ᠰᠣᠶᠣᠯ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠭᠷᠦ᠋ᠽᠢᠶᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2021/8/20
     8 ᠳ᠋ᠤᠭᠠᠷ ᠰᠠᠷ᠎ᠠ ᠶᠢᠨ 16 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ ᠭᠷᠦ᠋ᠽᠢᠶᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠺᠠᠯᠠᠨᠳᠢᠶᠠ ᠨᠠᠷ ᠲᠠᠢ ᠠᠭᠤᠯᠵᠠᠪᠠ᠃    
     ᠵᠠᠩ ᠰᠢᠤᠢ᠂ ᠳᠤᠮᠳᠠᠳᠤ ᠭᠷᠦ᠋ᠽᠢᠶᠠ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠠᠢ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠤᠨ ᠰᠣᠶᠣᠯ ᠤᠨ ᠬᠠᠮᠲᠤᠷᠠᠯᠴᠠᠭᠠᠨ ᠤ ᠲᠥᠯᠥᠪᠯᠡᠭᠡ ᠶᠢᠨ ᠨᠠᠶᠢᠳᠠᠪᠦᠷᠢᠵᠢᠭ᠌ᠰᠠᠨ ᠪᠠᠶᠢᠳᠠᠯ ᠰᠠᠶᠢᠨ ᠪᠠᠶᠢᠵᠤ᠂ ᠬᠤᠶᠠᠷ ᠤᠯᠤᠰ ᠤᠨ ᠠᠷᠠᠳ ᠤᠨ ᠰᠣᠶᠣᠯ ᠤᠨ ᠰᠣᠯᠢᠯᠴᠠᠭ᠎ᠠ ᠬᠥᠭᠵᠢᠶᠡᠨᠲᠡᠢ ᠶᠠᠪᠤᠭᠳᠠᠵᠤ᠂ ︽ᠪᠠᠶᠠᠷ ᠪᠠᠶᠠᠰᠤᠯᠲᠤ ᠴᠠᠭᠠᠨ ᠰᠠᠷ᠎ᠠ︾ ᠵᠡᠷᠭᠡ ᠲᠦᠷᠦᠯ ᠲᠡᠮᠳᠡᠭ ᠤᠨ ᠠᠵᠢᠯᠯᠠᠭ᠎ᠠ ᠶᠢᠨ ᠨᠥᠯᠥᠭᠡ ᠡᠳᠦᠷ ᠢᠷᠡᠬᠦᠶ᠎ᠡ ᠥᠷᠭᠡᠵᠢᠵᠦ᠂ ᠤᠯᠠᠨ ᠤᠯᠤᠰ ᠤᠨ ᠲᠠᠪᠴᠠᠩ ᠳᠡᠭᠡᠷ᠎ᠡ ᠬᠠᠷᠢᠯᠴᠠᠨ ᠲᠡᠮᠵᠢᠵᠦ᠂ ᠤᠯᠠᠨ ᠲᠠᠯᠠᠲᠤ ᠪᠣᠷᠣ ᠲᠥᠯᠥᠪ ᠤᠨ ᠳᠣᠲᠣᠷ᠎ᠠ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠪᠡ᠃ ᠬᠤᠶᠠᠷ ᠤᠯᠤᠰ ᠤᠨ ᠵᠢᠭᠤᠯᠴᠢᠯᠠᠯ ᠤᠨ ᠬᠠᠮᠲᠤᠷᠠᠯᠴᠠᠭ᠎ᠠ ᠲᠣᠭᠲᠠᠭᠤᠨ ᠢᠶᠠᠷ ᠬᠥᠭᠵᠢᠵᠦ᠂ ᠬᠤᠣᠰ ᠴᠢᠭᠯᠡᠯ ᠢᠶᠠᠷ ᠵᠣᠷᠴᠢᠬᠤ ᠬᠥᠮᠦᠰ ᠤᠨ ᠬᠡᠪᠴᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠬᠤᠶᠠᠷ ᠲᠠᠯ᠎ᠠ ᠪᠠᠷ ᠢᠶᠠᠨ 2022 ᠣᠨ ᠤ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠠᠮᠲᠤ ᠪᠠᠷ ᠬᠢᠵᠢᠭ ᠲᠠᠢ ᠳᠡᠮᠡᠴᠡᠬᠦ ᠰᠠᠭᠤᠷᠢᠨ ᠳᠡᠭᠡᠷ᠎ᠡ᠂ ᠳᠤᠮᠳᠠᠳᠤ ᠭᠷᠦ᠋ᠽᠢᠶᠠ ᠶᠢᠨ ︽ᠨᠢᠭᠡ ᠪᠦᠰᠡ ᠨᠢᠭᠡ ᠵᠠᠮ︾ ᠤᠨ ᠪᠣᠷᠣ ᠲᠥᠯᠥᠪ ᠳᠣᠣᠷᠠᠬᠢ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠭᠷᠦ᠋ᠽᠢᠶᠠ ᠶᠢᠨ ᠨᠥᠬᠦᠷᠯᠡᠯ ᠤᠨ ᠳᠠᠬᠢᠨᠲᠠ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠠᠬᠢᠨᠲᠠ ᠰᠢᠨ᠎ᠡ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃     ᠡᠯᠴᠢᠨ ᠰᠠᠶᠢᠳ ᠺᠠᠯᠠᠨᠳᠢᠶᠠ᠂ ᠭᠷᠦ᠋ᠽᠢᠶᠠ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠭᠷᠦ᠋ᠽᠢᠶᠠ ᠳᠤᠮᠳᠠᠳᠤ ᠬᠤᠶᠠᠷ ᠤᠯᠤᠰ ᠤᠨ ᠰᠣᠶᠣᠯ ᠪᠣᠯᠤᠨ ᠵᠢᠭᠤᠯᠴᠢᠯᠠᠯ ᠤᠨ ᠬᠦᠷᠢᠶᠡᠨ ᠳᠤ ᠬᠢ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ ᠳᠤᠷᠠᠲᠠᠶ ᠭᠡᠵᠦ ᠢᠯᠡᠷᠬᠡᠶᠢᠯᠡᠵᠡᠢ᠃      ᠬᠤᠷᠠᠯ ᠤᠨ ᠳᠠᠷᠠᠭ᠎ᠠ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠬᠢᠭᠡᠳ ᠭᠷᠦ᠋ᠽᠢᠶᠠ ᠶᠢᠨ ᠰᠣᠶᠣᠯ᠂ ᠪᠡᠶ᠎ᠡ ᠶᠢᠨ ᠲᠠᠮᠢᠷ ᠪᠠ ᠵᠠᠯᠠᠭᠤᠴᠤᠳ ᠤᠨ ᠶᠠᠮᠤᠨ ᠤ 2021 — 2025 ᠣᠨ ᠤ ᠰᠣᠶᠣᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号