︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠄ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠢᠯᠡᠰ ᠤᠨ ᠬᠥᠭᠵᠢᠯᠲᠡ ᠶᠢᠨ ᠭᠡᠷᠡᠯ ᠰᠠᠴᠤᠷᠠᠩᠭᠤᠶ ᠬᠠᠭᠤᠳᠠᠰᠤ︾ ᠭᠡᠬᠦ ᠴᠠᠭᠠᠨ ᠭᠠᠲᠠᠷᠲᠤ ᠪᠢᠴᠢᠭ ᠲᠤ ᠵᠢᠭᠠᠵᠤ ᠭᠠᠷᠭᠠᠭᠰᠠᠨ ᠨᠢ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ  ᠳᠡᠭᠡᠭᠰᠢᠯᠡᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠥᠷᠨᠢᠩᠭᠦᠶ ᠬᠦᠭᠵᠢᠪᠡ
ᠨᠡᠶᠢᠲᠡᠯᠡᠭᠰᠡᠨ ᠴᠠᠭ᠄
2021/8/20
     ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ 8 ᠳ᠋ᠤᠭᠠᠷ ᠰᠠᠷ᠎ᠠ ᠶᠢᠨ 12 ᠤᠨ ᠡᠳᠦᠷ ︽ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ᠄ ᠳᠤᠮᠳᠠᠳᠤ ᠤᠯᠤᠰ ᠤᠨ ᠬᠥᠮᠦᠨ ᠤ ᠡᠷᠬᠡ ᠶᠢᠨ ᠦᠶᠯᠡᠰ ᠤᠨ ᠬᠥᠭᠵᠢᠯᠲᠡ ᠶᠢᠨ ᠬᠡᠷᠡᠯ ᠰᠠᠴᠤᠷᠠᠩᠭᠤᠶ ᠬᠠᠭᠤᠳᠠᠰᠤ︾ ᠭᠡᠬᠦ ᠴᠠᠭᠠᠨ ᠭᠠᠳᠠᠷᠳᠤ ᠪᠢᠴᠢᠭ ᠨᠡᠶᠢᠲᠡᠯᠡᠨ ᠵᠢᠭᠠᠵᠤ ᠭᠠᠷᠭᠠᠭᠰᠠᠨ ᠨᠢ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠨᠢ ᠪᠥᠬᠦ ᠨᠡᠶᠢᠭᠡᠮ ᠤᠨ ᠬᠥᠮᠦᠨ ᠤ ᠡᠷᠬᠡ ᠶᠢ ᠬᠦᠨᠳᠦᠳᠬᠡᠨ ᠪᠠᠲᠤᠯᠠᠬᠤ ᠰᠣᠶᠣᠯ ᠢ ᠪᠣᠶᠢᠵᠢᠭᠤᠯᠪᠠ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠬᠥᠮᠦᠰ ᠤᠨ ᠰᠡᠳᠬᠢᠯ ᠳᠤ ᠬᠠᠳᠠᠩᠰᠢᠨ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠥᠷᠨᠢᠩᠭᠦᠢ ᠬᠥᠭᠵᠢᠪᠡ︔ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠨᠡᠩ ᠰᠠᠶᠢᠨ ᠴᠣᠭᠴᠠᠯᠠᠵᠤ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ᠂ ᠰᠣᠶᠣᠯ ᠤᠨ ᠢᠲᠡᠭᠡᠯ ᠢᠯᠡᠳᠭᠡᠭᠳᠡᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠶᠡᠭᠡ ᠪᠠᠷ ᠳᠡᠭᠡᠭᠰᠢᠯᠡᠵᠡᠢ ᠭᠡᠪᠡ᠃      ᠴᠠᠭᠠᠨ ᠭᠠᠳᠠᠷᠳᠤ ᠪᠢᠴᠢᠭ ᠲᠤ ᠵᠢᠭᠠᠵᠤ ᠭᠠᠷᠭᠠᠭᠰᠠᠨ ᠨᠢ᠂ 40 ᠭᠠᠷᠤᠶ ᠵᠢᠯ ᠤᠨ ᠬᠥᠭᠵᠢᠯᠲᠡ ᠪᠠᠷ ᠳᠡᠮᠵᠢᠨ᠂ ᠬᠤᠲᠠ ᠬᠥᠳᠡᠭᠡ ᠶᠢ ᠬᠠᠮᠤᠷᠤᠭᠰᠠᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠦᠷᠭᠦᠯᠵᠢᠯᠡᠨ ᠴᠡᠴᠡᠭᠯᠡᠵᠦ᠂ ᠰᠣᠶᠣᠯ ᠪᠡᠶ᠎ᠡ ᠶᠢᠨ ᠲᠠᠮᠢᠷ ᠤᠨ ᠦᠶᠯᠡᠰ ᠦᠷᠨᠢᠭᠦᠨ ᠬᠥᠭᠵᠢᠪᠡ᠃ 2020 ᠣᠨ ᠳᠤ᠂ ᠪᠥᠬᠦ ᠤᠯᠤᠰ ᠲᠤ ᠨᠡᠶᠢᠲᠡ 3212 ᠨᠣᠮ ᠤᠨ ᠰᠠᠩ᠂ 5788 ᠮᠦᠽᠧᠶ᠂ 3321 ᠰᠣᠶᠣᠯ ᠤᠨ ᠣᠷᠳᠣᠨ᠂ 32825 ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ᠂ 575384 ᠲᠣᠰᠬᠤᠨ ᠤ ᠲᠠᠰ ᠤᠨ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠶᠯᠡᠴᠢᠯᠡᠭᠡᠨ ᠤ ᠲᠥᠪ ᠲᠠᠢ ᠪᠣᠯᠵᠠᠢ᠃ ᠪᠦᠬᠦ ᠵᠢᠯ ᠳᠤ᠂ ᠡᠯ᠎ᠡ ᠲᠥᠷᠥᠯ ᠤᠨ ᠰᠣᠨᠢᠨ ᠢ 277 ᠳ᠋ᠦᠩᠰᠢᠭᠤᠷ ᠬᠤᠪᠢ ᠬᠡᠪᠯᠡᠵᠦ᠂ ᠡᠯ᠎ᠡ ᠲᠥᠷᠥᠯ ᠤᠨ ᠬᠤᠭᠤᠴᠠᠭᠠᠲᠤ ᠰᠡᠳᠬᠦᠯ ᠢ 20 ᠳ᠋ᠦᠩᠰᠢᠭᠤᠷ ᠳᠡᠪᠲᠡᠷ᠂ ᠨᠣᠮ ᠪᠢᠴᠢᠭ ᠢ 101 ᠳ᠋ᠦᠩᠰᠢᠭᠤᠷ ᠳᠡᠪᠲᠡᠷ ︵ᠬᠠᠭᠤᠳᠠᠰᠤ︶ ᠬᠡᠪᠯᠡᠨ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠨᠣᠮ ᠪᠢᠴᠢᠭ ᠤᠨ ᠬᠡᠮᠵᠢᠶ᠎ᠡ 7.24 ᠳᠡᠪᠲᠡᠷ ︵ᠬᠠᠭᠤᠳᠠᠰᠤ︶ ᠲᠤ ᠬᠦᠷᠴᠡᠢ᠃ ᠪᠥᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.4 %᠂ ᠲᠧᠯᠸᠢᠰ ᠤᠨ ᠫᠷᠤᠭ᠍ᠷᠠᠮ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 99.6 % ᠪᠣᠯᠪᠠ᠃ ᠪᠦᠬᠦ ᠵᠢᠯ ᠳᠤ 202 ᠪᠤᠳᠢ 7476 ᠪᠦᠯᠦᠭ ᠲᠧᠯᠸᠢᠰ ᠵᠦᠴᠦᠭᠡ᠂ 116688 ᠮᠢᠨᠦ᠋ᠲ ᠲᠧᠯᠸᠢᠰ ᠺᠠᠷᠲ᠋ᠣᠨ ᠺᠢᠨᠣ᠋᠂ 531 ᠦᠯᠢᠭᠡᠷᠲᠦ ᠺᠢᠨᠣ᠋᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠲᠡᠮᠳᠡᠭᠯᠡᠯ᠂ ᠺᠠᠷᠲ᠋ᠣᠨ ᠺᠢᠨᠣ᠋ ᠪᠠ ᠣᠨᠴᠠ ᠲᠥᠷᠥᠯ ᠤᠨ ᠺᠢᠨᠣ᠋ 119 ᠦᠢᠯᠡᠳᠴᠡᠢ᠃ ᠷᠠᠳᠢᠣ᠋ ᠲᠧᠯᠸᠢᠰ  ᠢ ᠡᠷᠦᠬᠡ ᠪᠦᠷᠢ ᠳᠤ ᠨᠡᠪᠲᠡᠷᠡᠭᠦᠯᠬᠦ ᠢᠨᠵᠧᠨᠧᠷᠢᠩ᠂ ᠬᠥᠳᠡᠭᠡ ᠲᠣᠰᠬᠤᠨ ᠤ ᠺᠢᠨᠣ᠋ ᠭᠠᠷᠭᠠᠬᠤ ᠢᠨᠵᠧᠨᠧᠷᠢᠩ᠂ ᠬᠦᠳᠡᠭᠡ ᠠᠶᠢᠯ ᠤᠨ ᠨᠣᠮ ᠤᠨ ᠦᠷᠦᠭᠡ ᠶᠢᠨ ᠢᠨᠵᠧᠨᠧᠷᠢᠩ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠡᠩᠴᠡᠭᠦᠯᠬᠦ ᠶᠢ ᠠᠬᠢᠭᠤᠯᠤᠨ᠂ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ ᠠᠰᠢᠭ  ᠢ ᠪᠠᠲᠤᠯᠠᠪᠠ᠃ ᠤᠯᠠᠨ ᠨᠡᠶᠢᠲᠡ ᠶᠢᠨ ᠲᠣᠭᠠᠴᠢᠯᠠᠭᠰᠠᠨ ᠰᠣᠶᠣᠯ ᠤᠨ ᠢᠨᠵᠧᠨᠧᠷᠢᠩ ᠨᠢ ᠪᠦᠬᠦ ᠤᠯᠤᠰ ᠤᠨ ᠬᠠᠮᠲᠤ  ᠪᠠᠷ ᠡᠳ᠋ᠯᠡᠬᠦ ᠲᠣᠭᠠᠴᠢᠯᠠᠭᠰᠠᠨ ᠡᠬᠢ ᠪᠠᠶᠠᠯᠢᠭ ᠢ ᠨᠡᠶᠢᠳᠡ 1274 TB ᠰᠢᠬᠠᠮ ᠪᠠᠶᠢᠭᠤᠯᠵᠤ᠂ ᠲᠣᠭᠠᠴᠢᠯᠠᠭᠰᠠᠨ ᠨᠣᠮ ᠤᠨ ᠰᠠᠩ ᠢ ᠳᠡᠯᠭᠡᠷᠡᠭᠦᠯᠬᠦ ᠢᠨᠵᠧᠨᠧᠷᠢᠩ ᠨᠢ ᠪᠦᠬᠦ ᠤᠯᠤᠰ ᠤᠨ 39 ᠮᠤᠵᠢ ᠶᠢᠨ ᠲᠡᠰ ᠤᠨ ᠨᠣᠮ ᠤᠨ ᠰᠠᠩ ᠂ 376 ᠬᠤᠳᠠ ᠶᠢᠨ ᠲᠡᠰ ᠤᠨ ᠨᠣᠮ ᠤᠨ ᠰᠠᠩ ᠢ ᠬᠠᠮᠤᠷᠤᠨ᠂ ᠦᠢᠯᠡᠴᠢᠯᠡᠭᠡ ᠨᠢ 2760 ᠰᠢᠶᠠᠨ ᠤ ᠲᠡᠰ ᠤᠨ ᠨᠣᠮ ᠤᠨ ᠰᠠᠩ ᠳᠤ ᠬᠦᠷᠴᠡᠢ ᠭᠡᠪᠡ᠃ ︵ᠼᠦᠢ ᠵᠧ︶  
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号