ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ  ᠢ ᠬᠠᠮᠠᠭᠠᠯᠠᠬᠤ ᠨᠡᠶᠢᠭᠡᠮᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠶ ᠮᠡᠷᠭᠡᠵᠢᠯ ᠤᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/8/4
     7 ᠳ᠋ᠤᠭᠠᠷ ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠭᠡᠮᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠶ ᠮᠡᠷᠭᠡᠵᠢᠯ ᠤᠨ ᠵᠥᠪᠯᠡᠯ ( ᠳᠣᠷᠣᠭᠰᠢ 《 ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠶ ᠵᠥᠪᠯᠡᠯ 》 ᠭᠡᠵᠦ ᠲᠣᠪᠴᠢᠯᠠᠨ᠎ᠠ ) ᠪᠠᠶᠢᠭᠤᠯᠤᠭᠳᠠᠬᠤ ᠶᠡᠭᠡ ᠬᠤᠷᠠᠯ ᠶᠦᠨᠨᠠᠨ ᠤ ᠳ᠋ᠠᠯᠢ ᠳᠤ ᠬᠤᠷᠠᠯᠳᠤᠪᠠ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠭᠡᠮᠯᠢᠭ ᠤᠨ ᠳᠠᠷᠤᠭ᠎ᠠ ᠸᠠᠩ ᠰᠢᠶᠤᠤ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃      ᠸᠠᠩ ᠰᠢᠶᠤᠤ ᠹᠧᠩ᠂ ᠲᠣᠭᠠᠴᠢᠯᠠᠯᠲᠠ ᠨᠢ ᠶᠠᠭ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠠᠮᠢ ᠠᠬᠤᠢ ᠪᠣᠯᠤᠨ ᠬᠠᠮᠠᠭᠠᠯᠠᠯᠲᠠ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠳᠤ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠪᠣᠳᠠᠰ ᠤᠨ ᠪᠤᠰᠤ ᠰᠣᠶᠣᠯ  ᠤᠨ ᠥᠪ ᠤᠨ ᠲᠣᠭᠠᠴᠢᠯᠠᠭᠰᠠᠨ ᠲᠤᠰᠬᠠᠶ ᠵᠥᠪᠯᠡᠯ ᠨᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ  ᠴᠠᠭ ᠦᠶ᠎ᠡ ᠶᠢᠨ ᠡᠮᠦᠨ᠎ᠡ ᠡᠩᠨᠡᠭᠡᠨ ᠳᠤ ᠵᠣᠭᠰᠣᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠣᠳᠠᠰ  ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠶ ᠬᠠᠮᠠᠭᠠᠯᠠᠯᠲᠠ ᠶᠢᠨ ᠲᠤᠬᠠᠶ ᠰᠣᠶᠣᠯ ᠪᠠ ᠵᠢᠭᠤᠯᠴᠢᠯᠠᠯ  ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠰᠠᠶᠢᠲᠤᠷ ᠵᠣᠯᠭᠠᠭᠤᠯᠵᠤ᠂ ᠰᠠᠶᠢᠲᠤᠷ ᠦᠶᠯᠡᠴᠢᠯᠡᠨ᠎ᠡ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠭᠡᠰᠢᠭᠦᠳ ᠲᠤ ᠦᠢᠯᠡᠴᠢᠯᠡᠵᠦ᠂ ᠲᠣᠭᠠᠴᠢᠯᠠᠭᠰᠠᠨ ᠮᠡᠷᠭᠡᠵᠢᠯ ᠤᠨ ᠠᠷᠭ᠎ᠠ ᠪᠠᠷᠢᠯ ᠢᠶᠠᠷ ᠭᠡᠰᠢᠭᠦᠨ ᠪᠠ ᠪᠣᠳᠠᠰ ᠤᠨ ᠪᠤᠰᠤ ᠰᠣᠶᠣᠯ ᠤᠨ ᠥᠪ ᠤᠨ ᠬᠢᠨ  ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠭᠡᠰᠢᠭᠦᠨ ᠪᠠ ᠪᠣᠳᠠᠰ ᠤᠨ ᠪᠤᠰᠤ ᠰᠣᠶᠣᠯ ᠤᠨ ᠥᠪ ᠤᠨ ᠬᠢᠨ  ᠳᠤ ᠨᠡᠩ ᠤᠯᠠᠨ ᠰᠤᠷᠤᠯᠴᠠᠬᠤ ᠵᠠᠪᠰᠢᠶᠠᠨ ᠣᠯᠭᠤᠵᠤ᠂ ᠨᠡᠩ ᠤᠯᠠᠨ ᠰᠢᠨ᠎ᠡ ᠶᠢ ᠡᠭᠦᠳᠬᠦ ᠠᠷᠭ᠎ᠠ ᠵᠠᠮ ᠬᠠᠩᠭᠠᠵᠤ᠂ ᠭᠡᠰᠢᠭᠦᠨ ᠪᠠ ᠪᠣᠳᠠᠰ ᠤᠨ ᠪᠤᠰᠤ ᠰᠣᠶᠣᠯ ᠤᠨ ᠥᠪ ᠤᠨ ᠬᠢᠨ ᠳᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ ᠣᠯᠭᠤᠬᠤ ᠬᠡᠷᠡᠭᠲᠡᠢ  ᠭᠡᠵᠦ ᠢᠯᠡᠷᠬᠡᠶᠢᠯᠡᠪᠡ᠃      ᠶᠡᠭᠡ ᠬᠤᠷᠠᠯ ᠬᠤᠷᠠᠯᠳᠤᠬᠤ ᠠᠴᠠ ᠡᠮᠦᠨ᠎ᠡ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠢ ᠵᠥᠪᠯᠡᠯ ᠤᠨ ᠭᠡᠰᠢᠭᠦᠳ ᠤᠨ ᠶᠡᠭᠡ ᠬᠤᠷᠠᠯ ᠵᠢᠴᠢ ᠠᠩᠬᠠᠳᠤᠭᠠᠷ  ᠤᠳᠠᠭᠠᠨ  ᠤ ᠵᠥᠪᠯᠡᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 《 ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ  ᠢ ᠬᠠᠮᠠᠭᠠᠯᠠᠬᠤ ᠨᠡᠶᠢᠭᠡᠮᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠢ ᠵᠥᠪᠯᠡᠯ ᠤᠨ ᠬᠠᠮᠢᠶᠠᠷᠤᠯᠲᠠ ᠶᠢᠨ ᠠᠷᠭ᠎ᠠ 》᠂ 《 ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ   ᠢ ᠬᠠᠮᠠᠭᠠᠯᠠᠬᠤ ᠨᠡᠶᠢᠭᠡᠮᠯᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠢ ᠵᠥᠪᠯᠡᠯ ᠤᠨ ᠰᠣᠩᠭᠤᠭᠤᠯᠢ ᠶᠢᠨ ᠠᠷᠭ᠎ᠠ 》 ᠶᠢ ᠬᠢᠨᠠᠨ ᠪᠠᠲᠤᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠤᠰᠬᠠᠢ ᠵᠥᠪᠯᠡᠯ ᠤᠨ ᠭᠡᠰᠢᠭᠦᠨ ᠵᠢᠴᠢ ᠲᠡᠭᠦᠨ ᠤ ᠬᠠᠷᠢᠭᠤᠴᠠᠯᠭᠠᠲᠠᠨ ᠢ ᠰᠣᠩᠭᠤᠨ ᠭᠠᠷᠭᠠᠪᠠ  ᠃ ᠳᠤᠮᠳᠠᠳᠤ ᠤᠯᠤᠰ ᠤᠨ ᠲᠣᠭᠠᠴᠢᠯᠠᠭᠰᠠᠨ ᠰᠣᠶᠣᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠭᠴᠢ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠳ᠋ᠠᠢ ᠯᠢᠤ ᠮᠧᠢ ᠲᠤᠰ ᠵᠥᠪᠯᠡᠯ ᠤᠨ ᠡᠷᠬᠢᠯᠡᠭᠴᠢ ᠪᠠᠷ ᠰᠣᠩᠭᠤᠭᠳᠠᠪᠠ  ᠃ (  ᠬᠤᠸᠠᠩ ᠭᠤᠤ ᠶᠤᠸᠠᠨ )  
 
ᠢᠷᠡᠯᠲᠡ᠄ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号