︽ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠤᠬᠠᠢ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/10/21
   ᠤᠯᠠᠮᠵᠢᠯᠠᠯᠲᠤ ᠭᠠᠷ ᠤᠷᠠᠯᠠᠯ ᠨᠢ  ᠦᠷᠭᠡᠨ ᠤᠯᠠᠨ ᠠᠷᠠᠳ ᠲᠦᠮᠡᠨ ᠤ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠵᠤ᠂ ᠡᠮᠦᠰᠬᠦ᠂ ᠢᠳᠡᠬᠦ᠂ ᠰᠠᠭᠤᠬᠤ᠂ ᠶᠠᠪᠤᠬᠤ ᠵᠡᠷᠭᠡ ᠤᠯᠠᠨ ᠬᠦᠷᠢᠶ᠎ᠡ ᠬᠡᠪᠴᠢᠶ᠎ᠡ ᠲᠠᠢ ᠬᠤᠯᠪᠣᠭᠳᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠴᠢᠬᠤᠯᠠ ᠲᠦᠷᠦᠯ ᠵᠦᠢᠯ ᠪᠣᠯᠬᠤ ᠪᠥᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠬᠤ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠡᠯ᠎ᠡ ᠭᠠᠵᠠᠷ ᠲᠤ ᠰᠢᠨᠵᠢᠯᠡᠨ ᠪᠠᠶᠢᠴᠠᠭᠠᠬᠤ ᠪᠠ ᠴᠢᠬᠤᠯᠠ ᠶᠡᠭᠡ ᠲᠦᠷᠦ ᠶᠢᠨ ᠶᠠᠪᠤᠳᠠᠯ ᠤᠨ ᠠᠵᠢᠯᠯᠠᠭ᠎ᠠ ᠳᠤᠮᠳᠠ᠂ ᠤᠯᠠᠮᠵᠢᠯᠠᠯᠲᠤ ᠭᠠᠷ ᠤᠷᠠᠯᠠᠯ ᠤᠨ ᠲᠦᠷᠦᠯ ᠵᠦᠢᠯ ᠢ ᠤᠯᠠᠨ ᠤᠳᠠᠭ᠎ᠠ ᠪᠠᠶᠢᠴᠠᠭᠠᠨ ᠰᠤᠳᠤᠯᠤᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠦᠨᠳᠦᠰᠦᠲᠡᠨ ᠤ ᠰᠣᠶᠣᠯ᠂ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠣᠨ ᠤᠳᠤ ᠦᠶ᠎ᠡ ᠶᠢᠨ ᠠᠮᠢᠳᠤᠷᠠᠯ ᠤᠨ ᠬᠤᠯᠪᠤᠯᠲᠠ ᠶᠢᠨ ᠴᠡᠭ ᠢ ᠣᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠲᠡᠦᠬᠡᠨ ᠨᠦᠬᠦᠴᠡᠯ       ᠶᠡᠷᠦᠩᠬᠡᠢ ᠱᠦᠵᠢ ᠰᠢ ᠶᠢᠨ ᠫᠢᠩ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾  ᠳᠤ ᠬᠢ ︽ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠪᠠᠷ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠶᠢᠨ ᠲᠦᠯᠦᠭᠡ᠂ ᠰᠣᠶᠣᠯ ᠪᠠ ᠵᠢᠭᠤᠯᠴᠢᠯᠠᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ 9 ᠰᠠᠯᠠᠭ᠎ᠠ ᠮᠦᠴᠢᠷ  ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ᠂ ᠶᠠᠷᠢᠯᠴᠠᠨ ᠰᠤᠳᠤᠯᠬᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ ᠵᠡᠷᠭᠡ ᠶᠡᠭᠡ ᠬᠡᠮᠵᠢᠶᠡᠨ ᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠭᠠᠷ ᠤᠷᠠᠯᠠᠯ ᠤᠨ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠲᠥᠷᠥᠯ᠂ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠣᠯᠠᠨ ᠲᠠᠯ᠎ᠠ ᠶᠢᠨ ᠣᠶᠤᠨ ᠤᠬᠠᠭᠠᠨ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠰᠠᠭᠤᠷᠢᠨ ᠳᠡᠭᠡᠷ᠎ᠡ᠂ ︽ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠤᠬᠠᠢ ᠮᠡᠳᠡᠭᠳᠡᠯ︾ ᠢ ᠨᠠᠶᠢᠷᠠᠭᠤᠯᠤᠨ ᠵᠣᠬᠢᠶᠠᠵᠤ᠂ ᠣᠲᠣ 10 ᠰᠠᠯᠠᠭ᠎ᠠ ᠮᠥᠴᠢᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ      ︽ᠮᠡᠳᠡᠭᠳᠡᠯ︾ ᠳᠤ ᠭᠤᠣᠯᠳᠠᠭᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠶᠡᠭᠡ ᠬᠡᠰᠡᠭ ᠢ ᠪᠠᠭᠲᠠᠭᠠᠵᠤ᠂ ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠶᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠪᠡ᠃ ︽ᠮᠡᠳᠡᠭᠳᠡᠯ︾ ᠳᠤ᠂ ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠭᠤᠣᠯ ᠵᠠᠷᠴᠢᠮ ᠢ ᠳᠤᠷᠠᠳᠤᠨ ᠭᠠᠷᠭᠠᠪᠠ᠂ ᠲᠠᠷᠤᠢ ᠲᠦᠷᠪᠡ ᠶᠢ ᠪᠠᠷᠢᠮᠲᠠᠯᠠᠬᠤ᠄ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ ᠭᠠᠷ ᠤᠷᠠᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ︔ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠶᠢ ᠬᠥᠲᠥᠯᠥᠨ ᠳᠠᠭᠠᠭᠤᠯᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ᠎ᠠ︔ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠠ ᠣᠲᠣ ᠦᠶ᠎ᠡ ᠶᠢᠨ ᠠᠮᠢᠳᠤᠷᠠᠯ ᠤᠨ ᠬᠤᠯᠪᠣᠯᠲᠠ ᠶᠢᠨ ᠴᠡᠭ ᠢ ᠡᠷᠢᠨ ᠣᠯᠵᠤ᠂ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠬᠥᠭᠵᠢᠭᠦᠯᠬᠦ᠂ ᠣᠷᠳᠣ ᠬᠤᠭᠤᠴᠠᠭ᠎ᠠ ᠪᠠᠷ ᠬᠠᠮᠠᠭᠠᠯᠠᠬᠤ ᠪᠠ ᠥᠨᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ 2025 ᠣᠨ ᠪᠣᠯᠬᠤ ᠳᠤ᠂ ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠠᠮᠠᠭᠠᠯᠠᠨ ᠵᠠᠯᠭᠠᠮᠵᠢᠯᠠᠬᠤ ᠰᠢᠰᠲ᠋ᠧᠮ ᠢ ᠨᠠᠩ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠢ ᠪᠦᠲᠦᠮᠵᠢᠲᠡᠶ ᠬᠠᠮᠠᠭᠠᠯᠠᠵᠤ᠂ ᠤᠯᠠᠮᠵᠢᠯᠠᠨ ᠬᠥᠭᠵᠢᠭᠦᠯᠬᠦ ᠵᠠᠭᠪᠤᠷ ᠢ ᠠᠩᠬ᠎ᠠ ᠠᠯᠬᠤᠮ ᠪᠠᠶᠢᠭᠤᠯᠤᠨ᠂ ᠠᠵᠢᠯ ᠲᠥᠷᠥᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠤᠨ᠎ᠠ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠤᠨ ᠬᠠᠮᠠᠭᠠᠯᠠᠯᠲᠠ ᠶᠢ ᠴᠢᠩᠭᠠᠳᠬᠠᠬᠤ᠂ ᠥᠨᠳᠥᠷ ᠬᠡᠪ ᠴᠢᠨᠠᠷ ᠪᠦᠬᠦᠢ ᠤᠯᠠᠮᠵᠢᠯᠠᠨ ᠵᠠᠯᠭᠠᠮᠵᠢᠯᠠᠬᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ᠂ ᠤᠯᠠᠮᠵᠢᠯᠠᠯᠲᠤ ᠭᠠᠷ ᠤᠷᠠᠯᠠᠯ ᠤᠨ ᠬᠥᠭᠵᠢᠯᠲᠡ ᠮᠠᠨᠳᠤᠯᠲᠠ ᠶᠢ ᠠᠬᠢᠭᠤᠯᠬᠤ᠂ ᠤᠯᠠᠮᠵᠢᠯᠠᠯᠲᠤ ᠭᠠᠷ ᠤᠷᠠᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠬᠤ ᠵᠡᠷᠭᠡ 4 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠢᠳᠡᠪᠬᠢ ᠦᠢᠯᠡᠳᠦᠯ      ᠶᠡᠷᠦᠩᠬᠡᠢ ᠳᠤ ᠨᠢ ᠠᠪᠴᠤ ᠦᠵᠡᠪᠡᠯ᠂ ︽ᠮᠡᠳᠡᠭᠳᠡᠯ︾ ᠳᠤ ᠶᠡᠷᠦᠩᠬᠡᠢ ᠱᠦᠵᠢ ᠰᠢ ᠶᠢᠨ ᠫᠢᠩ ᠤᠨ ᠤᠯᠠᠮᠵᠢᠯᠠᠯᠲᠤ ᠭᠠᠷ ᠤᠷᠠᠯᠠᠯ ᠤᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠠᠰᠢᠭᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠤᠯᠠᠮᠵᠢᠯᠠᠯᠲᠤ ᠭᠠᠷ ᠤᠷᠠᠯᠠᠯ ᠢ ᠴᠢᠨᠠᠷ ᠰᠠᠶᠢᠲᠠᠢ ᠤᠯᠠᠮᠵᠢᠯᠠᠨ ᠬᠥᠭᠵᠢᠭᠦᠯᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠴᠢᠭᠯᠡᠯ ᠪᠠ ᠠᠷᠭ᠎ᠠ ᠵᠠᠮ ᠢ ᠲᠣᠳᠣᠷᠬᠠᠶᠢᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠭᠠᠷ ᠤᠷᠠᠯᠠᠯ ᠤᠨ ᠠᠵᠢᠯᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠲᠥᠷᠥᠯ᠂ ᠣᠷᠣᠨ ᠨᠤᠲᠤᠭ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠵᠡᠷᠭᠡ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠤᠨ ᠬᠠᠮᠠᠭᠠᠯᠠᠯᠲᠠ ᠪᠠ ᠤᠯᠠᠮᠵᠢᠯᠠᠯ ᠢ ᠴᠢᠩᠭᠠᠳᠬᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号