ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠤᠨ ᠠᠵᠢᠯᠯᠠᠭ᠎ᠠ ᠶᠢ ᠲᠦᠷ ᠵᠣᠭᠰᠤᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/10/17
    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠬᠡᠰᠡᠭ ᠭᠠᠵᠠᠷ ᠣᠷᠣᠨ ᠢ ᠬᠢᠵᠢᠭ ᠤᠨ ᠪᠠᠶᠢᠳᠠᠯ ᠤᠨ ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢ ᠶᠡᠬᠡᠲᠡᠢ ᠣᠷᠣᠨ ᠪᠣᠯᠭᠠᠨ ᠲᠣᠬᠢᠷᠠᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ ᠮᠤᠵᠢ ᠠᠯᠤᠰᠯᠠᠭᠰᠠᠨ ᠵᠢᠭᠤᠯᠴᠢᠯᠠᠯ ᠤᠨ ︿ᠬᠠᠶᠢᠯᠤᠭᠤᠯᠵᠤ ᠲᠠᠰᠤᠯᠬᠤ﹀ ᠲᠣᠭᠲᠠᠴᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠡᠳᠦᠷ ᠠᠴᠠ ᠡᠬᠢᠯᠡᠨ᠂ ᠵᠢᠭᠤᠯᠴᠢᠯᠠᠯ ᠤᠨ ᠬᠤᠷᠢᠶ᠎ᠠ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠢᠶᠠᠷ ᠣᠷᠣᠵᠤ ᠭᠠᠷᠬᠤ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃    ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢ ᠶᠡᠬᠡᠲᠡᠢ ᠣᠷᠣᠨ ᠪᠢᠰᠢ ᠪᠤᠯᠤᠭᠰᠠᠨ ᠤ ᠳᠠᠷᠠᠭ᠎ᠠ᠂ ᠵᠢᠭᠤᠯᠴᠢᠯᠠᠯ ᠤᠨ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠢᠶᠠᠷ ᠣᠷᠣᠵᠤ ᠭᠠᠷᠬᠤ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠵᠣᠴᠢᠳ ᠤᠨ ᠪᠠᠭᠤᠳᠠᠯ︾ ᠤᠨ ᠲᠤᠬᠠᠶᠢᠯᠠᠭᠰᠠᠨ ᠠᠵᠢᠯ ᠦᠪᠡᠰᠦᠪᠡᠨ ᠰᠡᠷᠭᠦᠨ᠎ᠡ᠃                      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                       ᠰᠣᠶᠣᠯ ᠪᠠ ᠵᠢᠭᠤᠯᠴᠢᠯᠠᠯ ᠤᠨ ᠲᠢᠩᠬᠢᠮ                                                                                    2022 ᠣᠨ ᠤ 10 ᠳ᠋ᠤᠭᠠᠷ ᠰᠠᠷ᠎ᠠ ᠶᠢᠨ 17 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号