2022 ᠣᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠳᠠᠷᠤᠭ᠎ᠠ ᠨᠠᠷ ᠤᠨ ᠬᠤᠷᠠᠯ  ᠬᠤᠷᠠᠯᠳᠤᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2022/1/21
     1 ᠳ᠋ᠣᠭᠡᠷ ᠰᠠᠷ᠎ᠠ ᠶᠢᠨ 17 ᠤ ᠡᠳᠦᠷ᠂ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠳᠠᠷᠤᠭ᠎ᠠ ᠨᠠᠷ ᠤᠨ ᠬᠤᠷᠠᠯ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠪᠡᠭᠡᠵᠢᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠢ ᠨᠠᠷᠢᠨ ᠬᠢᠨᠠᠮᠠᠭᠠᠶ ᠳ᠋ᠦᠩᠨᠡᠵᠦ᠂ 2022 ᠣᠨ ᠤ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠲᠣᠬᠢᠷᠠᠭᠤᠯᠵᠤ᠂ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠯᠢ ᠴᠢᠶᠦ᠋ᠨ ᠠᠵᠢᠯ ᠤᠨ ᠮᠡᠳᠡᠭᠦᠯᠦᠯᠲᠡ ᠬᠢᠪᠡ᠃ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠡᠳ᠋ ᠳᠠᠷᠤᠭ᠎ᠠ ᠭᠦ᠋ ᠢᠦᠢ ᠼᠠᠢ᠂ ᠬᠣ᠋ ᠪᠢᠩ᠂ ᠭᠤᠸᠠᠨ ᠴᠢᠶᠠᠩ ᠬᠤᠷᠠᠯ ᠳᠤ ᠣᠷᠣᠯᠴᠠᠵᠠᠢ᠃ ᠳᠤᠮᠳᠠᠳᠤ ᠤᠯᠤᠰ ᠤᠨ ᠮᠦᠽᠧᠶ ᠶᠢᠨ ᠳᠠᠷᠤᠭ᠎ᠠ ᠸᠠᠩ ᠴᠦᠨ ᠹᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ᠂ ᠱᠠᠯᠠᠪᠳᠠᠭᠤᠯᠤᠨ ᠪᠠᠶᠢᠴᠠᠭᠠᠬᠤ ᠵᠤᠷᠭᠠᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠵᠤᠷᠭᠠᠨ᠂ ᠳᠤᠮᠳᠠᠳᠤ ᠤᠯᠤᠰ ᠤᠨ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ ᠤᠨ ᠭᠤᠤᠯ ᠬᠠᠷᠢᠭᠤᠴᠠᠯᠭᠠᠲᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ︾᠂ ︽ᠲᠣᠮᠣ ᠪᠠᠭᠤᠷᠢ ᠶᠢ ᠬᠠᠮᠠᠭᠠᠯᠠᠨ ᠠᠰᠢᠭᠯᠠᠬᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠤᠰᠬᠠᠶ ᠲᠥᠯᠥᠪᠵᠢᠭᠦᠯᠭᠡ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠴᠢᠯᠠᠭᠤᠨ ᠠᠭᠤᠶ ᠶᠢᠨ ᠰᠦᠮ᠎ᠡ ᠶᠢ ᠬᠠᠮᠠᠭᠠᠯᠠᠨ ᠠᠰᠢᠭᠯᠠᠬᠤ ᠲᠤᠰᠬᠠᠶ ᠲᠥᠯᠥᠪᠵᠢᠭᠦᠯᠭᠡ︾᠂ 2021 ᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ ᠲᠦᠪᠰᠢᠨ ᠤ ᠠᠵᠢᠯ ᠵᠢᠴᠢ 2022 ᠣᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠰᠠᠨᠠᠯ ᠢᠶᠠᠨ ᠰᠤᠯᠢᠯᠴᠠᠪᠠ᠃       ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠣᠶᠣᠯ ᠪᠠ ᠵᠢᠭᠤᠯᠴᠢᠯᠠᠯ ᠤᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ᠂ ᠬᠢᠨᠠᠨ ᠪᠤᠳᠤᠬᠤ ᠵᠠᠬᠢᠷᠭ᠎ᠠ ᠶᠢᠨ ᠪᠦᠯᠬᠦᠮ ᠤᠨ ᠰᠣᠶᠣᠯ ᠤᠨ ᠬᠢᠨᠠᠨ ᠪᠤᠳᠤᠬᠤ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠡᠯ᠎ᠡ ᠵᠤᠷᠭᠠᠨ ᠲᠠᠰᠤᠭ᠂ ᠰᠢᠭᠤᠳ ᠬᠠᠷᠢᠶ᠎ᠠ ᠨᠢᠭᠡᠴᠢ᠂ ᠪᠡᠭᠡᠵᠢᠩ ᠬᠤᠲᠠ ᠶᠢᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠬᠠᠭᠠᠨ ᠤ ᠣᠷᠳᠣᠨ ᠤ ᠮᠦᠽᠧᠶ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠥᠩ ᠸᠠᠩ ᠤᠨ ᠣᠷᠳᠣᠨ ᠤ ᠮᠦᠽᠧᠶ᠂ ᠮᠧᠶ ᠯᠠᠨ ᠹᠠᠩ ᠤᠨ ᠳᠤᠷᠠᠰᠬᠠᠯ ᠤᠨ ᠣᠷᠳᠣᠨ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ ᠡᠷᠲᠡᠨ ᠤ ᠬᠥᠮᠦᠨ ᠲᠥᠷᠥᠯᠬᠢᠲᠡᠨ ᠢ ᠰᠤᠳᠤᠯᠬᠤ ᠭᠠᠵᠠᠷ ᠤᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ  ᠳᠤ ᠣᠷᠣᠯᠴᠠᠪᠠ᠃ ᠪᠦᠬᠦ ᠤᠯᠤᠰ ᠤᠨ ᠡᠯ᠎ᠡ ᠮᠤᠵᠢ ᠣᠷᠣᠨ ᠬᠤᠳᠠ᠂ ᠲᠤᠰᠠᠭᠠᠷ ᠲᠥᠯᠥᠪᠯᠡᠭᠡᠲᠦ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ  ᠃  
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号