ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠳᠠᠪᠬᠤᠷᠳᠠᠭᠰᠠᠨ ᠬᠦᠮᠦᠨ ᠤ ᠲᠤᠭ᠎ᠠ ᠪᠠᠷ 4.22 ᠳ᠋ᠦᠩᠰᠢᠭᠤᠷ ᠤᠳᠠᠭ᠎ᠠ ᠪᠣᠯᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 2872.1 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2022/10/16
     ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠤᠨ ᠲᠥᠰᠥᠭᠡᠯᠡᠨ ᠪᠤᠳᠤᠭᠰᠠᠨ ᠢᠶᠠᠷ᠂ 2022 ᠣᠨ ᠤ ᠤᠯᠤᠰ ᠤᠨ ᠪᠠᠶᠠᠷ ᠤᠨ 7 ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠪᠥᠬᠦ ᠤᠯᠤᠰ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ  ᠳᠠᠪᠬᠤᠡᠳᠠᠭᠰᠠᠨ ᠬᠦᠮᠦᠨ ᠤ ᠲᠤᠭ᠎ᠠ ᠪᠠᠷ 4.22 ᠳ᠋ᠦᠩᠰᠢᠭᠤᠷ ᠤᠳᠠᠭ᠎ᠠ ᠪᠣᠯᠵᠤ᠂ ᠠᠳᠠᠯᠢ ᠬᠤᠭᠤᠴᠠᠭᠠᠨ ᠤ ᠬᠢ ᠠᠴᠠ 18.2% ᠢᠶᠠᠷ  ᠪᠠᠭᠠᠰᠤᠨ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠰᠡᠷᠭᠦᠯᠲᠡ ᠨᠢ 2019 ᠣᠨ ᠤ ᠠᠳᠠᠯᠢ ᠬᠤᠭᠤᠴᠠᠭᠠᠨ ᠳᠤ ᠬᠢ 60.7% ᠳᠤ ᠬᠦᠷᠪᠡ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠨᠢ 2872.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.2% ᠢᠶᠠᠷ ᠪᠠᠭᠠᠰᠤᠨ᠂ ᠰᠡᠷᠭᠦᠯᠲᠡ ᠨᠢ 2019 ᠣᠨ ᠤ ᠠᠳᠠᠯᠢ ᠬᠤᠭᠤᠴᠠᠭᠠᠨ ᠳᠤ ᠬᠢ 44.2%  ᠳᠤ ᠬᠦᠷᠴᠡᠢ᠃ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠶᠡᠷᠦᠩᠬᠡᠢ ᠳᠤ ᠪᠠᠨ ᠠᠮᠤᠷ ᠲᠦᠪᠰᠢᠨ ᠪᠥᠭᠡᠳ ᠲᠣᠭᠲᠠᠭᠤᠨ᠂ ᠡᠮᠬᠢ ᠵᠢᠷᠤᠮ ᠲᠠᠢ᠃ ᠣᠨᠴᠠᠯᠢᠭ ᠨᠢ᠄ ᠨᠢᠭᠡ ᠳᠤ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠰᠢᠯᠢᠳᠡᠭ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠡᠯᠪᠡᠭ ᠳᠡᠯᠪᠡᠭ᠂ ᠣᠯᠠᠨ ᠲᠦᠮᠡᠨ ᠤ ᠠᠮᠠᠷᠠᠯᠲᠠ ᠶᠢᠨ ᠬᠤᠭᠤᠴᠠᠭᠠᠨ ᠤ ᠬᠡᠷᠡᠭᠴᠡᠭᠡ ᠶᠢ ᠬᠠᠩᠭᠠᠪᠠ᠃ ᠬᠤᠶᠠᠷ ᠲᠤ᠂ ᠤᠯᠤᠰ ᠢᠶᠠᠨ ᠬᠠᠶᠢᠷᠠᠯᠠᠬᠤ ᠰᠡᠳᠭᠢᠯ ᠢ ᠬᠦᠭᠵᠢᠭᠡᠬᠦ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠨᠢ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠰᠡᠯᠡᠭᠦᠴᠡᠯ ᠤᠨ ᠦᠨᠳᠦᠰᠦᠨ ᠠᠭᠤᠯᠭ᠎ᠠ ᠪᠣᠯᠪᠠ᠃ ᠭᠤᠷᠪᠠ ᠳᠤ᠂ ᠰᠥᠨᠢ ᠶᠢᠨ ᠠᠵᠤ ᠠᠬᠤᠢ ᠨᠢ ᠲᠤᠬᠠᠢ ᠶᠢᠨ ᠭᠠᠵᠠᠷ ᠤᠨ ᠰᠡᠯᠡᠭᠦᠴᠡᠯ ᠪᠠ ᠣᠶᠢᠷ᠎ᠠ ᠵᠠᠢ ᠶᠢᠨ ᠵᠢᠭᠤᠯᠴᠢᠯᠠᠯ ᠳᠤ ᠦᠩᠭᠡ ᠪᠤᠳᠤᠭ ᠣᠷᠤᠭᠤᠯᠤᠨ ᠠᠭᠤᠷ ᠠᠮᠢᠰᠬᠤᠯ ᠢ ᠬᠦᠭᠵᠢᠭᠡᠪᠡ᠃ ᠳᠥᠷᠪᠡ ᠳᠤ᠂ ︽ᠡᠭᠦᠯᠡᠨ ᠦᠵᠡᠭᠦᠯᠭᠡ ᠶᠢᠨ ᠲᠣᠭᠯᠠᠯᠲᠠ︾᠂ ︽ᠡᠭᠦᠯᠡᠨ ᠵᠢᠭᠤᠯᠴᠢᠯᠠᠯ︾ ᠨᠢ ᠰᠣᠶᠣᠯ ᠪᠠ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠬᠡᠯᠪᠡᠷᠢ ᠶᠢ  ᠪᠠᠶᠠᠯᠢᠭᠵᠢᠭᠤᠯᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号