠢᠮᠳᠡᠪᠡ᠃      ᠲᠣᠰ ᠤᠳᠠᠭᠠᠨ ᠤ ᠳᠠᠭᠤᠤ ᠬᠥᠭᠵᠢᠮ ᠤᠨ ᠲᠤᠭᠯᠠᠯᠲᠠ ᠶᠢ ᠢᠷᠠᠨ ᠤ ᠦᠨᠳᠦᠰᠦᠲᠡᠨ ᠤ ᠨᠠᠶᠢᠷᠠᠯ ᠬᠥᠭᠵᠢᠮ  ᠤᠨ ᠪᠦᠯᠬᠦᠮ ᠤᠨ ᠲᠣᠭᠯᠠᠯᠲᠠ ᠶᠢᠨ ᠸᠢᠳᠢᠣ᠋ ᠲᠠᠢ ᠬᠠᠮᠲᠤ ᠪᠠᠷ ᠰᠦᠯᠵᠢᠶᠡᠨ ᠳᠡᠭᠡᠷᠡᠬᠢ ᠳᠠᠭᠤᠤ ᠬᠥᠭᠵᠢᠮ ᠤᠨ ᠲᠤᠭᠯᠠᠯᠲᠠ ᠬᠢᠬᠦ ᠪᠥᠭᠡᠳ 9 ᠳ᠋ᠤᠭᠡᠷ ᠰᠠᠷ᠎ᠠ ᠶᠢᠨ ᠳᠤᠮᠳᠠᠴᠢ ᠪᠠᠷ ᠳᠤᠮᠳᠠᠳᠤ᠂ ᠢᠷᠡᠨ ᠬᠤᠶᠠᠷ ᠤᠯᠤᠰ ᠤᠨ ᠰᠦᠯᠵᠢᠶᠡᠨ ᠤ ᠲᠠᠪᠴᠠᠩ ᠢᠶᠠᠷ ᠨᠡᠪᠲᠡᠷᠡᠭᠦᠯᠬᠦ ᠪᠣᠯᠤᠨ᠎ᠠ᠃      ᠳᠠᠭᠤᠤ ᠬᠥᠭᠵᠢᠮ ᠤᠨ ᠲᠤᠭᠯᠠᠯᠲᠠ ᠠᠴᠠ ᠡᠮᠦᠨ᠎ᠡ᠂ ᠳᠡᠳ᠋ ᠰᠠᠶᠢᠳ ᠵᠠᠩ ᠰᠢᠤᠢ ᠳᠤᠮᠳᠠᠳᠤ ᠤᠯᠤᠰ ᠲᠤ ᠰᠠᠭᠤᠭ᠎ᠠ ᠢᠷᠡᠨ ᠤ ᠡᠯᠴᠢᠨ ᠰᠠᠶᠢᠳ ᠺᠧᠱᠠᠸᠠᠷᠽᠵᠠᠳᠧ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠢᠷᠡᠨ ᠤ ᠰᠣᠶᠣᠯ ᠪᠣᠯᠤᠨ ᠵᠢᠭᠤᠯᠴᠢᠯᠠᠯ ᠤᠨ ᠬᠦᠷᠢᠶᠡᠨ ᠤ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠪᠠ᠃  
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号