ᠰᠢ ᠶᠢᠨ ᠫᠢᠩ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠬᠰᠠᠨ ᠨᠢ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ ᠶᠢ ᠪᠠᠷᠢᠮᠲᠠᠯᠠᠵᠤ ᠡᠨᠡ ᠬᠦ ᠰᠠᠶᠢᠨ ᠶᠠᠪᠤᠳᠠᠯ ᠢ ᠦᠨᠡᠨ ᠬᠦ ᠰᠠᠶᠢᠲᠤᠷ ᠪᠤᠳᠠᠳᠠᠢ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2021/7/28
      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 23 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ  ᠶᠢᠨ ᠫᠢᠩ ᠤᠢᠢᠷ᠎ᠠ ᠶᠢᠨ ᠡᠳᠦᠷ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠤᠢᠢᠷ᠎ᠠ ᠶᠢᠨ ᠵᠢᠯ ᠠᠴᠠ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠵᠤ᠂ ᠠᠷᠢᠭᠤᠨ ᠴᠡᠪᠡᠷ ᠵᠣᠷᠯᠣᠩ ᠢ ᠲᠠᠰᠤᠷᠠᠯᠳᠠ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠦᠷᠭᠦᠯᠵᠢᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠨᠢᠭᠡ ᠵᠦᠢᠯ ᠤᠨ ᠴᠢᠬᠤᠯᠠ ᠠᠵᠢᠯ ᠪᠣᠯᠭᠠᠵᠤ᠂ ᠲᠠᠷᠢᠶᠠᠴᠢᠳ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠂ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ᠂ ᠠᠬᠢᠴᠠ ᠨᠢ ᠪᠣᠳᠠᠲᠤ ᠦᠷ᠎ᠡ ᠪᠦᠲᠦᠮᠵᠢ ᠶᠢ ᠳᠠᠭᠠᠬᠤ᠂ ᠰᠠᠶᠢᠨ ᠢ ᠬᠥᠭᠡᠭᠡᠴᠡᠯᠳᠦᠪᠡᠴᠦ ᠲᠦᠷᠭᠡᠨ ᠢ ᠬᠥᠭᠡᠭᠡᠴᠡᠯᠳᠦᠬᠦ ᠥᠬᠡᠶ ᠪᠠᠶᠢᠬᠤ ᠶᠢ ᠪᠠᠷᠢᠮᠲᠠᠯᠠᠨ᠂ ᠠᠷᠠᠳ ᠢ ᠵᠦᠳᠡᠭᠡᠵᠦ ᠡᠳ᠋ ᠢ ᠰᠦᠢᠳᠭᠡᠬᠦ᠂ ᠬᠡᠯᠪᠡᠷᠢ ᠶᠢ ᠬᠦᠭᠡᠭᠡᠴᠡᠯᠳᠤᠵᠦ ᠮᠠᠶ᠋ᠢᠭ ᠭᠠᠷᠭᠠᠬᠤ ᠶᠢ ᠡᠷᠡᠰ ᠡᠰᠡᠷᠭᠦᠴᠡᠵᠦ᠂ ᠯᠠᠪᠳᠠᠭᠤᠨ ᠪᠠᠲᠤᠲᠠᠶ ᠪᠠᠷ ᠤᠷᠤᠭᠰᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠵᠢᠯ ᠳᠠᠷᠠᠭᠠᠯᠠᠨ ᠬᠢᠵᠦ᠂ ᠡᠨᠡ ᠬᠦ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃      ᠪᠥᠬᠦ ᠤᠯᠤᠰ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠤᠬᠠᠶ ᠶᠢᠨ ᠭᠠᠵᠠᠷ ᠤᠨ ᠬᠤᠷᠠᠯ 23 ᠤ ᠡᠳᠦᠷ ᠬᠤᠨᠠᠨ ᠮᠤᠵᠢ ᠶᠢᠨ ᠾᠧᠩᠶᠠᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠵᠢᠯ ᠪᠣᠯᠭᠠᠨ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠰᠠᠶᠢᠨ ᠢ ᠬᠥᠭᠡᠭᠡᠴᠡᠯᠳᠦᠪᠡᠴᠦ ᠲᠦᠷᠭᠡᠨ ᠢ ᠬᠥᠭᠡᠭᠡᠴᠡᠯᠳᠦᠬᠦ ᠦᠭᠡᠢ ᠪᠠᠶᠢᠬᠤ ᠶᠢ ᠪᠠᠷᠢᠮᠲᠠᠯᠠᠵᠤ᠂ ᠯᠠᠪᠳᠠᠭᠤᠨ ᠪᠠᠲᠤᠲᠠᠢ ᠲᠣᠭᠲᠠᠭᠤᠨ ᠢᠶᠠᠷ ᠠᠬᠢᠭᠤᠯᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠢᠭᠡ ᠶᠢ ᠥᠭᠡᠷᠡᠴᠢᠯᠡᠪᠡᠯ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ᠃ ᠵᠣᠷᠯᠣᠩ ᠢ ᠥᠭᠡᠷᠡᠴᠢᠯᠡᠬᠦ ᠶᠢ ᠤᠰᠤ ᠬᠠᠩᠭᠠᠬᠤ ᠶᠢ ᠪᠠᠳᠤᠯᠠᠬᠤ ᠪᠠ ᠪᠣᠬᠢᠷ ᠤᠰᠤ ᠶᠢ ᠰᠢᠢᠳᠪᠦᠷᠢᠯᠡᠬᠦ ᠯᠦᠭᠡ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠣᠬᠢᠷᠠᠮᠵᠢᠲᠠᠢ ᠠᠷᠭ᠎ᠠ ᠮᠠᠶ᠋ᠢᠭ ᠪᠠ ᠮᠡᠷᠭᠡᠵᠢᠯ ᠢ ᠬᠠᠶᠢᠨ ᠰᠦᠪᠡᠭᠴᠢᠯᠡᠵᠦ᠂ ᠲᠤᠷᠰᠢᠯᠲᠠ ᠬᠢᠭᠡᠳ ᠪᠣᠯᠪᠠᠰᠤᠷᠠᠩᠭᠤᠢ ᠪᠣᠯᠤᠭᠰᠠᠨ ᠤ ᠲᠠᠷᠠᠭ᠎ᠠ ᠳᠡᠯᠭᠡᠷᠡᠭᠦᠯᠬᠦ ᠬᠡᠷᠡᠭᠲᠡᠢ᠃ ᠲᠠᠷᠢᠶᠠᠴᠢᠳ ᠤᠨ ᠭᠤᠤᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠰᠠᠭᠤᠳᠠᠯ ᠢ ᠪᠠᠶᠢᠴᠠᠭᠠᠨ ᠣᠶᠢᠯᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠲᠠᠷᠢᠶᠠᠴᠢᠨ ᠲᠦᠮᠡᠨ ᠤ ᠠᠰᠢᠭ ᠬᠦᠷᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠨᠠᠨ᠂ ᠾᠧᠪᠸᠢ᠂ ᠯᠢᠶᠣᠤᠨᠢᠩ᠂ ᠬᠠᠶᠢᠨᠠᠨ᠂ ᠶᠦᠨᠨᠠᠨ᠂ ᠭᠠᠨᠰᠦ ᠮᠤᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠬᠤᠯᠪᠣᠭᠳᠠᠯ ᠪᠥᠬᠦᠶ ᠮᠤᠵᠢ ᠣᠷᠣᠨ ᠪᠣᠯᠤᠨ ᠰᠠᠯᠠᠭ᠎ᠠ ᠮᠥᠴᠢᠷ᠂ ᠡᠯ᠎ᠡ ᠮᠤᠵᠢ ᠣᠷᠣᠨ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠰᠠᠯᠠᠭ᠎ᠠ ᠮᠥᠴᠢᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠪᠣᠯᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠠᠵᠢᠯ ᠤᠨ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠤᠩᠭᠤᠯ ᠤᠨ ᠡᠲᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号