ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠣᠮᠣ ᠬᠡᠯᠪᠡᠷᠢ ᠶᠢᠨ  ᠣᠷᠴᠢᠨᠲᠤ ᠲᠤᠤᠯᠢ ︽ᠠᠭᠤᠤ ᠶᠡᠭᠡ ᠠᠶᠠᠨ ᠵᠠᠮ︾ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2021/7/16
    7 ᠳ᠋ᠤᠭᠠᠷ ᠰᠠᠷ᠎ᠠ ᠶᠢᠨ 9 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠣᠮᠣ ᠬᠡᠯᠪᠡᠷᠢ ᠶᠢᠨ ᠣᠷᠴᠢᠨᠲᠤ ᠲᠤᠤᠯᠢ ︽ᠠᠭᠤᠤ ᠶᠡᠭᠡ ᠠᠶᠠᠨ ᠵᠠᠮ  ︾ ︵ᠳᠣᠷᠣᠭᠰᠢ ︽ᠤᠷᠠᠨ ᠰᠠᠶᠢᠬᠠᠨ ᠤ ᠲᠣᠭᠯᠠᠯᠲᠠ︾ ᠭᠡᠵᠦ ᠲᠣᠪᠴᠢᠯᠠᠨ᠎ᠠ︶ ᠤᠨ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠷᠠᠨ ᠰᠠᠶᠢᠬᠠᠨ ᠤ ᠲᠣᠭᠯᠠᠯᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠬᠢᠭᠡᠳ ᠤᠳᠬ᠎ᠠ ᠤᠷᠠᠯᠢᠭ ᠤᠨ ᠰᠢᠭᠦᠮᠵᠢ ᠶᠢᠨ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃ ᠰᠣᠶᠣᠯ ᠪᠠ ᠵᠢᠭᠤᠯᠴᠢᠯᠠᠯ  ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠷᠤᠤ ᠴᠢᠤᠸᠠᠨ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ᠃      ᠷᠤᠤ ᠴᠢᠤᠸᠠᠨ ᠢᠯᠡᠷᠬᠡᠶᠢᠯᠡᠬᠦ ᠳᠤ ᠪᠠᠨ᠂ ᠤᠷᠠᠨ ᠰᠠᠶᠢᠬᠠᠨ ᠤ ᠲᠣᠭᠯᠠᠯᠲᠠ ᠶᠢᠨ ᠭᠤᠤᠯ ᠰᠡᠳᠦᠪ ᠨᠢ ᠢᠯᠡ ᠲᠣᠳᠣ᠂ ᠰᠡᠳᠬᠢᠮᠵᠢ ᠨᠢ ᠤᠷᠠᠨ᠂ ᠠᠷᠭ᠎ᠠ ᠬᠡᠯᠪᠡᠷᠢ ᠨᠢ ᠰᠢᠨ᠎ᠡ ᠰᠣᠷᠭᠤᠭ᠂ ᠠᠬᠤᠢ ᠲᠠᠯᠠᠪᠠᠶ ᠨᠢ ᠠᠤᠭ᠎ᠠ ᠶᠡᠭᠡ᠂ ᠮᠠᠰᠢ ᠴᠢᠩᠭ᠎ᠠ ᠨᠥᠯᠥᠭᠡᠯᠡᠬᠦ ᠬᠦᠴᠦᠨ ᠪᠠ ᠳᠣᠩᠰᠣᠯᠭᠠᠬᠤ ᠬᠦᠴᠦᠨ ᠲᠠᠢ᠂ ᠲᠥᠪ ᠤᠨ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠦᠨᠡᠯᠡᠯᠲᠡ ᠶᠢ ᠣᠯᠵᠤ᠂ ᠨᠡᠶᠢᠭᠡᠮ ᠤᠨ ᠬᠤᠷᠴᠠ ᠴᠢᠩᠭ᠎ᠠ ᠲᠤᠰᠬᠠᠯ ᠢ ᠣᠯᠵᠠᠶ᠃ ᠡᠨᠡ ᠪᠣᠯ ᠪᠦᠬᠦ ᠤᠯᠤᠰ ᠤᠨ ᠤᠳᠬ᠎ᠠ ᠤᠷᠠᠯᠢᠭ ᠤᠨ ᠡᠲᠡᠭᠡᠳ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠠᠮᠵᠢᠯᠲᠠ ᠲᠠᠢ ᠦᠢᠯᠡᠳᠦᠯᠭᠡ ᠮᠥᠨ᠂ ᠤᠳᠬ᠎ᠠ ᠤᠷᠠᠯᠢᠭ ᠤᠨ ᠨᠣᠶᠠᠨ ᠤᠷᠬᠢᠯ ᠳᠤ ᠭᠠᠷᠬᠤ ᠪᠠᠷ ᠴᠢᠷᠮᠠᠶᠢᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠡᠭᠦᠳᠦᠭᠰᠡᠨ ᠠᠮᠵᠢᠯᠲᠠ ᠲᠠᠢ ᠦᠢᠯᠡᠳᠦᠯᠭᠡ ᠮᠥᠨ᠂ ᠪᠠᠰᠠ ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠢᠯᠡᠷᠡᠭᠦᠯᠦᠨ᠂ ᠬᠦᠴᠦᠨ ᠢᠶᠠᠨ ᠲᠦᠪᠯᠡᠷᠡᠭᠦᠯᠵᠦ ᠶᠡᠭᠡ ᠶᠠᠪᠤᠳᠠᠯ ᠢ ᠪᠦᠲᠦᠭᠡᠭᠰᠡᠨ ᠠᠮᠵᠢᠯᠲᠠ ᠲᠠᠢ ᠦᠢᠯᠡᠳᠦᠯᠭᠡ ᠮᠥᠨ᠂ ᠨᠡᠩ ᠴᠤ ᠪᠦᠬᠦ ᠨᠠᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠢᠯᠡᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠮᠥᠨ ᠭᠡᠪᠡ᠃      ᠷᠤᠤ ᠴᠢᠤᠸᠠᠨ ᠢᠯᠡᠷᠬᠡᠶᠢᠯᠡᠬᠦ ᠳᠤ ᠪᠠᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠬᠢᠭᠡᠳ ᠤᠳᠬ᠎ᠠ ᠤᠷᠠᠯᠢᠭ ᠤᠨ ᠰᠢᠭᠦᠮᠵᠢ ᠶᠢ ᠬᠠᠷᠢᠯᠴᠠᠨ ᠦᠶᠯᠡᠳᠦᠯᠴᠡᠭᠦᠯᠵᠦ᠂ ᠬᠤᠯᠪᠣᠭᠠᠯᠠᠨ ᠬᠥᠳᠡᠯᠦᠯᠴᠡᠭᠦᠯᠪᠡᠯ ᠰᠠᠶ᠋ᠢ ᠬᠠᠮᠲᠤ ᠪᠠᠷ  ᠢᠶᠠᠨ ᠤᠳᠬ᠎ᠠ ᠤᠷᠠᠯᠢᠭ ᠤᠨ ᠨᠣᠶᠠᠨ ᠣᠷᠭᠢᠯ ᠢ ᠪᠣᠰᠬᠠᠬᠤ ᠳᠤ ᠠᠰᠢᠭᠲᠠᠶ ᠤᠳᠬ᠎ᠠ ᠤᠷᠠᠯᠢᠭ ᠤᠨ ᠣᠷᠴᠢᠨ ᠨᠥᠬᠦᠴᠡᠯ ᠢ ᠪᠦᠷᠢᠯᠳᠦᠭᠦᠯᠵᠦ ᠴᠢᠳᠠᠨ᠎ᠠ᠃ ᠶᠡᠷᠦᠩᠬᠡᠢ ᠱᠦᠵᠢ ᠰᠢ ᠶᠢᠨ ᠫᠢᠩ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠳᠤ ᠪᠠᠨ ︽ᠤᠳᠬ᠎ᠠ ᠤᠷᠠᠯᠢᠭ ᠤᠨ ᠰᠢᠭᠦᠮᠵᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠨᠡᠨ ᠬᠦ ᠴᠢᠩᠭᠠᠳᠬᠠᠬᠤ ᠬᠡᠷᠡᠭᠲᠡᠢ︾ ᠭᠡᠵᠦ ᠵᠢᠭᠠᠨ ᠭᠠᠷᠭᠠᠵᠤ ᠦᠩᠭᠡᠷᠡᠭᠰᠡᠨ ᠨᠢ ᠣᠳᠣᠬᠠᠨ ᠤ ᠤᠳᠬ᠎ᠠ ᠤᠷᠠᠯᠢᠭ ᠤᠨ ᠰᠢᠭᠦᠮᠵᠢ ᠳᠤ ᠴᠢᠭᠯᠡᠯ ᠢ ᠲᠣᠳᠤᠷᠬᠠᠶᠢᠯᠠᠵᠤ ᠦᠭᠴᠡᠢ᠃ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠠᠨ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠲᠡᠦᠬᠡ ᠠᠴᠠ ᠣᠯᠭᠤᠭᠰᠠᠨ ᠰᠢᠨ᠎ᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠭᠤᠤᠯ ᠬᠥᠭ ᠠᠶᠠᠰ ᠢ ᠴᠢᠪᠬᠠᠳᠠᠨ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠢᠳᠡᠪᠬᠢ ᠬᠦᠴᠦᠨ ᠢ ᠳᠠᠮᠵᠢᠭᠤᠯᠤᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠰᠣᠳᠣᠨ ᠳᠣᠷᠪᠢᠯᠢᠭ ᠪᠦᠲᠦᠭᠡᠯ ᠢ ᠵᠣᠬᠢᠶᠠᠨ ᠪᠦᠲᠦᠭᠡᠵᠦ᠂ ᠰᠢᠯᠢᠳᠡᠭ ᠪᠦᠲᠦᠭᠡᠯ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠬᠤ ᠬᠡᠷᠡᠭᠲᠡᠶ ᠭᠡᠪᠡ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠴᠧᠨ ᠸᠧᠢ ᠶᠠ᠂ ᠵᠦ ᠬᠠᠢ ᠵᠡᠷᠭᠡ ᠤᠷᠠᠨ ᠰᠠᠶᠢᠬᠠᠨ ᠤ ᠲᠣᠭᠯᠠᠯᠲᠠ ᠶᠢᠨ ᠭᠤᠣᠯᠯᠠᠨ ᠵᠣᠬᠢᠶᠠᠨ ᠪᠦᠲᠦᠭᠡᠬᠦ ᠪᠦᠯᠬᠦᠮ ᠤᠨ ᠲᠥᠯᠥᠭᠡᠯᠡᠭᠴᠢ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠡᠸᠦ ᠶᠠᠩ ᠢ ᠪᠢᠩ᠂ ᠹᠧᠩ ᠱᠤᠸᠠᠩ ᠪᠠᠢ᠂ ᠯᠢᠦ ᠢᠦᠢ ᠴᠢᠨ᠂ ᠰᠢᠤᠢ ᠷᠦᠢ᠂ ᠵᠤᠤ ᠴᠧᠨ᠂ ᠡᠸᠦ ᠵᠢᠶᠠᠨ ᠫᠢᠩ᠂ ᠰᠦᠩ ᠪᠣᠤ ᠵᠧᠨ᠂ ᠯᠦ ᠲᠠᠢ ᠭᠤᠸᠠᠩ᠂ ᠮᠤᠤ ᠬᠤᠢ᠂ ᠰᠢᠶᠠᠩ ᠰᠢᠶᠤᠤ ᠭᠠᠩ ᠵᠡᠷᠭᠡ ᠰᠢᠭᠦᠮᠵᠢᠯᠡᠭᠴᠢ ᠰᠠᠨᠠᠯ ᠢᠶᠠᠨ ᠰᠣᠯᠢᠯᠴᠠᠨ ᠦᠭᠡ ᠶᠠᠷᠢᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠤᠷᠠᠯᠢᠭ ᠤᠨ ᠵᠤᠷᠭᠠᠨ᠂ ᠳᠤᠮᠳᠠᠳᠤ ᠤᠯᠤᠰ ᠤᠨ ᠤᠷᠠᠯᠢᠭ ᠰᠤᠳᠤᠯᠬᠤ ᠬᠦᠷᠢᠶᠡᠯᠡᠩ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠤᠷᠠᠨ ᠰᠠᠶᠢᠬᠠᠨ ᠤ ᠲᠣᠭᠯᠠᠯᠲᠠ ᠶᠢᠨ ᠭᠤᠣᠯᠯᠠᠨ ᠵᠣᠬᠢᠶᠠᠨ ᠪᠦᠲᠦᠭᠡᠬᠦ ᠪᠦᠯᠬᠦᠮ ᠤᠨ ᠲᠥᠯᠥᠭᠡᠯᠡᠭᠴᠢ᠂ ᠬᠡᠰᠡᠭ ᠮᠤᠵᠢ ︵ᠣᠷᠣᠨ᠂ ᠬᠤᠲᠠ︶ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ︵ᠲᠣᠪᠴᠢᠶ᠎ᠠ︶ ᠤᠨ ᠤᠷᠠᠯᠢᠭ ᠤᠨ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠴᠢ ᠲᠥᠪ ᠤᠨ ᠭᠤᠤᠯ ᠤᠷᠤᠰᠬᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ︵ᠲᠠᠩ ᠪᠦᠸᠧ ᠨᠦᠩ︶
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号