2022 ᠣᠨ ᠤ ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2022/10/16
      ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ 2022 ᠣᠨ ᠤ ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ︽5G ᠪᠠ ᠪᠸᠢ ᠳ᠋ᠸᠦ ᠨᠡᠷᠡᠮᠵᠢᠲᠦ ᠳᠠᠭᠠᠭᠤᠯᠢ ᠣᠳᠣᠨ ᠤ ᠠᠶᠠᠯᠠᠯ ᠵᠠᠯᠠᠬᠤ ᠮᠡᠷᠭᠡᠵᠢᠯ ᠳᠤ ᠰᠠᠭᠤᠷᠢᠯᠠᠭᠰᠠᠨ ᠴᠡᠴᠡᠷᠯᠢᠭ ᠦᠵᠡᠮᠵᠢ ᠶᠢᠨ ᠣᠷᠣᠨ ᠤ ᠵᠢᠭᠤᠯᠴᠢᠯᠠᠯ ᠤᠨ ᠣᠩᠭᠤᠴᠠᠨ ᠤ ᠣᠶᠤᠨᠴᠢ ᠬᠠᠮᠢᠶᠠᠷᠤᠯᠲᠠ ᠶᠢᠨ ᠲᠠᠪᠴᠠᠩ︾ ᠵᠡᠷᠭᠡ 10 ᠬᠡᠷᠡᠭ ᠤᠨ ᠵᠢᠱᠢᠶ᠎ᠡ ᠨᠢ 2022 ᠣᠨ ᠤ ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠠᠷᠪᠠᠨ ᠰᠢᠯᠢᠳᠡᠭ ᠬᠡᠷᠡᠭ ᠤᠨ ᠵᠢᠱᠢᠶ᠎ᠡ ᠳᠤ ᠰᠤᠩᠭᠤᠭᠳᠠᠨ᠂ ︽ᠬᠤᠸᠠᠩᠱᠠᠨ ᠤ ᠦᠵᠡᠮᠵᠢ ᠶᠢᠨ ᠣᠷᠣᠨ ︿ᠲᠣᠭᠠᠵᠢᠭᠤᠯᠣᠯᠲᠠ ᠪᠠ ᠣᠶᠤᠨᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ﹀ ᠪᠠᠷ ᠲᠣᠮᠣ ᠳ᠋ᠠᠶᠢᠲ᠋ᠠ ᠶᠢᠨ ᠨᠠᠷᠢᠯᠢᠭᠵᠢᠭᠤᠯᠤᠭᠰᠠᠨ ᠡᠵᠡᠩᠨᠡᠯᠲᠡ ᠬᠢᠨᠠᠯᠲᠠ ᠬᠠᠮᠢᠶᠠᠷᠤᠯᠲᠠ ᠶᠢ ᠦᠢᠯᠡᠳᠦᠯᠭᠡᠵᠢᠭᠦᠯᠬᠦ ᠰᠢᠨ᠎ᠡ ᠬᠠᠶᠢᠨ ᠰᠦᠪᠡᠭᠴᠢᠯᠡᠯᠲᠡ︾ ᠵᠡᠷᠭᠡ 20 ᠬᠡᠷᠡᠭ ᠤᠨ ᠵᠢᠱᠢᠶ᠎ᠡ 2022 ᠣᠨ ᠤ ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠰᠢᠯᠢᠳᠡᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃      2022 ᠣᠨ ᠤ ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠡᠯᠰᠡᠬᠦ ᠠᠵᠢᠯ ᠡᠨᠡ ᠵᠢᠯ ᠤᠨ 2 ᠳ᠋ᠤᠭᠠᠷ ᠰᠠᠷ᠎ᠠ ᠳᠤ ᠡᠬᠢᠯᠡᠵᠦ᠂ 5G᠂ ᠬᠢᠮᠡᠯ ᠲᠠᠷᠢᠬᠢ᠂ ᠲᠣᠮᠣ ᠳ᠋ᠠᠶᠢᠲ᠋ᠠ᠂ ᠡᠭᠦᠯᠡᠨ ᠪᠣᠳᠤᠯᠭ᠎ᠠ ᠵᠡᠷᠭᠡ ᠳᠤ ᠰᠠᠭᠤᠷᠢᠯᠠᠭᠰᠠᠨ 138 ᠵᠦᠢᠯ ᠤᠨ ᠮᠡᠷᠭᠡᠵᠢᠯ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠰᠢᠨ᠎ᠡ ᠶᠢ ᠡᠭᠦᠳᠦᠨ ᠬᠡᠷᠡᠭᠯᠡᠭᠰᠡᠨ ᠬᠡᠷᠡᠭ ᠤᠨ ᠵᠢᠱᠢᠶ᠎ᠡ ᠪᠠᠷ ᠰᠢᠯᠭᠠᠷᠠᠭᠤᠯᠤᠯᠲᠠ ᠳᠤ ᠣᠷᠣᠯᠴᠠᠵᠠᠢ᠃ ᠡᠭᠦᠨ ᠤ ᠬᠠᠮᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠤᠯᠤᠰ ᠤᠨ ᠰᠣᠶᠣᠯ ᠤᠨ ᠲᠣᠭᠠᠵᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠦᠨ᠂ ᠰᠣᠩᠭᠤᠭᠳᠠᠭᠰᠠᠨ ᠬᠡᠷᠡᠭ ᠤᠨ ᠵᠢᠱᠢᠶᠡᠨ ᠤ ᠵᠡᠷᠭᠡ ᠳᠡᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠶᠢᠨ ᠲᠦᠯᠦᠭᠡ᠂ ᠡᠨᠡ ᠵᠢᠯ ᠤᠨ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯ ᠳᠤ ᠥᠭᠡᠷᠡᠴᠢᠯᠡᠯᠲᠡ ᠬᠢᠪᠡ᠄ ᠨᠢᠭᠡ ᠳᠤ᠂ ᠬᠡᠷᠡᠭ ᠤᠨ ᠵᠢᠱᠢᠶ᠎ᠡ ᠶᠢᠨ ᠨᠡᠷᠡᠶᠢᠳᠦᠯ ᠢ ︽ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ︾ ᠭᠡᠳᠡᠭ ᠠᠴᠠ ︽ᠰᠣᠶᠣᠯ ᠪᠠ ᠵᠢᠭᠤᠯᠴᠢᠯᠠᠯ ᠤᠨ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠬᠡᠷᠡᠭ ᠤᠨ ᠵᠢᠱᠢᠶ᠎ᠡ︾ ᠪᠣᠯᠭᠠᠨ ᠲᠣᠬᠢᠷᠠᠭᠤᠯᠵᠤ᠂ ᠲᠣᠭᠠᠵᠢᠭᠤᠯᠤᠯ ᠢᠶᠠᠷ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠳᠤ ᠦᠵᠡᠭᠦᠯᠦᠭᠰᠡᠨ ᠬᠥᠲᠥᠯᠥᠨ ᠳᠠᠭᠠᠭᠤᠯᠵᠤ ᠴᠢᠳᠠᠪᠤᠷᠢ ᠣᠯᠭᠤᠬᠤ ᠦᠢᠯᠡᠳᠦᠯ ᠢ ᠳᠣᠪᠤᠶᠢᠯᠭᠠᠨ᠎ᠠ ᠃ ᠬᠤᠶᠠᠷ ᠲᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠳᠤ ᠬᠢ ᠬᠡᠷᠡᠭ ᠤᠨ ᠵᠢᠱᠢᠶᠡᠨ ᠤ ᠵᠢᠱᠢᠶ᠎ᠡ ᠦᠵᠡᠭᠦᠯᠬᠦ᠂ ᠳᠠᠶᠢᠴᠢᠯᠠᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠰᠢᠯᠭᠠᠷᠠᠭᠤᠯᠤᠭᠰᠠᠨ ᠦᠷ᠎ᠡ ᠳ᠋ᠦᠩ ᠤᠨ ᠬᠤᠪᠢᠶᠠᠷᠢ ᠶᠢᠨ ᠬᠡᠮᠵᠢᠶ᠎ᠡ ᠶᠢ ᠢᠯᠡᠷᠡᠭᠦᠯᠬᠦ ᠶᠢᠨ ᠲᠥᠯᠥᠭᠡ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠳᠤ ᠰᠠᠭᠤᠷᠢᠯᠠᠨ᠂ ᠰᠣᠩᠭᠤᠭᠳᠠᠭᠰᠠᠨ ᠬᠡᠷᠡᠭ ᠤᠨ ᠵᠢᠱᠢᠶ᠎ᠡ ᠶᠢ ︽ᠠᠷᠪᠠᠨ ᠰᠠᠶᠢᠨ ᠬᠡᠷᠡᠭ ᠤᠨ ᠵᠢᠱᠢᠶ᠎ᠡ︾ ᠪᠠ  ︽ᠰᠢᠯᠢᠳᠡᠭ ᠬᠡᠷᠡᠭ ᠤᠨ ᠵᠢᠱᠢᠶ᠎ᠡ︾ ᠭᠡᠵᠦ ᠬᠤᠶᠠᠷ ᠲᠠᠰ ᠬᠤᠪᠢᠶᠠᠪᠠ᠃      ᠬᠡᠷᠡᠭ ᠤᠨ ᠵᠢᠱᠢᠶ᠎ᠡ ᠶᠢᠨ ᠨᠠᠷᠢᠨ ᠪᠠᠶᠢᠳᠠᠯ ᠢ ᠰᠣᠶᠣᠯ ᠵᠢᠭᠤᠯᠴᠢᠯᠠᠯ ᠤᠨ ᠳᠤᠮᠳᠠᠳᠤ ᠤᠯᠤᠰ᠂ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠵᠢᠭᠰᠠᠭᠠᠯ ᠵᠡᠷᠭᠡ ᠪᠠᠷ ᠳᠠᠮᠵᠢᠭᠤᠯᠤᠨ ᠵᠠᠯᠭᠠᠭ᠎ᠠ ᠪᠠᠷ ᠨᠡᠶᠢᠲᠡᠯᠡᠵᠦ ᠳᠡᠯᠭᠡᠨ ᠦᠵᠡᠭᠦᠯᠬᠦ ᠪᠣᠯᠣᠨ᠎ᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号